ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠎ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠶᠤᠸᠠᠨ ᠪᠦᠦ ᠱᠠᠨ ᠲᠣᠭᠤᠷᠢᠭ ᠲᠤ ᠢᠷᠡᠵᠦ ᠲᠥᠬᠦᠭᠡᠷᠦᠮᠵᠢᠲᠦ ᠲᠠᠷᠢᠶᠠᠯᠠᠩ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/4/24
    4 ᠰᠠᠷ᠎ᠠ ᠶᠢᠨ 23᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠤᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶᠎ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠪᠦᠯᠬᠦᠮ ᠳᠠᠭᠠᠭᠤᠯᠤᠨ ᠶᠤᠸᠠᠨ ᠪᠦᠦ ᠱᠠᠨ ᠲᠣᠭᠤᠷᠢᠭ ᠲᠤ ᠢᠷᠡᠵᠦ ᠲᠥᠬᠦᠭᠡᠷᠦᠮᠵᠢᠲᠦ ᠲᠠᠷᠢᠶᠠᠯᠠᠩ ᠤᠨ ᠠᠵᠢᠯ ᠢ ᠪᠠᠶᠢᠴᠠᠭᠠᠨ ᠰᠤᠳᠤᠯᠪᠠ ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠹᠦ᠋ ᠱᠧᠦ ᠯᠢ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠽᠥᠩ ᠮᠧᠩ ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠠᠩ ᠰᠢᠨ ᠢᠦᠢ ᠵᠢᠴᠢ ᠬᠤᠯᠪᠣᠭᠳᠠᠯ ᠪᠦᠬᠦᠢ ᠪᠠᠯᠭᠠᠰᠤ᠂ ᠰᠠᠯᠠᠭ᠎ᠠ ᠮᠥᠴᠢᠷ ᠵᠢᠴᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠪᠠᠶᠢᠴᠠᠭᠠᠨ ᠰᠣᠳᠤᠯᠪᠠ᠃
1_副本.jpg
       ᠭᠦᠸᠧ ᠵᠠᠨ ᠵᠢᠶᠠᠩ ᠨᠠᠷ ᠶᠤᠸᠠᠨ ᠪᠦᠦ ᠱᠠᠨ ᠤ ᠤᠯᠠᠨ ᠤᠯᠤᠰ ᠤᠨ ᠦᠷ᠎ᠡ ᠴᠢᠬᠢ ᠶᠢᠨ ᠵᠢᠵᠢᠭ ᠪᠠᠯᠭᠠᠰᠤᠨ ᠳᠤ ᠬᠦᠷᠴᠦ ᠂ ᠤᠷᠢᠳ ᠬᠤᠵᠢᠳ ᠾᠧ ᠿᠥᠨ ᠺᠣᠮᠫᠠᠨᠢ ᠶᠢᠨ ᠴᠢᠬᠢ ᠪᠣᠶᠢᠵᠢᠭᠤᠯᠬᠤ ᠦᠢᠯᠡᠳᠪᠦᠷᠢ ᠶᠢᠨ ᠲᠠᠰᠤᠭ ᠪᠣᠯᠣᠨ ᠾᠧ ᠿᠥᠨ ᠵᠢᠶᠠ ᠨᠢᠶᠠᠨ ᠬᠤᠸᠠ ᠶᠢᠨ ᠮᠠᠨᠳᠠᠷᠠᠸ᠎ᠠ ᠶᠢᠨ ᠪᠠᠶᠠᠷ ᠤᠨ ᠪᠡᠯᠡᠳᠬᠡᠯ ᠤᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠨ ᠪᠠᠶᠢᠴᠠᠭᠠᠨ ᠦᠵᠡᠵᠦ ᠂ ᠠᠵᠤ ᠠᠬᠤᠶᠢᠯᠠᠯ ᠤᠨ ᠴᠢᠬᠢ ᠪᠣᠶᠢᠵᠢᠭᠤᠯᠬᠤ ᠠᠵᠤ ᠦᠢᠯᠡᠰ ᠤᠨ ᠬᠥᠭᠵᠢᠯᠲᠡ ᠪᠣᠯᠣᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠵᠡᠷᠭᠡ ᠪᠠᠶᠢᠳᠠᠯ ᠢ ᠨᠠᠷᠢᠨ ᠬᠢᠨᠠᠮᠠᠭᠠᠢ ᠰᠣᠨᠣᠰᠴᠠᠢ ᠃    ᠭᠦᠸᠧ ᠵᠠᠨ ᠵᠢᠶᠠᠩ ᠴᠢᠬᠤᠯᠠᠴᠢᠯᠠᠭᠰᠠᠨ ᠎ ᠨᠢ ᠂ ᠡᠯ᠎ᠡ ᠭᠠᠵᠠᠷ ᠤᠨ ᠎ ᠬᠢᠨ ᠲᠥᠬᠦᠭᠡᠷᠦᠮᠵᠢᠲᠦ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ ᠂ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯᠯᠠᠵᠤ ᠂ ᠲᠥᠬᠦᠭᠡᠷᠦᠮᠵᠢᠲᠦ ᠲᠠᠷᠢᠶᠠᠯᠠᠩ ᠤᠨ ᠳᠦᠷᠦᠯ ᠵᠦᠢᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ ᠂ ᠲᠥᠬᠦᠭᠡᠷᠦᠮᠵᠢᠲᠦ ᠲᠠᠷᠢᠶᠠᠯᠠᠩ ᠤᠨ ᠬᠡᠪᠴᠢᠶᠡᠵᠢᠬᠦ ᠂ ᠠᠵᠤ ᠦᠢᠯᠡᠰᠵᠢᠬᠦ ᠂ ᠳᠦᠷᠦᠯ ᠲᠡᠮᠳᠡᠭᠵᠢᠬᠦ ᠶᠢ ᠠᠬᠢᠭᠤᠯᠬᠤ ᠬᠡᠷᠡᠭᠲᠡᠢ ᠃ ᠴᠢᠬᠢ ᠪᠣᠶᠢᠵᠢᠭᠤᠯᠬᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠦᠢᠯᠡᠳᠪᠦᠷᠢᠯᠡᠯ ᠪᠣᠶᠢᠵᠢᠭᠤᠯᠤᠯᠲᠠ ᠎ ᠶᠢᠨ ᠡᠯ᠎ᠡ ᠭᠤᠭᠴᠤᠭ᠎ᠠ ᠶᠢ ᠰᠠᠶᠢᠲᠤᠷ ᠡᠵᠡᠮᠳᠡᠵᠦ᠂ ᠳᠡᠭᠡᠳᠦ ᠪᠠᠷᠢᠮᠵᠢᠶ᠎ᠠ ᠪᠠᠷ ᠴᠢᠬᠢ ᠪᠣᠶᠢᠵᠢᠭᠤᠯᠬᠤ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ ᠂ ᠴᠢᠨᠠᠷ ᠰᠠᠶᠢᠲᠠᠢ ᠦᠷ᠎ᠡ ᠴᠢᠬᠢ ᠪᠠᠷ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠬᠡᠷᠡᠭᠲᠡᠢ ᠃ ᠠᠵᠤ ᠠᠬᠤᠶᠢᠯᠠᠯ ᠤᠳ ᠠᠵᠤ ᠦᠢᠯᠡᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ ᠂ ᠬᠥᠳᠡᠭᠡ ᠠᠵᠤ ᠠᠬᠤᠢ ᠰᠣᠶᠣᠯ ᠵᠤᠭᠠᠴᠠᠯ ᠤᠨ ᠦᠢᠯᠡᠰ ᠤᠨ ᠭᠦᠨᠵᠡᠭᠡᠢ ᠠᠭᠤᠰᠤᠯᠴᠠᠯ ᠢ ᠰᠠᠶᠢᠲᠤᠷ ᠬᠢᠵᠦ ᠂ ᠤᠳᠤ ᠦᠶ᠎ᠡ ᠶᠢᠨ ᠬᠥᠳᠡᠭᠡ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠵᠦ ᠂ ᠲᠥᠬᠦᠭᠡᠷᠦᠮᠵᠢᠲᠦ ᠬᠥᠳᠡᠭᠡ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠬᠤ ᠬᠡᠷᠡᠭᠲᠡᠢ ᠭᠡᠵᠡᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1