ᠶᠤᠸᠠᠨ ᠪᠦᠦ ᠱᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠲᠤᠷᠰᠢᠯᠲᠠ ᠶᠢᠨ ᠴᠢᠭ᠋ ᠤᠨ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠠᠵᠤ ᠦᠢᠯᠡᠰ ᠤᠨ ᠥᠭᠡᠷᠡᠴᠢᠯᠡᠯᠲᠡ ᠶᠢᠨ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2024/4/23
    ᠣᠶᠢᠷ᠎ᠠ ᠳᠤ᠂ ᠶᠤᠸᠠᠨ ᠪᠦᠦ ᠱᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠵᠢᠯᠯᠠᠬᠤ ᠳᠤᠭᠤᠶᠢᠯᠠᠩ ᠳᠠᠭᠠᠭᠤᠯᠤᠨ ᠥᠪᠥᠷ ᠮᠣᠩᠭᠤᠯ ᠤᠨ ᠢ ᠫᠢᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠤᠯᠠᠭᠠᠨᠬᠠᠳᠠ ᠶᠢᠨ ᠢ ᠯᠢ ᠰᠥ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠪᠥᠬᠦ ᠲᠣᠭᠤᠷᠢᠭ ᠤᠨ 9 ᠲᠤᠷᠰᠢᠯᠲᠠ ᠶᠢᠨ ᠠᠵᠤ ᠠᠬᠤᠶᠢᠯᠠᠯ ᠳᠤ ᠭᠦᠨᠵᠡᠭᠡᠶᠢᠷᠡᠨ ᠠᠵᠤ ᠦᠢᠯᠡᠰ ᠤᠨ ᠠᠵᠢᠯᠴᠢᠨ ᠤ ᠡᠩᠨᠡᠭᠡᠨ ᠤ ᠪᠠᠶᠢᠭᠤᠯᠤᠯᠲᠠ ᠥᠭᠡᠷᠡᠴᠢᠯᠡᠯᠲᠡ ᠤᠬᠠᠭᠤᠯᠭ᠎ᠠ ᠪᠠ ᠠᠵᠤ ᠦᠢᠯᠡᠰ ᠤᠨ ᠠᠵᠢᠯᠴᠢᠨ ᠤ ᠦᠵᠡᠯ ᠰᠠᠨᠠᠭ᠎ᠠ ᠤᠯᠤᠰ ᠲᠥᠷᠥ ᠶᠢᠨ ᠬᠥᠲᠥᠯᠥᠨ ᠳᠠᠭᠠᠭᠤᠯᠬᠤ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠦ ᠬᠢᠨᠠᠨ  ᠵᠢᠯᠣᠭᠤᠳᠴᠤ ᠂ ᠪᠥᠬᠦ ᠲᠣᠭᠤᠷᠢᠭ ᠤᠨ ᠠᠵᠤ ᠦᠢᠯᠡᠰ ᠤᠨ ᠠᠵᠢᠯᠴᠢᠨ ᠤ ᠡᠩᠨᠡᠭᠡᠨ ᠤ ᠪᠠᠶᠢᠭᠤᠯᠤᠯᠲᠠ ᠥᠭᠡᠷᠡᠴᠢᠯᠡᠯᠲᠡ ᠶᠢ ᠠᠬᠢᠭᠤᠯᠵᠤ ᠪᠠᠶᠢᠭ᠎ᠠ ᠪᠠᠶᠢᠳᠠᠯ ᠢ ᠤᠯᠠᠮ ᠨᠢᠭᠡ ᠠᠯᠬᠤᠮ ᠣᠶᠢᠯᠠᠭᠠᠵᠤ᠂ ᠠᠵᠤ ᠦᠢᠯᠡᠰ ᠤᠨ ᠥᠭᠡᠷᠡᠴᠢᠯᠡᠯᠲᠡ ᠶᠢᠨ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠨᠠᠷᠢᠯᠢᠭ ᠣᠨᠤᠪᠴᠢᠲᠠᠢ ᠲᠥᠯᠬᠢᠨ ᠠᠬᠢᠭᠤᠯᠪᠠ᠃
1_副本.jpg
       ᠠᠵᠢᠯᠯᠠᠬᠤ ᠳᠤᠭᠤᠶᠢᠯᠠᠩ ᠤᠨ ᠬᠢᠨ ᠲᠤᠬᠠᠢ ᠶᠢᠨ ᠭᠠᠵᠠᠷ ᠲᠤᠨᠢ ᠬᠦᠷᠴᠦ ᠰᠤᠷᠪᠤᠯᠵᠢᠯᠠᠬᠤ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯ᠎ᠡ ᠠᠵᠤ ᠠᠬᠤᠶᠢᠯᠠᠯ ᠤᠨ ᠠᠵᠤ ᠦᠢᠯᠡᠰ ᠤᠨ ᠥᠭᠡᠷᠡᠴᠢᠯᠡᠯᠲᠡ ᠶᠢᠨ ᠠᠵᠢᠯ ᠤᠨ ᠰᠡᠳᠬᠢᠮᠵᠢ᠂ ᠠᠵᠢᠯ ᠤᠨ ᠭᠤᠣᠯᠳᠠᠯᠭ᠎ᠠ᠂ ᠠᠵᠢᠯ ᠤᠨ ᠠᠷᠭ᠎ᠠ ᠬᠡᠮᠵᠢᠶ᠎ᠡ ᠵᠢᠴᠢ ᠠᠰᠠᠭᠤᠳᠠᠯ ᠤᠨ ᠬᠦᠴᠢᠷᠳᠡᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠳᠤ ︽ᠲᠤᠬᠠᠢ ᠶᠢᠨ ᠭᠠᠵᠠᠷ ᠲᠤᠨᠢ ᠠᠰᠠᠭᠤᠨ ᠣᠨᠣᠰᠢᠯᠠᠬᠤ︾ ᠠᠵᠢᠯᠯᠠᠭ᠎ᠠ ᠥᠷᠨᠢᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠤᠨ ᠰᠢᠨᠵᠢᠯᠡᠵᠦ᠂ ᠠᠵᠤ ᠦᠢᠯᠡᠰ ᠤᠨ ᠥᠭᠡᠷᠡᠴᠢᠯᠡᠯᠲᠡ ᠶᠢᠨ ᠠᠵᠢᠯ ᠤᠨ ᠠᠭᠤᠷ ᠠᠮᠢᠰᠬᠤᠯ ᠢ ᠪᠣᠶ ᠪᠣᠯᠭᠠᠬᠤ ᠪᠠ ᠠᠵᠢᠯᠲᠠᠨ ᠠᠵᠢᠯᠴᠢᠨ ᠤ ᠦᠵᠡᠯ ᠰᠠᠨᠠᠭ᠎ᠠ ᠤᠯᠤᠰ ᠲᠥᠷᠥ ᠶᠢᠨ ᠬᠥᠲᠥᠯᠥᠨ ᠳᠠᠭᠠᠭᠤᠯᠬᠤ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠪᠠ᠃    ᠵᠠᠯᠭᠠᠭᠠᠳ᠂ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠠᠵᠤ ᠦᠢᠯᠡᠰ ᠤᠨ ᠥᠭᠡᠷᠡᠴᠢᠯᠡᠯᠲᠡ ᠶᠢᠨ ᠠᠯᠬᠤᠴᠠ ᠪᠠᠨ ᠲᠦᠷᠭᠡᠳᠬᠡᠵᠦ᠂ ᠢᠳᠡᠪᠬᠢᠲᠡᠢ ᠪᠠᠷ ᠲᠣᠭᠲᠠᠴᠠ ᠪᠠᠶᠢᠭᠤᠯᠤᠯ ᠤᠨ ᠰᠢᠨ᠎ᠡ ᠶᠢ ᠡᠭᠦᠳᠴᠦ᠂ ᠠᠵᠤ ᠦᠢᠯᠡᠰ ᠤᠨ ᠠᠵᠢᠯᠴᠢᠨ ᠤ ᠬᠡᠪ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠠᠵᠤ ᠦᠢᠯᠡᠰ ᠤᠨ ᠥᠭᠡᠷᠡᠴᠢᠯᠡᠯᠲᠡ ᠶᠢᠨ ᠠᠵᠢᠯ ᠤᠨ ᠲᠠᠰᠤᠷᠠᠯᠲᠠ ᠦᠭᠡᠢ ᠭᠦᠨᠵᠡᠭᠡᠶᠢᠷᠡᠨ ᠰᠢᠪᠲᠤᠯᠬᠤ ᠶᠢ ᠲᠦᠯᠬᠢᠨ ᠠᠬᠢᠭᠤᠯᠤᠨ᠎ᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1