ᠶᠤᠸᠠᠨ ᠪᠦᠦ ᠱᠠᠨ ᠲᠣᠭᠤᠷᠢᠭ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠪᠦᠬᠦ ᠭᠡᠰᠢᠭᠦᠳ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/23
   
1_副本.jpg
       4 ᠰᠠᠷ᠎ᠠ ᠶᠢᠨ 22᠎ ᠤᠨ ᠡᠳᠦᠷ᠂ ᠮᠠᠨ ᠤ ᠲᠣᠭᠤᠷᠢᠭ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠪᠥᠬᠦ ᠭᠡᠰᠢᠭᠦᠳ ᠤᠨ ᠬᠤᠷᠠᠯ ᠬᠤᠷᠠᠯᠳᠤᠭᠤᠯᠪᠠ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠂ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠡᠷᠬᠢᠯᠡᠭᠴᠢ ᠫᠧᠩ ᠰᠢᠶᠣᠣ ᠵᠢᠤᠸᠠᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ ᠂ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠪᠦᠷᠢᠯᠳᠦᠭᠦᠨ ᠨᠢᠭᠡᠴᠢ ᠶᠢᠨ ᠭᠡᠰᠢᠭᠦᠨ ᠂ ᠬᠤᠯᠪᠤᠭ᠎ᠠ ᠠᠪᠤᠭᠴᠢ᠂ ᠡᠯ᠎ᠡ ᠪᠠᠯᠭᠠᠰᠤ ᠰᠢᠶᠠᠩ ᠵᠡᠭᠡᠯᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠠᠵᠢᠯᠲᠠᠳ ᠬᠤᠷᠠᠯ ᠳᠤ ᠣᠷᠣᠯᠴᠠᠵᠠᠢ ᠃    ᠬᠤᠷᠠᠯ ᠳᠡᠭᠡᠷ᠎ᠡ ᠶᠡᠷᠦᠩᠬᠡᠢ ᠱᠦᠵᠢ ᠰᠢ ᠶᠢᠨ ᠫᠢᠩ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠣᠨ ᠤᠯᠤᠰ ᠂ ᠥᠪᠡᠷᠲᠡᠭᠡᠨ ᠵᠠᠰᠠᠬᠤ ᠣᠷᠣᠨ ᠂ ᠬᠤᠳᠠ ᠶᠢᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ ᠂ 2023 ᠣᠨ ᠤ ᠠᠵᠢᠯ ᠢ ᠳ᠋ᠦᠩᠨᠡᠵᠦ ᠂ 2024 ᠣᠨ ᠤ ᠡᠭᠦᠷᠭᠡ ᠶᠢ ᠪᠠᠶᠢᠷᠢᠯᠠᠭᠤᠯᠵᠠᠢ ᠃    ᠬᠤᠷᠠᠯ ᠠᠴᠠ ᠴᠢᠬᠤᠯᠠᠴᠢᠯᠠᠭᠰᠠᠨ ᠨᠢ᠂ ᠡᠮᠡᠭᠲᠡᠶᠢᠴᠦᠳ ᠬᠡᠦᠬᠡᠳ ᠤᠨ ᠠᠵᠢᠯ ᠤᠨ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ ᠡᠮᠡᠭᠲᠡᠶᠢᠴᠦᠳ ᠬᠡᠦᠬᠡᠳ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠬᠡᠷᠡᠭᠲᠡᠢ ᠃ ᠨᠠᠶᠢᠳᠠᠪᠤᠷᠢᠵᠢᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠡᠮᠡᠭᠲᠡᠶᠢᠴᠦᠳ ᠬᠡᠦᠬᠡᠳ ᠤᠨ ᠠᠵᠢᠯ ᠤᠨ ᠳᠤᠮᠳᠠᠬᠢ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠲᠡᠢ᠃ ᠨᠠᠩ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠠᠷ ︽ᠬᠤᠶᠠᠷ ᠬᠥᠲᠥᠯᠪᠦᠷᠢ ︾᠎ ᠶᠢᠨ ᠬᠠᠷᠠᠯᠲᠠᠲᠤ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ ᠂ ᠡᠮᠡᠭᠲᠡᠶᠢᠴᠦᠳ ᠬᠡᠦᠬᠡᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠵᠦ ᠥᠭᠬᠦ ᠬᠡᠷᠡᠭᠲᠡᠢ ᠭᠡᠵᠡᠢ᠃ᠬᠤᠷᠠᠯ ᠠᠴᠠ ᠪᠠᠰᠠ ︽ ᠬᠤᠶᠠᠷ ᠬᠥᠲᠥᠯᠪᠦᠷᠢ ︾ ᠎ ᠶᠢ ᠰᠢᠪᠠᠳᠠᠨ ᠪᠠᠶᠢᠴᠠᠭᠠᠭᠰᠠᠨ ᠪᠠᠶᠢᠳᠠᠯ ᠢ ᠮᠡᠳᠡᠭᠳᠡᠵᠦ ᠂ ᠬᠡᠰᠡᠭ ᠪᠦᠷᠢᠯᠳᠦᠭᠦᠨ ᠨᠢᠭᠡᠴᠢ ᠨᠡᠶᠢᠲᠡᠯᠢᠭ ᠴᠢᠨᠠᠷ ᠲᠠᠢ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠠᠢ ᠃
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1