ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠳᠣᠲᠣᠭᠠᠳᠤ ᠲᠣᠭᠤᠷᠢᠯ ᠤᠨ ᠡᠮᠦᠨ᠎ᠡ ᠵᠠᠮ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠥᠷᠲᠡᠭᠡᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠤᠬᠠᠢ ᠰᠠᠨᠠᠯ ᠬᠤᠷᠢᠶᠠᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2024/4/2
    ᠨᠢᠭᠡ᠂ ᠲᠥᠷᠥᠯ ᠵᠦᠢᠯ ᠤᠨ ᠨᠡᠷᠡᠶᠢᠳᠦᠯ᠄ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠳᠣᠲᠣᠭᠠᠳᠤ ᠲᠣᠭᠤᠷᠢᠯ ᠤᠨ ᠡᠮᠦᠨ᠎ᠡ ᠵᠠᠮ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠥᠷᠲᠡᠭᠡᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ    ᠬᠤᠶᠠᠷ᠂ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠵᠢᠴᠢ ᠬᠡᠪᠴᠢᠶ᠎ᠡ᠄ ᠭᠠᠯ ᠤᠨᠲᠠᠷᠠᠭᠠᠵᠤ ᠠᠪᠤᠷᠠᠨ ᠲᠤᠰᠠᠯᠠᠬᠤ ᠥᠷᠲᠡᠭᠡ ᠨᠢᠭᠡ ᠶᠢ ᠰᠢᠨ᠎ᠡ ᠪᠠᠷ ᠪᠠᠶᠢᠭᠤᠯᠤᠨ᠎ᠠ᠂ ᠲᠥᠯᠥᠪᠵᠢᠭᠦᠯᠭᠡ ᠨᠢ 9076.73 ᠲᠡᠭᠰᠢ ᠳᠥᠷᠪᠡᠯᠵᠢᠨ ᠮᠧᠲᠷ ᠲᠠᠯᠠᠪᠠᠢ ᠭᠠᠵᠠᠷ ᠡᠵᠡᠯᠡᠨ᠎ᠡ᠂ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ 3995.04 ᠲᠡᠭᠰᠢ ᠳᠥᠷᠪᠡᠯᠵᠢᠨ ᠮᠧᠲᠷ ᠪᠣᠯᠤᠨ᠎ᠠ᠃ ᠡᠭᠦᠨ ᠳᠤ ᠰᠢᠨ᠎ᠡ ᠪᠠᠷ ᠪᠠᠶᠢᠭᠤᠯᠬᠤ 1 ᠳ᠋ᠦ᠋ᠭᠡᠷ ᠨᠣᠮᠧᠷᠲᠤ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠭᠡᠷ ᠪᠠᠶᠢᠰᠢᠩ 2727.90 ᠲᠡᠭᠰᠢ ᠳᠥᠷᠪᠡᠯᠵᠢᠨ ᠮᠧᠲᠷ ᠪᠠᠶᠢᠵᠦ᠂ ᠭᠠᠵᠠᠷ ᠳᠡᠭᠡᠷ᠎ᠡ ᠳᠥᠷᠪᠡᠨ ᠳᠠᠪᠬᠤᠷᠯᠢᠭ︔ 2 ᠳ᠋ᠤᠭᠠᠷ ᠨᠣᠮᠧᠷᠲᠤ ᠲᠤᠬᠠᠶᠢᠯᠠᠭᠰᠠᠨ ᠠᠵᠢᠯ ᠤᠨ ᠮᠡᠷᠭᠡᠵᠢᠯ ᠤᠨ ᠭᠡᠷ ᠪᠠᠶᠢᠰᠢᠩ 1050.00 ᠲᠡᠭᠰᠢ ᠳᠥᠷᠪᠡᠯᠵᠢᠨ ᠮᠧᠲᠷ ᠪᠠᠶᠢᠵᠤ᠂ ᠭᠠᠵᠠᠷ ᠳᠡᠭᠡᠷ᠎ᠡ ᠨᠢᠭᠡ ᠳᠠᠪᠬᠤᠷᠯᠢᠭ ︔ 3 ᠳ᠋ᠤᠭᠠᠷ ᠨᠣᠮᠧᠷᠲᠤ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠭᠡᠷ ︵ᠪᠣᠯᠪᠠᠰᠤᠷᠠᠯ ᠤᠨ ᠰᠤᠪᠤᠷᠭ᠎ᠠ︶ 120 ᠲᠡᠭᠰᠢ ᠳᠥᠷᠪᠡᠯᠵᠢᠨ ᠮᠧᠲᠷ ᠪᠠᠶᠢᠵᠤ᠂ ᠭᠠᠵᠠᠷ ᠳᠡᠭᠡᠷ᠎ᠡ ᠵᠢᠷᠭᠤᠭᠠᠨ ᠳᠠᠪᠬᠤᠷᠯᠢᠭ︔ ᠭᠠᠯ ᠤᠨᠲᠠᠷᠠᠭᠠᠬᠤ ᠤᠰᠤᠨ ᠴᠥᠭᠦᠷᠥᠮ ᠤᠨ ᠭᠠᠵᠠᠷ ᠳᠡᠭᠡᠷᠡᠬᠢ ᠠᠰᠠᠷ ᠤᠨ ᠱᠠᠲᠤᠨ ᠤ ᠥᠷᠥᠭᠡ 17.64 ᠲᠡᠭᠰᠢ ᠳᠥᠷᠪᠡᠯᠵᠢᠨ ᠮᠧᠲᠷ᠂ ᠭᠠᠵᠠᠷ ᠳᠣᠣᠷᠠᠬᠢ ᠭᠠᠯ ᠤᠨᠲᠠᠷᠠᠭᠠᠬᠤ ᠤᠰᠤᠨ ᠴᠥᠭᠦᠷᠥᠮ ᠤᠨ ᠬᠥᠭᠡᠷᠭᠡ ᠶᠢᠨ ᠥᠷᠥᠭᠡ 79.50 ᠲᠡᠭᠰᠢ ᠳᠥᠷᠪᠡᠯᠵᠢᠨ ᠮᠧᠲᠷ᠃ ᠡᠭᠦᠨ ᠤ ᠬᠠᠮᠲᠤ ᠤᠰᠤ᠂ ᠳᠤᠯᠠᠭᠠᠯᠠᠭ᠎ᠠ᠂ ᠴᠠᠬᠢᠯᠭᠠᠨ ᠵᠡᠷᠭᠡ ᠭᠡᠷ ᠤᠨ ᠭᠠᠳᠠᠨᠠᠬᠢ ᠢᠵᠢ ᠪᠥᠷᠢᠳᠥᠭᠦᠯᠬᠦ ᠪᠡᠯᠡᠳᠬᠡᠮᠵᠢ ᠲᠥᠬᠦᠭᠡᠷᠦᠮᠵᠢ ᠃    ᠭᠤᠷᠪᠠ᠂ ᠪᠡᠯᠡ ᠮᠥᠩᠭᠦ ᠶᠢᠨ ᠢᠷᠡᠯᠲᠡ᠄ ᠲᠤᠰ ᠲᠥᠷᠥᠯ ᠵᠦᠢᠯ ᠤᠨ ᠪᠡᠯᠡ ᠮᠥᠩᠭᠦ ᠶᠢᠨ ᠢᠷᠡᠯᠲᠡ ᠨᠢ ᠴᠥᠮ ᠲᠤᠰ ᠱᠠᠲᠤᠨ ᠤ ᠣᠷᠣᠨ ᠨᠤᠲᠤᠭ ᠤᠨ ᠡᠳ᠋ ᠤᠨ ᠵᠠᠰᠠᠭ ᠤᠨ ᠪᠡᠯᠡ ᠮᠥᠩᠭᠦ ᠪᠣᠯᠤᠨ᠎ᠠ᠃    ᠳᠥᠷᠪᠡ᠂ ᠪᠥᠲᠥᠭᠡᠨ ᠪᠠᠶᠢᠭᠤᠯᠤᠯᠲᠠ ᠶᠢᠨ ᠶᠡᠷᠦᠩᠬᠡᠶ ᠠᠵᠢᠯ ᠤᠨ ᠬᠤᠭᠤᠴᠠᠭ᠎ᠠ᠄ 2024 ᠣᠨ - 2026 ᠣᠨ᠃    ᠲᠠᠪᠤ᠂ ᠪᠦᠲᠦᠭᠡᠨ ᠪᠠᠶᠢᠭᠤᠯᠤᠯᠲᠠ ᠶᠢᠨ ᠭᠠᠵᠠᠷ ᠄ ᠤᠯᠠᠭᠠᠨᠬᠠᠳᠠ ᠬᠤᠲᠠ ᠶᠢᠨ ᠶᠤᠸᠠᠨ ᠪᠣᠤ ᠱᠠᠨ ᠲᠣᠭᠤᠷᠢᠭ ᠤᠨ ᠫᠢᠩᠵᠤᠸᠠᠩ ᠪᠠᠯᠭᠠᠰᠤᠨ ᠤ ᠳᠣᠲᠣᠭᠠᠳᠤ ᠲᠣᠭᠤᠷᠢᠯ ᠤᠨ ᠡᠮᠦᠨ᠎ᠡ ᠵᠠᠮ ᠤᠨ ᠬᠤᠶᠢᠲᠤ ᠲᠠᠯ᠎ᠠ᠂ ᠲᠠᠢ ᠱᠠᠨ ᠵᠠᠮ ᠤᠨ ᠵᠡᠭᠦᠨ ᠲᠠᠯ᠎ᠠ᠃    ᠵᠢᠷᠭᠤᠭ᠎ᠠ᠂ ᠵᠠᠷᠯᠠᠨ ᠨᠡᠶᠢᠲᠡᠯᠡᠬᠦ ᠬᠤᠭᠤᠴᠠᠭ᠎ᠠ ᠵᠢᠴᠢ ᠬᠠᠷᠢᠯᠴᠠᠬᠤ ᠠᠷᠭ᠎ᠠ ᠬᠡᠯᠪᠡᠷᠢ᠄ ᠲᠣᠰ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠨᠢ ᠶᠤᠸᠠᠨ ᠪᠦᠦ ᠱᠠᠨ ᠲᠣᠭᠤᠷᠢᠭ ᠤᠨ ᠬᠤᠲᠠ ᠪᠠᠯᠭᠠᠰᠤᠨ ᠤ ᠬᠥᠭᠵᠢᠯᠲᠡ ᠶᠢᠨ ᠬᠡᠷᠡᠭᠴᠡᠭᠡ ᠳᠤ ᠨᠡᠶᠢᠴᠡᠨ᠎ᠡ᠃ ᠪᠠᠶᠢᠭᠤᠯᠤᠭᠳᠠᠭᠰᠠᠨ ᠤ ᠳᠠᠷᠠᠭ᠎ᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡᠨ ᠤ ᠠᠮᠢᠳᠤᠷᠠᠯ ᠪᠠ ᠪᠣᠯᠪᠠᠰᠤᠷᠠᠯ ᠤᠨ ᠨᠥᠬᠦᠴᠡᠯ ᠢ ᠰᠠᠶᠢᠵᠢᠷᠠᠭᠤᠯᠵᠤ᠂ ᠶᠤᠸᠠᠨ ᠪᠦᠦ ᠱᠠᠨ ᠲᠣᠭᠤᠷᠢᠭ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠬᠦᠴᠦᠨ ᠢ ᠴᠢᠩᠭᠠᠳᠬᠠᠵᠤ᠂ ᠬᠠᠷᠢᠶ᠎ᠠ ᠣᠷᠣᠨ ᠤ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ᠂ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠳᠤ ᠠᠰᠢᠭᠲᠠᠢ ᠶᠤᠮ᠃ ᠲᠣᠰ ᠡᠳᠦᠷ ᠠᠴᠠ ᠡᠬᠢᠯᠡᠨ ᠣᠯᠠᠨ ᠨᠡᠶᠢᠲᠡ ᠳᠤ ᠵᠠᠷᠯᠠᠨ ᠨᠡᠶᠢᠲᠡᠯᠡᠵᠦ᠂ ᠬᠠᠮᠢᠶ᠎ᠠ ᠪᠥᠬᠦᠶ ᠰᠠᠨᠠᠯ ᠢ ᠬᠤᠷᠢᠶᠠᠵᠤ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ 30 ᠡᠳᠦᠷ᠃    ᠬᠠᠷᠢᠯᠴᠠᠬᠤ ᠤᠲᠠᠰᠤ᠄ 0476-3550116                         ᠤᠯᠠᠭᠠᠨᠬᠠᠳᠠ ᠬᠤᠲᠠ ᠶᠢᠨ ᠶᠤᠸᠠᠨ ᠪᠤᠤ ᠱᠠᠨ ᠲᠣᠭᠤᠷᠢᠭ ᠤᠨ                     ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ                         2024 ᠣᠨ ᠤ 4 ᠰᠠᠷ᠎ᠠ ᠶᠢᠨ 2᠎ ᠤᠨ ᠡᠳᠦᠷ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1