ᠬᠠᠤᠯᠢ ᠲᠣᠭᠲᠠᠭᠠᠯ ᠠᠴᠠ ᠵᠥᠷᠢᠴᠡᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠬᠡᠷᠡᠭᠯᠡᠬᠦ ᠡᠯ᠎ᠡ ᠵᠦᠢᠯ ᠤᠨ ᠥᠢᠯᠠ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠮᠠᠨ ᠤ ᠣᠷᠣᠨ ᠣᠯᠠᠨ ᠲᠦᠮᠡᠨ ᠤ ︽ᠠᠮᠢ ᠠᠪᠤᠷᠠᠬᠤ ᠮᠥᠩᠭᠦ︾᠎ ᠶᠢ ᠪᠥᠬᠦ ᠬᠦᠴᠦᠨ ᠢᠶᠠᠷ ᠢᠶᠠᠨ ᠰᠠᠶᠢᠲᠤᠷ ᠰᠠᠬᠢᠵᠤ ᠪᠤᠢ
ᠨᠡᠶᠢᠲᠡᠯᠡᠭᠰᠡᠨ ᠴᠠᠭ᠄
2024/4/24
    2024 ᠣᠨ ᠤ ᠥᠪᠥᠷ ᠮᠣᠩᠭᠤᠯ ᠤᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠥᠪᠯᠡᠷᠡᠭᠦᠯᠦᠨ ᠤᠬᠠᠭᠤᠯᠬᠤ ᠰᠠᠷ᠎ᠠ ᠶᠢᠨ ᠠᠵᠢᠯᠯᠠᠭ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠤᠨ ᠤᠬᠠᠭᠤᠯᠭ᠎ᠠ ᠶᠢᠨ ᠰᠠᠷ᠎ᠠ ᠨᠢ ︽ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠳᠤ ᠬᠠᠮᠲᠤ ᠪᠠᠷ ᠣᠷᠣᠯᠴᠠᠵᠤ ᠣᠯᠠᠨ ᠲᠦᠮᠡᠨ ᠤ ︿ᠠᠮᠢ ᠠᠪᠤᠷᠠᠬᠤ ᠮᠥᠩᠭᠦ﹀᠎ ᠶᠢ ᠰᠠᠶᠢᠲᠤᠷ ᠰᠠᠬᠢᠬᠤ︾᠎ ᠪᠠᠷ ᠰᠡᠳᠦᠪᠯᠡᠵᠦ᠂ ᠣᠯᠠᠨ ᠲᠦᠮᠡᠨ ᠲᠠᠢ ᠣᠶᠢᠷᠠᠳᠴᠤ᠂ ᠬᠠᠤᠯᠢ ᠴᠠᠭᠠᠵᠠ ᠶᠢ ᠲᠦᠭᠡᠮᠡᠯᠵᠢᠭᠦᠯᠦᠨ ᠰᠤᠷᠤᠯᠴᠠᠬᠤ ᠶᠢ ᠪᠠᠷᠢᠮᠲᠠᠯᠠᠨ᠂ ᠨᠠᠷᠢᠯᠢᠭ ᠣᠨᠣᠴᠠᠲᠠᠢ ᠬᠡᠷᠡᠭᠵᠢᠭᠦᠯᠵᠦ᠂ ᠲᠥᠷᠥᠯ ᠬᠤᠪᠢᠶᠠᠨ ᠲᠥᠷᠥ ᠶᠢᠨ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠲᠣᠬᠢᠷᠠᠬᠤ ᠰᠤᠷᠭᠠᠬᠤ ᠶᠢ ᠤᠶᠠᠯᠳᠤᠭᠤᠯᠵᠤ᠂ ᠵᠢᠷᠤᠮᠵᠢᠭᠤᠯᠤᠨ ᠬᠥᠲᠥᠯᠥᠨ ᠵᠢᠯᠤᠭᠤᠳᠬᠤ ᠶᠢ ᠪᠠᠷᠢᠮᠲᠠᠯᠠᠨ᠂ ᠤᠬᠠᠭᠤᠯᠭ᠎ᠠ ᠶᠢᠨ ᠠᠶᠢᠵᠠᠮ᠂ ᠬᠡᠮᠵᠢᠶ᠎ᠡ᠂ ᠬᠠᠷᠠᠭᠠᠰᠤ ᠪᠠᠨ ᠣᠨᠣᠪᠴᠢᠲᠠᠶ ᠡᠵᠡᠮᠳᠡᠵᠦ᠂ ᠠᠷᠠᠳ ᠣᠯᠠᠨ ᠤ ︽ᠠᠮᠢ ᠠᠪᠤᠷᠠᠬᠤ ᠮᠥᠩᠭᠦ︾᠎ ᠶᠢ ᠰᠠᠬᠢᠨ ᠬᠠᠮᠠᠭᠠᠯᠠᠭᠰᠠᠨ᠂ ᠡᠮᠴᠢᠯᠡᠭᠡᠨ ᠤ ᠣᠷᠴᠢᠨ ᠨᠥᠬᠦᠴᠡᠯ ᠢ ᠲᠠᠰᠤᠷᠠᠯᠲᠠ ᠦᠭᠡᠢ ᠰᠠᠶᠢᠵᠢᠷᠠᠭᠤᠯᠬᠤ ᠶᠢ ᠠᠬᠢᠭᠤᠯᠤᠭᠰᠠᠨ᠂ ᠨᠡᠶᠢᠭᠡᠮ ᠤᠨ ᠲᠥᠪ ᠭᠤᠥᠯᠴᠢ ᠰᠢᠳᠤᠷᠭᠤ ᠶᠣᠰᠣ ᠶᠢ ᠢᠯᠡᠷᠡᠭᠦᠯᠦᠭᠰᠡᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠮᠢᠳᠤᠯᠢᠭ ᠥᠯᠢᠭᠡᠷ ᠢ ᠰᠠᠶᠢᠲᠤᠷ ᠶᠠᠷᠢᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠪᠥᠬᠦ ᠠᠷᠠᠳ ᠢᠶᠠᠷ ᠢᠶᠠᠨ ᠬᠦᠳᠡᠯᠦᠯᠴᠡᠬᠦ᠂ ᠬᠥᠮᠥᠨ ᠪᠣᠯᠭᠠᠨ ᠮᠡᠳᠡᠬᠦ᠂ ᠥᠷᠭᠡᠨ ᠢᠶᠠᠷ ᠣᠷᠣᠯᠴᠠᠬᠤ ᠨᠡᠶᠢᠭᠡᠮ ᠤᠨ ᠠᠭᠤᠷ ᠠᠮᠢᠰᠬᠤᠯ ᠢ ᠦᠨᠡᠨ ᠬᠦ ᠪᠣᠶ ᠪᠣᠯᠭᠠᠨ᠎ᠠ     ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠬᠤᠤ ᠮᠧᠩ ᠢᠯᠡᠷᠬᠡᠶᠢᠯᠡᠬᠦ ᠳᠤ ᠪᠠᠨ᠂ ᠪᠥᠬᠦ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠤᠬᠠᠭᠤᠯᠭ᠎ᠠ ᠶᠢ ᠭᠠᠷᠲᠠᠨ ᠭᠦᠢᠴᠡᠳᠬᠡᠬᠦ ᠦᠢᠯᠡᠴᠢᠯᠡᠭᠡ᠂ ᠡᠳᠦᠷ ᠲᠤᠲᠤᠮ ᠤᠨ ᠬᠢᠨᠠᠯᠲᠠ ᠪᠠᠶᠢᠴᠠᠭᠠᠯᠲᠠ᠂ ᠲᠤᠰᠬᠠᠢ ᠴᠡᠭᠴᠡᠯᠡᠨ ᠵᠠᠰᠠᠯᠲᠠ᠂ ᠢᠯᠡᠴᠢᠯᠡᠨ ᠮᠡᠳᠡᠭᠦᠯᠦᠭᠰᠡᠳ ᠢ ᠱᠠᠩᠨᠠᠬᠤ ᠠᠵᠢᠯ ᠤᠨ ᠪᠥᠬᠦ ᠶᠠᠪᠤᠴᠠ ᠶᠢᠨ ᠡᠯ᠎ᠡ ᠲᠠᠯ᠎ᠠ ᠳᠤ ᠲᠤᠭᠤᠰᠢᠯᠠᠭᠤᠯᠵᠤ᠂ ᠤᠬᠠᠭᠤᠯᠭ᠎ᠠ ᠪᠠ ᠵᠠᠰᠠᠯᠲᠠ ᠶᠢ ᠵᠡᠷᠭᠡ ᠪᠠᠷ ᠶᠠᠪᠤᠭᠤᠯᠬᠤ᠂ ᠬᠥᠲᠥᠯᠥᠨ ᠵᠢᠯᠤᠭᠤᠳᠬᠤ ᠪᠠ ᠬᠠᠤᠯᠢ ᠬᠡᠷᠡᠭᠵᠢᠭᠦᠯᠬᠦ ᠶᠢ ᠵᠡᠷᠭᠡ ᠪᠠᠷ ᠴᠢᠬᠤᠯᠠᠴᠢᠯᠠᠬᠤ ᠶᠢ ᠪᠡᠶᠡᠯᠡᠭᠦᠯᠵᠦ᠂ ᠤᠬᠠᠭᠤᠯᠭ᠎ᠠ ᠪᠠ ᠬᠢᠨᠠᠯᠲᠠ ᠬᠠᠮᠢᠶᠠᠷᠤᠯᠲᠠ ᠶᠢ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠬᠤ ᠬᠡᠷᠡᠭᠲᠡᠢ᠃ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠨᠢ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯ ᠳᠤ ᠭᠦᠨᠵᠡᠭᠡᠢ ᠣᠷᠣᠯᠴᠠᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠴᠢᠨᠠᠷ ᠢᠶᠠᠨ ᠳᠡᠭᠡᠭᠰᠢᠯᠡᠭᠦᠯᠵᠦ ᠦᠷ᠎ᠡ ᠪᠦᠲᠦᠮᠵᠢ ᠪᠠᠨ ᠨᠡᠮᠡᠭᠳᠡᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠡᠢ᠃    ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠪᠠᠶᠢᠭᠤᠯᠤᠭᠳᠠᠭᠰᠠᠨ ᠠᠴᠠ ᠨᠠᠭᠠᠰᠢ᠂ ᠣᠯᠠᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ᠂ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠡᠷᠬᠡ ᠬᠠᠷᠢᠭᠤᠴᠠᠯᠭ᠎ᠠ ᠨᠢ ᠲᠣᠳᠣᠷᠬᠠᠢ᠂ ᠴᠢᠩᠭ᠎ᠠ ᠪᠥᠭᠡᠳ ᠬᠦᠴᠦᠨ ᠲᠠᠢ᠂ ᠠᠮᠤᠷ ᠲᠦᠪᠰᠢᠨ ᠪᠥᠭᠡᠳ ᠵᠢᠷᠤᠮᠵᠢᠯ ᠲᠠᠢ᠂ ᠬᠠᠤᠯᠢ ᠪᠠᠷ ᠵᠠᠰᠠᠭᠰᠠᠨ ᠥᠨᠳᠥᠷ ᠪᠦᠲᠦᠮᠵᠢᠲᠡᠶ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠡᠷᠡᠭᠯᠡᠯᠲᠡ ᠶᠢᠨ ᠪᠠᠶᠢᠩᠭᠤᠰᠢᠭᠰᠠᠨ ᠬᠢᠨᠠᠯᠲᠠ ᠬᠠᠮᠢᠶᠠᠷᠤᠯᠲᠠ ᠶᠢᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠣᠭᠲᠣ ᠠᠭᠤᠴᠢᠯᠠᠬᠤ ᠦᠭᠡᠢ ᠣᠪᠣᠷ ᠢᠶᠠᠷ ᠳᠠᠭᠠᠳᠬᠠᠯ ᠤᠨ ᠮᠥᠩᠭᠦ ᠶᠢ ᠮᠡᠬᠡᠯᠡᠨ ᠬᠢᠬᠠᠬᠤ ᠪᠠ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠰᠢᠯᠵᠢᠭᠦᠯᠦᠨ ᠬᠡᠷᠡᠭᠯᠡᠬᠦ ᠬᠠᠤᠯᠢ ᠠᠴᠠ ᠵᠥᠷᠢᠴᠡᠭᠰᠡᠨ ᠥᠢᠯᠠ ᠠᠵᠢᠯᠯᠠᠭ᠎ᠠ ᠨᠤᠭᠤᠳ ᠲᠤ ᠴᠢᠩᠭ᠎ᠠ ᠴᠣᠬᠢᠯᠲᠠ ᠥᠭᠴᠦ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠬᠢᠪᠠ᠃ 2023 ᠣᠨ ᠳᠤ ᠪᠥᠬᠦ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠤᠨ ᠬᠢᠨ ᠨᠡᠶᠢᠲᠡ 2.8 ᠲᠦᠮᠡᠨ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢ ᠪᠠᠶᠢᠴᠠᠭᠠᠵᠤ᠂ 1.8 ᠳ᠋ᠦᠩᠰᠢᠭᠤᠷ ᠲᠥᠭᠦᠷᠢᠭ ᠤᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠨᠡᠬᠡᠮᠵᠢᠯᠡᠨ ᠠᠪᠴᠢᠷᠠᠵᠤ᠂ 2243 ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠴᠢᠯᠡᠪᠡ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1