ᠼᠤᠤ ᡁᠢ ᠶᠦᠩ ᠮᠣᠬᠤᠷ ᠭᠤᠣᠯ ᠪᠠᠯᠭᠠᠰᠤᠨ ᠳᠤ ᠬᠦᠷᠴᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠣᠨ ᠬᠡᠷᠡᠭᠵᠢᠭᠦᠯᠬᠦ ᠪᠠᠷ ᠪᠠᠶᠢᠭ᠎ᠠ ᠲᠦᠷᠦᠯ ᠵᠦᠢᠯ ᠤᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/4/19
    4 ᠰᠠᠷ᠎ᠠ ᠶᠢᠨ 17᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠮᠣᠬᠤᠷ ᠭᠤᠣᠯ ᠪᠠᠯᠭᠠᠰᠤᠨ ᠳᠤ ᠬᠦᠷᠴᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠬᠡᠷᠡᠭᠵᠢᠭᠦᠯᠬᠦ ᠪᠠᠷ ᠪᠠᠶᠢᠭ᠎ᠠ ᠲᠥᠷᠥᠯ ᠵᠦᠢᠯ ᠤᠨ ᠪᠠᠶᠢᠳᠠᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢ ᡁᠢ ᠭᠠᠩ᠂ ᠮᠣᠬᠤᠷ ᠭᠤᠣᠯ ᠪᠠᠯᠭᠠᠰᠤᠨ ᠤ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠪᠠᠶᠢᠴᠠᠭᠠᠨ ᠰᠤᠳᠤᠯᠪᠠ᠃    ᠥᠪᠥᠷ ᠮᠣᠩᠭᠤᠯ ᠤᠨ ᠯᠢᠦᠢ ᠱᠦᠢ ᠴᠢᠩ ᠱᠠᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠂ ᠼᠤᠤ ᡁᠢ ᠶᠦᠩ ᠦᠢᠯᠡᠳᠪᠦᠷᠢ ᠶᠢᠨ ᠲᠠᠰᠤᠭ ᠲᠤ ᠭᠦᠨᠵᠡᠭᠡᠶᠢᠷᠡᠵᠦ ᠂ ᠵᠢᠯ ᠳᠤ 20 ᠲᠦᠮᠡᠨ ᠲᠣᠨ ᠠᠮᠢᠳᠤ ᠪᠣᠳᠠᠰ ᠮᠠᠯ ᠵᠢᠭᠦᠷᠲᠡᠨ ᠤ ᠲᠡᠵᠢᠭᠡᠯ ᠪᠣᠷᠳᠤᠭ᠎ᠠ ᠦᠢᠯᠡᠳᠪᠦᠷᠢᠯᠡᠬᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠢᠴᠢ ᠦᠢᠯᠡᠳᠪᠦᠷᠢᠯᠡᠯ ᠤᠨ ᠱᠤᠭᠤᠮ ᠤᠨ ᠠᠵᠢᠯᠯᠠᠭᠠᠨ ᠤ ᠪᠠᠶᠢᠳᠠᠯ ᠢ ᠠᠬᠤᠢ ᠲᠠᠯᠠᠪᠠᠢ ᠳᠤ ᠨᠢ ᠪᠠᠶᠢᠴᠠᠭᠠᠨ ᠦᠵᠡᠭᠰᠡᠨ ᠪᠥᠭᠡᠳ ᠰᠧᠯᠧᠨ ᠡᠯᠪᠡᠭ ᠲᠠᠬᠢᠶᠠᠨ ᠥᠨᠳᠡᠭᠡ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠪᠠ ᠃ ᠲᠡᠷᠡ ᠴᠢᠬᠤᠯᠠᠴᠢᠯᠠᠭᠰᠠᠨ ᠨᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠬᠠᠷᠢᠶ᠎ᠠ ᠭᠠᠵᠠᠷ ᠤᠨ ᠬᠢᠨ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠰᠢᠯᠢᠳᠡᠭᠵᠢᠭᠦᠯᠬᠦ ᠬᠠᠮᠲᠤᠷᠠᠯ ᠤᠨ ᠬᠦᠴᠦᠨ ᠢ ᠦᠷᠭᠦᠯᠵᠢᠯᠡᠨ ᠨᠢᠭᠲᠠᠷᠠᠭᠤᠯᠵᠤ ᠂ ᠠᠵᠤ ᠠᠬᠤᠶᠢᠯᠠᠯ ᠤᠨ ᠬᠡᠷᠡᠭᠴᠡᠭᠡ ᠂ ᠲᠦᠷᠦᠯ ᠵᠦᠢᠯ ᠤᠨ ᠬᠦᠰᠡᠯ ᠡᠷᠡᠮᠡᠯᠵᠡᠯ ᠤᠨ ᠲᠣᠭᠤᠷᠢᠨ ᠳᠤ ᠪᠦᠬᠦ ᠲᠠᠯ᠎ᠠ ᠶᠢᠨ ᠳᠡᠮᠵᠢᠯᠭᠡ ᠬᠠᠩᠭᠠᠵᠤ ᠂ ᠠᠵᠤ ᠠᠬᠤᠶᠢᠯᠠᠯ ᠢ ᠬᠠᠪᠰᠤᠷᠤᠨ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠵᠤ ᠰᠣᠯᠢᠯᠴᠠᠭᠤᠯᠬᠤ ᠲᠠᠪᠴᠠᠩ ᠢ ᠰᠠᠶᠢᠲᠤᠷ ᠪᠠᠶᠢᠭᠤᠯᠵᠤ ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠵᠤ ᠠᠬᠤᠶᠢᠯᠠᠯ ᠤᠨ ᠪᠡᠯᠡ ᠮᠥᠩᠭᠦ ᠵᠡᠷᠭᠡ ᠠᠰᠠᠭᠤᠳᠠᠯ ᠢ ᠰᠢᠢᠳᠪᠦᠷᠢᠯᠡᠵᠦ ᠥᠭᠬᠦ ᠬᠡᠷᠡᠭᠲᠡᠢ ᠭᠡᠵᠡᠢ᠃    ᠥᠪᠥᠷ ᠮᠣᠩᠭᠤᠯ ᠤᠨ ᠼᠤᠤ ᠶᠤᠸᠠᠨ ᠰᠢᠩ ᠹᠠ ᠢᠳᠡᠭᠡᠨ ᠤ ᠬᠢᠵᠠᠭᠠᠷᠲᠤ ᠺᠣᠮᠫᠠᠨᠢ ᠳᠤ ᠂ ᠼᠤᠤ ᡁᠢ ᠶᠦᠩ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠂ ᠲᠦᠷᠦᠯ ᠵᠦᠢᠯ ᠤᠨ ᠪᠠᠶᠢᠷᠢᠰᠢᠭᠤᠯᠤᠯᠲᠠ ᠂ ᠢᠵᠢ ᠪᠦᠷᠢᠳᠦᠭᠰᠡᠨ ᠲᠥᠬᠦᠭᠡᠷᠦᠮᠵᠢ ᠵᠡᠷᠭᠡ ᠪᠠᠷᠢᠯᠭ᠎ᠠ ᠶᠢᠨ ᠠᠵᠢᠯ ᠤᠨ ᠪᠡᠯᠡᠳᠬᠡᠯ ᠪᠠᠶᠢᠳᠠᠯ ᠢ ᠠᠬᠤᠢ ᠲᠠᠯᠠᠪᠠᠢ ᠳᠤ ᠎ ᠨᠢ ᠪᠠᠶᠢᠴᠠᠭᠠᠨ ᠦᠵᠡᠪᠡ ᠃ ᠲᠡᠷᠡ ᠴᠢᠬᠤᠯᠠᠴᠢᠯᠠᠭᠰᠠᠨ ᠨᠢ᠂ ᠠᠵᠤ ᠠᠬᠤᠶᠢᠯᠠᠯ ᠤᠨ ᠬᠢᠨ ᠬᠠᠪᠤᠷ ᠤᠨ ᠤᠯᠠᠷᠢᠯ ᠤᠨ ᠰᠢᠵᠢᠷ ᠠᠯᠳᠠᠨ ᠪᠠᠷᠢᠯᠭ᠎ᠠ ᠶᠢᠨ ᠬᠤᠭᠤᠴᠠᠭ᠎ᠠ ᠶᠢ ᠠᠳᠬᠤᠵᠤ ᠂ ᠭᠠᠷ ᠭᠦᠢᠴᠡᠳᠬᠡᠯ ᠢ ᠲᠦᠷᠭᠡᠨ ᠭᠦᠢᠴᠡᠳᠬᠡᠵᠦ ᠂ ᠲᠦᠷᠦᠯ ᠵᠦᠢᠯ ᠤᠨ ᠲᠤᠬᠠᠢ ᠶᠢᠨ ᠲᠠᠯᠠᠪᠠᠢ ᠶᠢᠨ ᠬᠠᠮᠢᠶᠠᠷᠤᠯᠲᠠ ᠡᠵᠡᠮᠳᠡᠯ ᠢ ᠰᠠᠶᠢᠲᠤᠷ ᠬᠢᠵᠦ ᠂ ᠪᠠᠷᠢᠯᠭ᠎ᠠ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢ ᠴᠢᠩᠭᠠᠳᠬᠠᠵᠤ ᠂ ᠪᠠᠷᠢᠯᠭ᠎ᠠ ᠶᠢᠨ ᠠᠵᠢᠯ ᠤᠨ ᠶᠠᠪᠤᠴᠠ ᠶᠢ ᠵᠢᠷᠤᠮᠵᠢᠭᠤᠯᠵᠤ ᠂ ᠠᠮᠤᠷ ᠲᠦᠪᠰᠢᠨ ᠤ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ ᠂ ᠲᠦᠷᠦᠯ ᠵᠦᠢᠯ ᠤᠨ ᠠᠮᠤᠷ ᠲᠦᠪᠰᠢᠨ ᠪᠣᠯᠣᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠡᠢ᠃    ᠥᠪᠥᠷ ᠮᠣᠩᠭᠤᠯ ᠤᠨ ᠳ᠋ᠧ ᠱᠧᠩ ᠯᠦᠩ ᠡᠨᠧᠷᠭᠢ ᠠᠷᠪᠢᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠂ ᠼᠤᠤ ᡁᠢ ᠶᠦᠩ ᠪᠠᠷᠢᠯᠭ᠎ᠠ ᠶᠢᠨ ᠳᠤᠯᠠᠭᠠᠨ ᠢ ᠬᠠᠳᠠᠭᠠᠯᠠᠬᠤ ᠮᠠᠲ᠋ᠧᠷᠢᠶᠠᠯ ᠤᠨ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠢᠴᠢ ᠪᠡᠯᠡ ᠣᠷᠣᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠳᠠᠪᠬᠤᠴᠠᠯ ᠦᠢᠯᠡᠳᠬᠦᠨ ᠢ ᠬᠠᠷᠢᠴᠠᠭᠤᠯᠤᠨ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠶᠢᠨ ᠳᠡᠰ ᠳᠡᠪᠰᠢᠭᠰᠡᠨ ᠪᠠᠶᠢᠳᠠᠯ ᠢ ᠣᠶᠢᠯᠠᠭᠠᠪᠠ ᠃ ᠲᠡᠷᠡ ᠠᠵᠤ ᠠᠬᠤᠶᠢᠯᠠᠯ ᠢ ᠵᠣᠷᠢᠭᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠠᠵᠤ ᠦᠢᠯᠡᠰ ᠤᠨ ᠬᠡᠯᠬᠢᠶ᠎ᠡ ᠪᠠᠨ ᠲᠡᠭᠦᠯᠳᠡᠷᠵᠢᠭᠦᠯᠦᠨ᠂ ᠵᠠᠬ᠎ᠠ ᠳᠡᠯᠭᠡᠭᠦᠷ ᠢᠶᠠᠨ ᠪᠠᠬᠢᠵᠢᠭᠦᠯᠦᠨ ᠥᠷᠭᠡᠳᠬᠡᠬᠦ ᠶᠢᠨ ᠵᠡᠷᠭᠡ ᠳᠤ ᠦᠢᠯᠡᠳᠬᠦᠨ ᠤ ᠳᠠᠪᠠᠭᠤᠯᠢᠭ ᠢᠶᠠᠨ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠲᠣᠰ ᠭᠠᠵᠠᠷ ᠣᠷᠣᠨ ᠤ ᠪᠠᠨ ᠡᠨᠧᠷᠭᠢ ᠠᠷᠪᠢᠯᠠᠵᠤ ᠣᠷᠴᠢᠨ ᠠᠬᠤᠢ ᠶᠢ ᠬᠠᠮᠠᠭᠠᠯᠠᠬᠤ ᠮᠠᠲ᠋ᠧᠷᠢᠶᠠᠯ ᠤᠨ ᠠᠯᠳᠠᠷᠰᠢᠯ ᠢ ᠤᠯᠠᠮ ᠨᠢᠭᠡ ᠠᠯᠬᠤᠮ ᠪᠠᠳᠠᠷᠠᠭᠤᠯᠬᠤ ᠬᠡᠷᠡᠭᠲᠡᠢ ᠭᠡᠵᠡᠢ᠃    ᠮᠣᠬᠤᠷ ᠭᠤᠣᠯ ᠪᠠᠯᠭᠠᠰᠤᠨ ᠤ ᠰᠧ ᠵᠢᠶᠠ ᠲᠣᠰᠬᠤᠨ ᠳᠤ ᠂ ᠼᠤᠤ ᡁᠢ ᠶᠦᠩ ︽ ︿ ᠮᠢᠩᠭᠠᠨ ᠲᠤᠰᠬᠤᠨ ᠢᠶᠠᠷ ᠵᠢᠱᠢᠶ᠎ᠡ ᠦᠵᠡᠭᠦᠯᠵᠥ᠂ ᠲᠦᠮᠡᠨ ᠲᠤᠰᠬᠤᠨ ᠢ ᠴᠡᠭᠴᠡᠯᠡᠨ ᠵᠠᠰᠠᠬᠤ ᠢᠨᠵᠧᠨᠧᠷᠢᠩ ﹀᠎ ᠤᠨ ᠲᠤᠷᠰᠢᠯᠭ᠎ᠠ ᠶᠢ ᠰᠠᠶᠢᠲᠤᠷ ᠠᠰᠢᠭᠯᠠᠵᠤ ᠡᠶ᠎ᠡ ᠨᠠᠶᠢᠷᠠᠮᠳᠠᠭᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ﹀ ᠵᠢᠱᠢᠶ᠎ᠡ ᠦᠵᠡᠭᠦᠯᠬᠦ ᠲᠣᠰᠬᠤᠨ ᠤ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ ᠃ ᠲᠡᠷᠡ ᠴᠢᠬᠤᠯᠠᠴᠢᠯᠠᠭᠰᠠᠨ ᠨᠢ᠂ ︽ ᠮᠢᠩᠭᠠᠨ ᠲᠤᠰᠬᠤᠨ ᠢᠶᠠᠷ ᠵᠢᠱᠢᠶ᠎ᠡ ᠦᠵᠡᠭᠦᠯᠵᠥ᠂ ᠲᠦᠮᠡᠨ ᠲᠤᠰᠬᠤᠨ ᠢ ᠴᠡᠭᠴᠡᠯᠡᠨ ᠵᠠᠰᠠᠬᠤ ᠢᠨᠵᠧᠨᠧᠷᠢᠩ ︾᠎ ᠤᠨ ᠦᠢᠯᠡᠳᠦᠯᠭᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠶᠢ ᠦᠷᠭᠦᠯᠵᠢᠯᠡᠨ ᠠᠬᠢᠭᠤᠯᠵᠤ ᠂ ᠠᠮᠢ ᠠᠬᠤᠢ ᠶᠢᠨ ᠰᠠᠭᠤᠷᠢ ᠥᠩᠭᠡ ᠶᠢ ᠲᠠᠰᠤᠷᠠᠯᠳᠡ ᠦᠭᠡᠢ ᠭᠡᠷᠡᠯᠳᠦᠬᠦᠯᠵᠦ ᠂ ᠠᠵᠤ ᠦᠢᠯᠡᠰ ᠤᠨ ᠣᠨᠴᠠᠯᠢᠭ ᠢ ᠰᠢᠯᠢᠳᠡᠭᠵᠢᠭᠦᠯᠵᠦ ᠂ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠵᠦ ᠂ ᠡᠶ᠎ᠡ ᠨᠠᠶᠢᠷᠠᠮᠳᠠᠭᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠠᠵᠢᠯ ᠢᠶᠠᠷ ᠠᠵᠠ ᠲᠣᠬᠢᠶᠠᠯ ᠪᠣᠯᠭᠠᠵᠤ ᠂ ᠣᠷᠣᠰᠢᠨ ᠰᠠᠭᠤᠵᠤ ᠠᠵᠢᠯᠯᠠᠵᠤ ᠠᠮᠢᠳᠤᠷᠠᠬᠤ ᠳᠤ ᠲᠣᠬᠢᠷᠠᠮᠵᠢᠲᠠᠢ ᠡᠶ᠎ᠡ ᠨᠠᠶᠢᠷᠠᠮᠳᠠᠭᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠰᠢᠨ᠎ᠡ ᠬᠠᠭᠤᠳᠠᠰᠤ ᠶᠢ ᠴᠢᠷᠮᠠᠶᠢᠨ ᠵᠢᠷᠤᠭᠯᠠᠵᠤ ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠂ ᠵᠣᠯ ᠵᠢᠷᠭᠠᠯᠲᠤ ᠲᠥᠷᠥᠭᠳᠡᠯ ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠡ ᠦᠭᠡᠢ ᠨᠡᠮᠡᠭᠳᠡᠭᠦᠯᠬᠦ ᠬᠡᠷᠡᠭᠲᠡᠢ ᠭᠡᠵᠡᠢ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1