ᠮᠠᠨ ᠤ ᠣᠷᠣᠨ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾᠎ ᠤᠨ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/4/26
    ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠣᠶᠢᠯᠠᠭᠠᠭᠰᠠᠨ ᠢᠶᠠᠷ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠬᠠᠤᠯᠢ ᠴᠠᠭᠠᠵᠠ ᠶᠢᠨ ᠲᠢᠩᠬᠢᠮ ᠬᠠᠮᠲᠤᠷᠠᠨ ︽2024 ᠣᠨ ᠤ ᠪᠥᠬᠦ ᠣᠷᠣᠨ ᠤ ︿ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ﹀ ︿ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ﹀᠎ ᠤᠨ ᠠᠵᠢᠯ ᠤᠨ ᠲᠥᠰᠥᠯ︾ ︵ᠳᠣᠷᠣᠭᠰᠢ ︿ᠠᠵᠢᠯ ᠤᠨ ᠲᠥᠰᠥᠯ﹀ ᠭᠡᠵᠦ ᠲᠣᠪᠴᠢᠯᠠᠪᠠ︶᠎ ᠢ ᠳᠠᠷᠤᠮᠠᠯᠯᠠᠨ ᠲᠠᠷᠬᠠᠭᠠᠵᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ︽ᠠᠵᠢᠯ ᠤᠨ ᠲᠥᠰᠥᠯ︾᠎ ᠳᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢ ᠶᠡᠭᠡ ᠪᠠᠷ ᠴᠢᠩᠭᠠᠳᠬᠠᠨ᠂ ︽ᠭᠤᠷᠪᠠᠨ ᠰᠠᠯᠵᠤ ᠴᠢᠳᠠᠬᠤ ᠦᠭᠡᠢ︾ ︽ᠲᠦᠷᠪᠡᠨ ᠬᠠᠮᠲᠤ ᠪᠠᠷ︾ ︽ᠳᠦᠷᠪᠡ ᠶᠢ ᠬᠠᠮᠲᠤᠳᠬᠠᠬᠤ︾ ︽ᠲᠠᠪᠤᠨ ᠬᠠᠮᠲᠤ ᠶᠢᠨ ᠲᠠᠨᠢᠯᠲᠠ︾ ︽ᠲᠠᠪᠤᠨ ᠦᠵᠡᠯᠲᠡ︾ ᠪᠣᠯᠣᠨ ︽ᠲᠤᠯᠤᠭᠠᠨ ᠲᠠᠯ᠎ᠠ ᠪᠠᠷ ᠵᠢᠱᠢᠶᠡᠴᠢ ᠪᠣᠯᠬᠤ︾ ᠵᠡᠷᠭᠡ ᠣᠶᠢᠯᠠᠭᠠᠭᠳᠠᠬᠤᠨ ᠪᠠ ᠱᠠᠭᠠᠷᠳᠠᠯᠭ᠎ᠠ ᠶᠢ ᠭᠦᠨᠵᠡᠭᠡᠢ ᠤᠬᠠᠭᠤᠯᠤᠨ ᠲᠠᠶᠢᠯᠪᠤᠷᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠯᠢᠭᠡᠷ ᠢ ᠰᠠᠶᠢᠲᠤᠷ ᠶᠠᠷᠢᠨ᠎ᠠ ᠭᠡᠵᠦ ᠳᠤᠷᠠᠳᠪᠠ᠃    ︽ᠠᠵᠢᠯ ᠤᠨ ᠲᠥᠰᠥᠯ︾᠎ ᠳᠤ᠂ 2024 ᠣᠨ ᠤ ᠪᠥᠬᠦ ᠣᠷᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠎ ᠶᠢᠨ ᠴᠠᠭ ᠨᠢ 5 ᠳ᠋ᠤᠭᠠᠷ ᠰᠠᠷ᠎ᠠ ᠶᠢᠨ 1᠎ ᠤ ᠡᠳᠦᠷ ᠠᠴᠠ 5 ᠳ᠋ᠤᠭᠠᠷ ᠰᠠᠷ᠎ᠠ ᠶᠢᠨ 31᠎ ᠤ ᠡᠳᠦᠷ ᠪᠣᠯᠲᠠᠯ᠎ᠠ᠂ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾᠎ ᠤᠨ ᠴᠠᠭ ᠨᠢ 5 ᠳ᠋ᠤᠭᠠᠷ ᠰᠠᠷ᠎ᠠ ᠶᠢᠨ 25᠎ ᠤ ᠡᠳᠦᠷ ᠠᠴᠠ 5 ᠳ᠋ᠤᠭᠠᠷ ᠰᠠᠷ᠎ᠠ ᠶᠢᠨ 31᠎ ᠤ ᠡᠳᠦᠷ ᠪᠣᠯᠲᠠᠯ᠎ᠠ ᠪᠠᠶᠢᠵᠤ᠂ ᠠᠵᠢᠯ ᠤᠨ ᠰᠡᠳᠦᠪ ᠨᠢ ︽ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠢᠱᠢᠶ᠎ᠡ ᠦᠵᠡᠭᠦᠯᠬᠦ ᠣᠷᠣᠨ ᠢ ᠪᠥᠬᠦ ᠲᠠᠯ᠎ᠠ ᠪᠠᠷ ᠪᠠᠶᠢᠭᠤᠯᠤᠨ᠎ᠠ︾᠂ ᠲᠤᠰᠬᠠᠢ ᠬᠦᠷᠢᠶᠡᠨ ᠤ ᠭᠤᠣᠯᠳᠠᠯᠭ᠎ᠠ ᠲᠠᠢ ᠠᠵᠢᠯ ᠪᠠ ᠭᠤᠣᠯ ᠲᠠᠯᠠᠪᠤᠷ ᠤᠨ ᠭᠤᠣᠯᠳᠠᠯᠭ᠎ᠠ ᠲᠠᠢ ᠠᠵᠢᠯ ᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠬᠤᠯᠪᠤᠭᠠᠯᠠᠨ ᠥᠷᠨᠢᠭᠦᠯᠦᠨ᠎ᠡ ᠭᠡᠵᠦ ᠲᠣᠳᠣᠷᠬᠠᠶᠢᠯᠠᠵᠠᠢ᠃    ︽ᠠᠵᠢᠯ ᠤᠨ ᠲᠥᠰᠥᠯ︾᠎ ᠳᠤ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ ᠨᠦᠭᠦᠳ ᠡᠯ᠎ᠡ ᠵᠦᠢᠯ ᠤᠨ ᠠᠵᠢᠯ ᠤᠨ ᠡᠭᠦᠷᠭᠡ ᠪᠠᠨ ᠨᠠᠷᠢᠯᠢᠭᠵᠢᠭᠤᠯᠤᠨ ᠬᠤᠪᠢᠶᠠᠷᠢᠯᠠᠵᠤ᠂ ᠱᠠᠭᠠᠷᠳᠠᠯᠭ᠎ᠠ ᠲᠠᠢ᠂ ᠠᠴᠢᠶᠠᠯᠠᠪᠤᠷᠢ ᠲᠠᠢ᠂ ᠭᠠᠷᠳᠠᠴᠠ ᠲᠠᠢ᠂ ᠳ᠋ᠦᠩᠨᠡᠯᠲᠡ ᠲᠠᠢ ᠠᠵᠢᠯᠯᠠᠬᠤ ᠬᠡᠷᠡᠭᠲᠡᠢ᠃ ᠪᠥᠬᠦ ᠣᠷᠣᠨ ᠤ ᠡᠯ᠎ᠡ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠤ ᠵᠢᠱᠢᠶ᠎ᠡ ᠦᠵᠡᠭᠦᠯᠬᠦ ᠨᠢᠭᠡᠴᠢ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠭᠡᠰᠢᠭᠦᠨ ᠨᠢᠭᠡᠴᠢ ᠨᠦᠭᠦᠳ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠬᠡᠷᠡᠭᠲᠡᠢ︔ ᠡᠯ᠎ᠡ ᠲᠥᠷᠥᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠰᠣᠶᠣᠯ ᠦᠵᠡᠰᠬᠦᠯᠡᠩ ᠤᠨ ᠲᠠᠯᠠᠪᠤᠷ ᠨᠢ ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠤᠬᠠᠭᠤᠯᠭ᠎ᠠ ᠬᠥᠮᠦᠵᠢᠯ ᠢ ᠥᠷᠨᠢᠭᠦᠯᠬᠦ ᠬᠡᠷᠡᠭᠲᠡᠢ︔ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ ᠨᠦᠭᠦᠳ ᠪᠦᠲᠦᠮᠵᠢᠲᠡᠶ ᠠᠷᠭ᠎ᠠ ᠬᠢᠳᠡᠯ ᠪᠠ ᠲᠤᠷᠰᠢᠯᠭ᠎ᠠ ᠪᠠᠨ ᠴᠠᠭ ᠲᠤᠬᠠᠢ ᠳᠤ ᠨᠢ ᠳ᠋ᠦᠩᠨᠡᠵᠦ᠂ ᠨᠠᠮ ᠤᠨ ᠦᠨᠳᠦᠰᠦᠲᠡᠨ ᠤ ᠣᠨᠣᠯ ᠤᠨ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ ᠭᠡᠵᠡᠢ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1