2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠬᠤ ᠦᠢᠯᠡᠰ ᠪᠣᠰᠬᠠᠬᠤ ᠶᠢ ᠠᠬᠢᠭᠤᠯᠬᠤ ᠬᠤᠷᠠᠯ ᠵᠢᠴᠢ ᠲᠣᠮᠣ ᠳᠤᠮᠳᠠ ᠬᠤᠲᠠ ᠶᠢᠨ ᠠᠵᠢᠯᠲᠠᠨ ᠡᠯᠰᠡᠬᠦ ᠬᠠᠮᠲᠤᠷᠠᠭᠰᠠᠨ ᠠᠵᠢᠯᠯᠠᠭ᠎ᠠ ᠤᠯᠠᠭᠠᠨᠬᠠᠳᠠ ᠳᠤ ᠶᠠᠪᠤᠭᠳᠠᠪᠠ ᠴᠢ᠊ ᠪᠠᠲᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2024/4/26
    4 ᠳ᠋ᠦ᠋ᠭᠡᠷ ᠰᠠᠷ᠎ᠠ ᠶᠢᠨ 21᠎ ᠤ ᠡᠳᠦᠷ᠂ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠬᠤ ᠦᠢᠯᠡᠰ ᠪᠣᠰᠬᠠᠬᠤ ᠶᠢ ᠠᠬᠢᠭᠤᠯᠬᠤ ᠬᠤᠷᠠᠯ ᠵᠢᠴᠢ ᠲᠣᠮᠣ ᠳᠤᠮᠳᠠ ᠬᠤᠲᠠ ᠶᠢᠨ ᠠᠵᠢᠯᠲᠠᠨ ᠡᠯᠰᠡᠬᠦ ᠬᠠᠮᠲᠤᠷᠠᠭᠰᠠᠨ ᠠᠵᠢᠯᠯᠠᠭ᠎ᠠ ᠤᠯᠠᠭᠠᠨᠬᠠᠳᠠ ᠳᠤ ᠶᠠᠪᠤᠭᠳᠠᠪᠠ᠃    ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠲᠡᠷᠡ ᠵᠢᠭᠠᠵᠤ ᠭᠠᠷᠭᠠᠭᠰᠠᠨ ᠨᠢ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠳ ᠪᠠ ᠬᠥᠮᠥᠨ ᠤ ᠬᠦᠴᠦᠨ ᠤ ᠡᠬᠢ ᠪᠠᠶᠠᠯᠢᠭ ᠤᠨ ᠪᠠᠶᠢᠭᠤᠯᠤᠮᠵᠢ ᠠᠵᠢᠯᠲᠠᠨ ᠬᠡᠷᠡᠭᠯᠡᠬᠦ ᠠᠵᠤ ᠠᠬᠤᠶᠢᠯᠠᠯ ᠪᠣᠯᠣᠨ ᠠᠵᠢᠯ ᠡᠷᠢᠭᠰᠡᠳ ᠲᠤ ᠰᠠᠶᠢᠨ ᠬᠤᠯᠪᠣᠭᠠᠰᠤ ᠬᠥᠭᠦᠷᠭᠡ ᠲᠠᠯᠪᠢᠵᠤ᠂ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ︔ ᠠᠵᠢᠯᠲᠠᠨ ᠬᠡᠷᠡᠭᠯᠡᠬᠦ ᠠᠵᠤ ᠠᠬᠤᠶᠢᠯᠠᠯ ᠢᠲᠡᠭᠡᠮᠵᠢ ᠶᠢ ᠴᠢᠬᠤᠯᠠᠴᠢᠯᠠᠵᠤ᠂ ᠠᠵᠢᠯᠲᠠᠨ ᠬᠡᠷᠡᠭᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠠᠵᠢᠯᠲᠠᠨ ᠢ ᠡᠯᠰᠡᠵᠦ ᠳᠡᠶᠢᠯᠬᠦ᠂ ᠦᠯᠡᠳᠡᠭᠡᠵᠦ ᠳᠡᠶᠢᠯᠬᠦ᠂ ᠰᠠᠶᠢᠲᠤᠷ ᠬᠡᠷᠡᠭᠯᠡᠬᠦ ᠶᠢ ᠪᠠᠲᠤᠯᠠᠬᠤ ᠬᠡᠷᠡᠭᠲᠡᠢ︔ ᠠᠵᠢᠯ ᠡᠷᠢᠭᠰᠡᠳ ᠠᠵᠢᠯ ᠣᠯᠬᠤ ᠲᠤᠬᠠᠢ ᠵᠥᠪ ᠦᠵᠡᠯᠲᠡ ᠶᠢ ᠪᠤᠢ ᠪᠣᠯᠭᠠᠵᠤ᠂ ᠲᠣᠬᠢᠷᠠᠮᠵᠢᠲᠠᠢ ᠠᠵᠢᠯ ᠤᠨ ᠪᠠᠶᠢᠷᠢ ᠶᠢ ᠡᠷᠲᠡᠬᠡᠨ ᠡᠷᠢᠵᠦ ᠣᠯᠬᠤ ᠬᠡᠷᠡᠭᠲᠡᠢ ᠭᠡᠵᠡᠢ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠪᠡᠭᠡᠵᠢᠩ ᠲᠢᠶᠠᠨᠵᠢᠨ ᠾᠧᠪᠧᠢ᠂ ᠵᠡᠭᠦᠨ ᠬᠤᠶᠢᠲᠤ ᠶᠢᠨ ᠭᠤᠷᠪᠠᠨ ᠮᠤᠵᠢ᠂ ᠬᠠᠳᠤᠨ ᠭᠤᠣᠯ ᠳᠠᠭᠠᠤ ᠮᠤᠵᠢ ᠣᠷᠣᠨ ᠵᠡᠷᠭᠡ 15 ᠮᠤᠵᠢ ︵ᠣᠷᠣᠨ᠂ ᠬᠤᠳᠠ︶᠎ ᠶᠢᠨ 1000 ᠭᠠᠷᠤᠢ ᠠᠵᠤ ᠠᠬᠤᠶᠢᠯᠠᠯ 5 ᠲᠦᠮᠡ ᠰᠢᠬᠠᠮ ᠠᠵᠢᠯ ᠤᠨ ᠪᠠᠶᠢᠷᠢ ᠬᠠᠩᠭᠠᠵᠠᠢ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1