ᠶᠤᠸᠠᠨ ᠪᠦᠦ ᠱᠠᠨ ᠲᠣᠭᠤᠷᠢᠭ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠡᠪᠴᠢᠶ᠎ᠡ ᠶᠢ ᠨᠠᠷᠢᠯᠢᠭ ᠣᠨᠤᠪᠴᠢᠲᠠᠢ ᠥᠷᠭᠡᠳᠬᠡᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/23
   
1_副本.jpg
       4 ᠰᠠᠷ᠎ᠠ ᠶᠢᠨ 19᠎ ᠤ ᠡᠳᠦᠷ᠂ ᠶᠤᠸᠠᠨ ᠪᠦᠦ ᠱᠠᠨ ᠲᠣᠭᠤᠷᠢᠭ  ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠡᠪᠴᠢᠶ᠎ᠡ ᠶᠢ ᠨᠠᠷᠢᠯᠢᠭ ᠣᠨᠤᠪᠴᠢᠲᠠᠢ ᠥᠷᠭᠡᠳᠬᠡᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠮᠢᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠨᠡᠶᠢᠭᠡᠮ ᠤᠨ ᠪᠠᠲᠤᠯᠠᠭ᠎ᠠ ᠶᠢᠨ ᠲᠥᠪ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ᠂ ᠲᠠᠷᠢᠶᠠᠯᠠᠩ ᠬᠤᠳᠠᠯᠳᠤᠭᠠᠨ ᠤ ᠪᠠᠩᠬᠢ ᠵᠡᠷᠭᠡ ᠰᠠᠯᠠᠭ᠎ᠠ ᠮᠥᠴᠢᠷ ᠨᠢᠭᠡᠴᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠡᠯ᠎ᠡ ᠪᠠᠯᠭᠠᠰᠤ ᠰᠢᠶᠠᠩ ᠵᠡᠭᠡᠯᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠨᠡᠶᠢᠭᠡᠮ ᠤᠨ ᠪᠠᠲᠤᠯᠠᠭ᠎ᠠ ᠶᠢᠨ ᠰᠠᠯᠪᠤᠷᠢ ᠶᠢᠨ ᠳᠠᠷᠤᠭ᠎ᠠ ᠬᠤᠷᠠᠯ ᠳᠤ ᠣᠷᠣᠯᠴᠠᠵᠠᠢ᠃    ᠬᠤᠷᠠᠯ ᠳᠡᠭᠡᠷ᠎ᠡ᠂ ᠲᠣᠭᠤᠷᠢᠭ ᠤᠨ ᠨᠡᠶᠢᠭᠡᠮ ᠤᠨ ᠪᠠᠲᠤᠯᠠᠭ᠎ᠠ ᠶᠢᠨ ᠲᠥᠪ ᠠᠴᠠ ᠡᠮᠦᠨᠡᠬᠢ ᠬᠤᠭᠤᠴᠠᠭᠠᠨ ᠤ ᠲᠣᠬᠢᠷᠠᠬᠤ ᠨᠠᠰᠤᠨ ᠤ ᠣᠷᠣᠯᠴᠠᠬᠤ ᠶᠣᠰᠣᠲᠠᠢ ᠪᠠᠶᠢᠲᠠᠯ᠎ᠠ ᠣᠷᠣᠯᠴᠠᠭᠰᠠᠨ ᠦᠭᠡᠢ ᠬᠥᠮᠥᠰ ᠤᠨ ᠡᠷᠦᠬᠡ ᠳᠤ ᠬᠦᠷᠴᠦ ᠪᠠᠶᠢᠴᠠᠭᠠᠯᠲᠠ ᠬᠢᠵᠦ ᠳᠠᠭᠤᠰᠬᠠᠭᠰᠠᠨ ᠪᠠᠶᠢᠳᠠᠯ ᠢ ᠵᠠᠷᠯᠠᠨ ᠮᠡᠳᠡᠭᠳᠡᠵᠦ᠂ ︽ᠶᠤᠸᠠᠨ ᠪᠦᠦ ᠱᠠᠨ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠡᠪᠴᠢᠶ᠎ᠡ ᠶᠢ ᠨᠠᠷᠢᠯᠢᠭ ᠣᠨᠤᠪᠴᠢᠲᠠᠢ ᠥᠷᠭᠡᠳᠬᠡᠬᠦ ᠠᠵᠢᠯ ᠤᠨ ᠲᠥᠰᠥᠯ︾᠎ ᠢ ᠨᠠᠷᠢᠨ ᠲᠠᠶᠢᠯᠪᠤᠷᠢᠯᠠᠵᠤ᠂ ᠣᠷᠣᠰᠢᠵᠤ ᠪᠠᠶᠢᠭ᠎ᠠ ᠠᠰᠠᠭᠤᠳᠠᠯ ᠳᠤ ᠠᠵᠢᠯ ᠤᠨ ᠰᠠᠨᠠᠭᠤᠯᠭ᠎ᠠ ᠳᠤᠷᠠᠳᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃   ᠎ ᠶᠢᠨ ᠮᠢᠩ ᠴᠢᠬᠤᠯᠠᠴᠢᠯᠠᠭᠰᠠᠨ ᠨᠢ᠂ ᠡᠯ᠎ᠡ ᠪᠠᠯᠭᠠᠰᠤ ᠰᠢᠶᠠᠩ ᠵᠡᠭᠡᠯᠢ ᠪᠣᠯᠣᠨ ᠡᠯ᠎ᠡ ᠬᠤᠯᠪᠣᠭᠳᠠᠯ ᠪᠦᠬᠦᠢ ᠨᠢᠭᠡᠴᠢ ᠶᠢᠨ ᠬᠢᠨ ᠲᠠᠨᠢᠯᠲᠠ ᠪᠠᠨ ᠳᠡᠭᠡᠭᠰᠢᠯᠡᠭᠦᠯᠵᠦ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠡᠪᠴᠢᠶ᠎ᠡ ᠶᠢ ᠨᠠᠷᠢᠯᠢᠭ ᠣᠨᠤᠪᠴᠢᠲᠠᠢ ᠥᠷᠭᠡᠳᠬᠡᠬᠦ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠢ᠃ ᠡᠷᠬᠡᠪᠰᠢ ᠨᠢᠭᠲᠠ ᠬᠠᠮᠵᠢᠯᠴᠠᠵᠤ᠂ ᠬᠦᠴᠦᠨ ᠢᠶᠠᠨ ᠲᠥᠪᠯᠡᠷᠡᠭᠦᠯᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠡᠪᠴᠢᠶ᠎ᠡ ᠶᠢ ᠨᠠᠷᠢᠯᠢᠭ ᠣᠨᠤᠪᠴᠢᠲᠠᠢ ᠥᠷᠭᠡᠳᠬᠡᠬᠦ ᠠᠵᠢᠯ ᠳᠤ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠢ᠃ ᠲᠣᠬᠢᠷᠠᠭᠤᠯᠬᠤ ᠪᠠ ᠬᠢᠨᠠᠨ ᠵᠢᠯᠤᠭᠤᠳᠬᠤ ᠪᠠᠨ ᠴᠢᠩᠭᠠᠳᠬᠠᠵᠤ᠂ 2024 ᠣᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠬᠦ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1