2024 ᠣᠨ ᠤ ᠨᠢᠭᠡᠳᠦᠭᠡᠷ ᠤᠯᠠᠷᠢᠯ ᠤᠨ ᠪᠥᠬᠦ ᠲᠣᠭᠤᠷᠢᠭ ᠤᠨ ᠭᠤᠤᠯ ᠪᠣᠯᠬᠤ ᠠᠵᠤ ᠠᠬᠤᠶ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2024/4/27
    ᠨᠢᠭᠡᠳᠦᠭᠡᠷ ᠤᠯᠠᠷᠢᠯ ᠤᠨ ᠪᠦᠬᠦ ᠲᠣᠭᠤᠷᠢᠭ ᠤᠨ ᠠᠵᠤ ᠠᠬᠤᠶ ᠶᠢᠨ ᠠᠵᠢᠯᠯᠠᠭᠠᠨ ᠤ ᠭᠤᠤᠯ ᠪᠠᠶᠢᠳᠠᠯ    ᠡᠨᠡ ᠵᠢᠯ ᠤᠨ ᠨᠢᠭᠡᠳᠦᠭᠡᠷ ᠤᠯᠠᠷᠢᠯ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠤᠳᠠᠭᠠᠨ᠂ ᠠᠰᠢᠭ ᠣᠯᠵᠠᠪᠤᠷᠢ ᠶᠢᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠪᠦᠬᠦᠯᠢ ᠴᠣᠭᠴᠠ ᠪᠠᠷ ᠪᠠᠭᠤᠷᠠᠭᠰᠠᠨ ᠪᠠ ᠬᠡᠷᠡᠭᠯᠡᠭᠡᠨ ᠤ ᠵᠠᠬ᠎ᠠ ᠳᠡᠯᠭᠡᠭᠦᠷ ᠤᠨ ᠮᠠᠭᠤᠵᠢᠷᠠᠭᠰᠠᠨ ᠵᠡᠷᠭᠡ ᠬᠦᠴᠦᠨ ᠵᠦᠢᠯ ᠤᠨ ᠨᠥᠯᠥᠭᠡ ᠠᠴᠠ ᠪᠣᠯᠵᠣ᠂ ᠪᠥᠬᠦ ᠲᠣᠭᠤᠷᠢᠭ ᠤᠨ ᠭᠤᠤᠯ ᠪᠣᠯᠬᠤ ᠠᠵᠤ ᠠᠬᠤᠶ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠵᠢᠱᠢᠯᠲᠡ ᠳᠤ ᠬᠦᠷᠴᠦ ᠳᠡᠶᠢᠯᠦᠭᠰᠡᠨ ᠥᠬᠡᠶ᠂ ᠠᠵᠤ ᠠᠬᠤᠶ ᠶᠢᠨ ᠠᠵᠢᠯᠯᠠᠭᠠᠨ ᠤ ᠳᠡᠭᠡᠭᠰᠢᠯᠡᠬᠦ ᠳᠠᠷᠤᠯᠲᠠ ᠨᠡᠮᠡᠭᠳᠡᠪᠡ᠃    ᠠᠩᠬ᠎ᠠ ᠠᠯᠬᠤᠮ ᠤᠨ ᠵᠢᠱᠢᠵᠦ ᠪᠤᠳᠤᠭᠰᠠᠨ ᠢᠶᠠᠷ᠂ ᠨᠢᠭᠡᠳᠦᠭᠡᠷ ᠤᠯᠠᠷᠢᠯ ᠳᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 51.35 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.6%᠎ ᠪᠠᠷ ᠨᠡᠮᠡᠭᠳᠡᠪᠡ᠃ ᠡᠭᠦᠨ ᠳᠤ᠄ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 2.56 ᠳ᠋ᠦᠩᠰᠢᠭᠤᠷ ᠲᠥᠭᠦᠷᠢᠭ ᠲᠤ ᠬᠦᠷᠴᠦ᠂ 6.2%᠎ ᠢᠶᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 27.44 ᠳ᠋ᠦᠩᠰᠢᠭᠤᠷ ᠲᠥᠭᠦᠷᠢᠭ ᠲᠤ ᠬᠦᠷᠴᠦ᠂ 0.5%᠎ ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 21.35 ᠳ᠋ᠦᠩᠰᠢᠭᠤᠷ ᠲᠥᠭᠦᠷᠢᠭ ᠲᠤ ᠬᠦᠷᠴᠦ᠂ 2.3%᠎ ᠪᠠᠷ ᠨᠡᠮᠡᠭᠳᠡᠪᠡ᠃    ᠨᠢᠭᠡ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠤᠳᠠᠭᠠᠰᠢᠷᠠᠪᠠ    ᠨᠢᠭᠡᠳᠦᠭᠡᠷ ᠤᠯᠠᠷᠢᠯ ᠳᠤ᠂ ᠪᠥᠬᠦ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ 55 ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ 61.15 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.6% ᠨᠡᠮᠡᠭᠳᠡᠵᠦ᠂ 1 - 2 ᠳ᠋ᠤᠭᠠᠷ ᠰᠠᠷ᠎ᠠ ᠶᠢᠨ ᠨᠡᠮᠡᠭᠳᠡᠯ ᠤᠨ ᠬᠤᠷᠳᠤᠴᠠ ᠠᠴᠠ 4.5 ᠵᠠᠭᠤᠨ ᠤ ᠨᠢᠭᠡᠴᠢ ᠪᠠᠭᠤᠷᠠᠵᠤ᠂ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 8.3% ᠪᠠᠶᠢᠵᠤ᠂ 1 - 2 ᠳ᠋ᠤᠭᠠᠷ ᠰᠠᠷ᠎ᠠ ᠶᠢᠨ ᠬᠢ ᠠᠴᠠ 3.5 ᠵᠠᠭᠤᠨ ᠤ ᠬᠤᠪᠢ ᠶᠢᠨ ᠴᠡᠭ ᠪᠠᠭᠤᠷᠠᠪᠠ᠃    ︵ᠨᠢᠭᠡ︶ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠠᠵᠤ ᠠᠬᠤᠶᠢᠯᠠᠯ᠃ ᠨᠢᠭᠡᠳᠦᠭᠡᠷ ᠤᠯᠠᠷᠢᠯ ᠳᠤ᠂ ᠫᠢᠩ ᠮᠧᠶ ᠪᠦᠯᠦᠭᠯᠡᠯ᠂ ᠶᠤᠸᠠᠨ ᠪᠦᠦ ᠱᠠᠨ ᠤ ᠴᠠᠬᠢᠯᠭᠠᠨ ᠭᠠᠷᠭᠠᠬᠤ ᠦᠢᠯᠡᠳᠪᠦᠷᠢ ᠲᠣᠭᠤᠷᠢᠭ ᠲᠤ ᠰᠠᠭᠤᠭ᠎ᠠ ᠬᠤᠶᠠᠷ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠨᠢ 16.87 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.2%᠎ ᠢᠶᠠᠷ ᠨᠡᠮᠡᠭᠳᠡᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠤᠨ ᠬᠤᠷᠳᠤᠴᠠ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 27.6%᠎ ᠶᠢ ᠡᠵᠡᠯᠡᠵᠦ᠂ ᠶᠡᠷᠦᠩᠬᠡᠶ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 27.6%᠎ ᠶᠢ ᠡᠵᠡᠯᠡᠵᠦ᠂ ᠬᠤᠪᠢ ᠶᠢᠨ ᠵᠢᠩ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 1.3 ᠵᠠᠭᠤᠨ ᠬᠤᠪᠢ ᠶᠢᠨ ᠴᠡᠭ ᠥᠨᠳᠥᠷ ᠪᠣᠯᠵᠤ᠂ ᠳᠡᠭᠡᠷ᠎ᠡ ᠵᠢᠯ ᠤᠨ ᠬᠢ ᠠᠴᠠ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 2.1 ᠵᠠᠭᠤᠨ ᠤ ᠬᠤᠪᠢ ᠶᠢᠨ ᠴᠡᠭ ᠳᠡᠭᠡᠭᠰᠢᠯᠡᠭᠦᠯᠵᠡᠢ᠃    ︵ᠬᠤᠶᠠᠷ︶ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠠᠵᠤ ᠦᠢᠯᠡᠰ ᠤᠨ ᠭᠤᠤᠯ ᠠᠵᠤ ᠠᠬᠤᠶᠢᠯᠠᠯ᠃ ᠨᠢᠭᠡᠳᠦᠭᠡᠷ ᠤᠯᠠᠷᠢᠯ ᠳᠤ᠂ ᠠᠵᠤ ᠦᠢᠯᠡᠰ ᠤᠨ ᠬᠦᠷᠢᠶᠡᠯᠡᠩ ᠤᠨ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ 34.1 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 2.7%᠎ ᠪᠠᠷ ᠪᠠᠭᠤᠷᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 55.8%᠎ ᠳᠤ ᠡᠵᠡᠯᠡᠬᠦ ᠬᠤᠪᠢ ᠶᠢᠨ ᠵᠢᠩ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 3.2 ᠵᠠᠭᠤᠨ ᠤ ᠬᠤᠪᠢ ᠶᠢᠨ ᠴᠡᠭ ᠳᠣᠣᠷ᠎ᠠ ᠪᠣᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 1.6 ᠵᠠᠭᠤᠨ ᠤ ᠬᠤᠪᠢ ᠶᠢᠨ ᠴᠡᠭ ᠳᠣᠷᠤᠭᠰᠢᠯᠠᠭᠤᠯᠪᠠ︔ ᠠᠵᠤ ᠦᠢᠯᠡᠰ ᠤᠨ ᠭᠤᠣᠯ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ 3.81 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 15.0%᠎ ᠪᠠᠷ ᠪᠠᠭᠤᠷᠠᠵᠤ᠂ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠶᠡᠷᠦᠩᠬᠡᠶ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 6.2%᠎ ᠢ ᠡᠵᠡᠯᠡᠵᠦ᠂ ᠬᠤᠪᠢ ᠶᠢᠨ ᠵᠢᠩ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 1 ᠵᠠᠭᠤᠨ ᠤ ᠬᠤᠪᠢ ᠶᠢᠨ ᠴᠡᠭ ᠥᠨᠳᠥᠷ ᠪᠣᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 1.1 ᠵᠠᠭᠤᠨ ᠤ ᠬᠤᠪᠢ ᠶᠢᠨ ᠴᠡᠭ ᠳᠣᠷᠤᠭᠰᠢᠯᠠᠭᠤᠯᠵᠠᠢ᠃    ︵ᠭᠤᠷᠪᠠ︶ ᠳ᠋ᠥᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠠᠬᠤᠶᠢᠯᠠᠯ᠃ ᠨᠢᠭᠡᠳᠦᠭᠡᠷ ᠤᠯᠠᠷᠢᠯ ᠳᠤ᠂ ᠦᠢᠯᠡᠳᠬᠦᠨ ᠤ ᠥᠷᠲᠡᠭ ᠨᠢ ᠳ᠋ᠦᠩᠰᠢᠭᠤᠷ ᠢ ᠳᠠᠪᠠᠭᠰᠠᠨ ᠠᠵᠤ ᠦᠢᠯᠡᠳᠪᠦᠷᠢ ᠶᠢᠨ ᠠᠵᠤ ᠠᠬᠤᠶᠢᠯᠠᠯ 9 ᠪᠠᠶᠢᠵᠤ᠂ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠨᠢ 53.66 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1.4%᠎ ᠪᠠᠷ ᠨᠡᠮᠡᠭᠳᠡᠵᠦ᠂ ᠶᠡᠷᠦᠩᠬᠡᠶ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 87.8%᠎ ᠶᠢ ᠡᠵᠡᠯᠡᠵᠦ᠂ ᠳᠡᠭᠡᠳᠦ ᠱᠠᠲᠤᠨ ᠠᠴᠠ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 1.2 ᠵᠠᠭᠤᠨ ᠬᠤᠪᠢ ᠶᠢᠨ ᠴᠡᠭ ᠳᠡᠭᠡᠭᠰᠢᠯᠡᠭᠦᠯᠪᠡ᠃    ︵ᠲᠦᠷᠪᠡ︶ ᠦᠢᠯᠡᠳᠪᠦᠷᠢᠯᠡᠯ ᠵᠣᠭᠰᠣᠭᠰᠠᠨ ᠠᠵᠤ ᠠᠬᠤᠶᠢᠯᠠᠯ᠃ ᠨᠢᠭᠡᠳᠦᠭᠡᠷ ᠤᠯᠠᠷᠢᠯ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ 8 ᠡᠷᠦᠬᠡ ᠥᠢᠯᠡᠳᠪᠥᠷᠢᠯᠡᠯ ᠵᠣᠭᠰᠤᠵᠤ᠂ ᠥᠢᠯᠡᠳᠪᠥᠷᠢᠯᠡᠯ ᠤᠨ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 0.07 ᠳ᠋ᠦᠩᠰᠢᠭᠤᠷ ᠲᠥᠭᠦᠷᠢᠭ ᠪᠠᠭᠠᠰᠴᠠᠶ     ︵ᠲᠠᠪᠤ︶ ᠦᠢᠯᠡᠳᠬᠦᠨ ᠤ ᠥᠷᠲᠡᠭ ᠨᠢ ᠰᠥᠬᠡᠷᠬᠦ ᠨᠡᠮᠡᠭᠳᠡᠯ ᠲᠠᠢ ᠠᠵᠤ ᠠᠬᠤᠶᠢᠯᠠᠯ᠃ 8 ᠦᠢᠯᠡᠳᠪᠦᠷᠢᠯᠡᠯ ᠢᠶᠠᠨ ᠵᠣᠭᠰᠤᠭᠰᠠᠨ ᠠᠵᠤ ᠠᠬᠤᠶᠢᠯᠠᠯ ᠠᠴᠠ ᠭᠠᠳᠠᠨ᠎ᠠ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠳᠤ ᠪᠠᠰᠠ 27 ᠦᠢᠯᠡᠳᠬᠦᠨ ᠤ ᠦᠷᠳᠡᠭ ᠨᠢ ᠠᠳᠠᠯᠢ ᠬᠤᠭᠤᠴᠠᠭᠠᠨ ᠤ ᠬᠢ ᠠᠴᠠ ᠰᠥᠭᠡᠷᠭᠦ ᠨᠡᠮᠡᠭᠳᠡᠭᠰᠡᠨ ᠠᠵᠤ ᠠᠬᠤᠶᠢᠯᠠᠯ ᠪᠤᠢ᠃ ᠨᠢᠭᠡᠳᠦᠭᠡᠷ ᠤᠯᠠᠷᠢᠯ ᠳᠤ ᠦᠢᠯᠡᠳᠬᠦᠨ ᠤ ᠥᠷᠲᠡᠭ 30.69 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.8%᠎ ᠪᠠᠷ ᠪᠠᠭᠤᠷᠠᠵᠤ᠂ ᠶᠡᠷᠦᠩᠬᠡᠢ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ 50.2%᠎ ᠶᠢ ᠡᠵᠡᠯᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 7.5 ᠵᠠᠭᠤᠨ ᠤ ᠬᠤᠪᠢ ᠶᠢᠨ ᠴᠡᠭ ᠳᠣᠷᠤᠭᠰᠢᠯᠠᠭᠤᠯᠪᠠ᠃    ︵ᠵᠢᠷᠭᠤᠭ᠎ᠠ︶ ᠭᠤᠷᠪᠠᠨ ᠶᠡᠭᠡ ᠭᠤᠤᠯ ᠠᠵᠢᠯ ᠲᠥᠷᠥᠯ᠃ ᠨᠢᠭᠡᠳᠦᠭᠡᠷ ᠤᠯᠠᠷᠢᠯ᠂ ᠡᠨᠧᠷᠭᠢ᠂ ᠢᠳᠡᠭᠡᠨ ᠡᠳ᠋ᠰᠢᠭᠦᠯᠬᠦ᠂ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠥᠷᠥᠯ ᠤᠨ ᠦᠢᠯᠡᠳᠬᠦᠨ ᠤ ᠥᠷᠲᠡᠭ 59.24 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.02% ᠨᠡᠮᠡᠭᠳᠡᠵᠦ᠂ ᠶᠡᠷᠦᠩᠬᠡᠶ ᠬᠡᠮᠵᠢᠶ᠎ᠡ ᠨᠢ ᠠᠵᠤ ᠦᠢᠯᠡᠳᠪᠦᠷᠢ ᠶᠢᠨ ᠦᠢᠯᠡᠳᠬᠦᠨ ᠤ ᠪᠠᠷᠢᠮᠵᠢᠶ᠎ᠠ ᠶᠢᠨ 96.9%᠎ ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 0.02 ᠵᠠᠭᠤᠨ ᠤ ᠬᠤᠪᠢ ᠶᠢᠨ ᠴᠡᠭ ᠳᠡᠭᠡᠭᠰᠢᠯᠡᠭᠦᠯᠪᠡ᠃ ᠡᠭᠦᠨ ᠳᠤ᠄ ᠡᠨᠧᠷᠭᠢ ᠶᠢᠨ ᠠᠵᠢᠯ ᠲᠥᠷᠥᠯ ᠤᠨ ᠥᠢᠯᠡᠳᠬᠦᠨ ᠤ ᠥᠷᠲᠡᠭ 22.76 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.5%᠎ ᠪᠠᠷ ᠨᠡᠮᠡᠭᠳᠡᠨ᠂ ᠶᠡᠷᠦᠩᠬᠡᠶ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠠᠵᠤ ᠥᠢᠯᠡᠳᠪᠥᠷᠢ ᠶᠢᠨ ᠥᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 2.6 ᠵᠠᠭᠤᠨ ᠤ ᠬᠤᠪᠢ ᠶᠢᠨ ᠴᠡᠭ ᠳᠡᠭᠡᠭᠰᠢᠯᠡᠭᠦᠯᠪᠡ︔ ᠢᠳᠡᠭᠡᠨ ᠡᠳ᠋ᠰᠢᠭᠦᠯᠬᠦ ᠠᠵᠢᠯ ᠲᠥᠷᠥᠯ ᠤᠨ ᠥᠢᠯᠡᠳᠬᠦᠨ ᠤ ᠥᠷᠲᠡᠭ 17.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.3%᠎ ᠪᠠᠷ ᠪᠠᠭᠤᠷᠠᠵᠤ᠂ ᠶᠡᠷᠦᠩᠬᠡᠶ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠠᠵᠤ ᠥᠢᠯᠡᠳᠪᠥᠷᠢ ᠶᠢᠨ ᠥᠢᠯᠡᠳᠬᠦᠨ ᠤ ᠥᠷᠲᠡᠭ ᠤᠨ 29.1%᠎ ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠥᠢᠯᠡᠳᠪᠥᠷᠢ ᠶᠢᠨ ᠥᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 2 ᠵᠠᠭᠤᠨ ᠤ ᠬᠤᠪᠢ ᠶᠢᠨ ᠴᠡᠭ ᠳᠤᠷᠤᠭᠰᠢᠯᠠᠭᠤᠯᠪᠠ︔ ᠬᠢᠮᠢ ᠶᠢᠨ ᠠᠵᠤ ᠥᠢᠯᠡᠳᠪᠥᠷᠢ ᠶᠢᠨ ᠠᠵᠢᠯ ᠲᠥᠷᠥᠯ ᠤᠨ ᠥᠢᠯᠡᠳᠬᠦᠨ ᠤ ᠥᠷᠲᠡᠭ 18.72 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.9%᠎ ᠪᠠᠷ ᠪᠠᠭᠤᠷᠠᠵᠤ᠂ ᠶᠡᠷᠦᠩᠬᠡᠶ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠠᠵᠤ ᠥᠢᠯᠡᠳᠪᠥᠷᠢ ᠶᠢᠨ ᠥᠢᠯᠡᠳᠬᠦᠨ ᠤ ᠥᠷᠲᠡᠭ ᠤᠨ 30.6%᠎ ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠥᠢᠯᠡᠳᠪᠥᠷᠢ ᠶᠢᠨ ᠥᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 0.6 ᠵᠠᠭᠤᠨ ᠤ ᠬᠤᠪᠢ ᠶᠢᠨ ᠴᠡᠭ ᠳᠣᠷᠤᠭᠰᠢᠯᠠᠭᠤᠯᠪᠠ᠃    ︵ᠳᠤᠯᠤᠭ᠎ᠠ︶ ᠭᠤᠤᠯ ᠪᠤᠯᠬᠤ ᠠᠵᠤ ᠥᠢᠯᠡᠳᠪᠥᠷᠢ ᠶᠢᠨ ᠪᠦᠲᠦᠭᠡᠭᠳᠡᠬᠦᠨ ᠤ ᠭᠠᠷᠤᠯᠲᠠ᠃ ᠨᠢᠭᠡᠳᠦᠭᠡᠷ ᠤᠯᠠᠷᠢᠯ ᠳᠤ᠂ ᠲᠦᠭᠦᠬᠡᠶ ᠨᠡᠭᠦᠷᠡᠰᠦᠨ ᠤ ᠭᠠᠷᠤᠯᠲᠠ 435.6 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 26.4%᠎ ᠪᠠᠷ ᠨᠡᠮᠡᠭᠳᠡᠪᠡ᠂ ᠡᠭᠦᠨ ᠳᠤ᠄ ᠫᠢᠩ ᠮᠧᠶ ᠪᠦᠯᠦᠭᠯᠡᠯ ᠤᠨ ᠲᠦᠭᠦᠬᠡᠶ ᠨᠡᠭᠦᠷᠡᠰᠦᠨ ᠤ ᠭᠠᠷᠤᠯᠲᠠ 420.9 ᠲᠦᠮᠡᠨ ᠲᠣᠨ ᠳᠤ ᠬᠦᠷᠴᠦ᠂ 27.3%᠎ ᠪᠠᠷ ᠨᠡᠮᠡᠭᠳᠡᠪᠡ︔ ᠴᠠᠬᠢᠯᠭᠠᠨ ᠭᠠᠷᠭᠠᠭᠰᠠᠨ ᠬᠡᠮᠵᠢᠶ᠎ᠡ 26.4 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.2%᠎ ᠢᠶᠠᠷ ᠪᠠᠭᠤᠷᠠᠪᠠ᠂ ᠡᠭᠦᠨ ᠳᠤ᠄ ᠶᠤᠸᠠᠨ ᠪᠦᠦ ᠱᠠᠨ ᠤ ᠴᠠᠬᠢᠯᠭᠠᠨ ᠭᠠᠷᠭᠠᠬᠤ ᠦᠢᠯᠡᠳᠪᠦᠷᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 16.5 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.5%᠎ ᠪᠠᠷ ᠪᠠᠭᠤᠷᠠᠪᠠ︔ ᠬᠡᠦᠷᠡᠰᠦ ᠶᠢᠨ ᠭᠠᠷᠤᠯᠲᠠ 15.1 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.8%᠎ ᠪᠠᠷ ᠨᠡᠮᠡᠭᠳᠡᠪᠡ︔ ᠰᠢᠩᠭᠡᠨ ᠪᠡᠶᠡᠲᠦ ᠰᠦ ᠶᠢᠨ ᠭᠠᠷᠤᠯᠲᠠ 2.6 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 18.5%᠎ ᠪᠠᠷ ᠪᠠᠭᠤᠷᠠᠪᠠ᠂ ᠲᠡᠵᠢᠭᠡᠯ ᠪᠣᠷᠳᠣᠭᠠᠨ ᠤ ᠨᠡᠮᠡᠯᠲᠡ ᠡᠳ᠋ ᠤᠨ ᠭᠠᠷᠤᠯᠲᠠ 11.5 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.5%᠎ ᠪᠠᠷ ᠨᠡᠮᠡᠭᠳᠡᠪᠡ᠃    ︵ᠨᠠᠢᠮᠠ︶ ᠡᠨᠧᠷᠭᠢ ᠶᠢᠨ ᠬᠤᠷᠣᠭᠳᠠᠯ ᠤᠨ ᠪᠠᠶᠢᠳᠠᠯ᠃ ᠨᠢᠭᠡᠳᠦᠭᠡᠷ ᠤᠯᠠᠷᠢᠯ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠨᠢ 47.1 ᠲᠦᠮᠡᠨ ᠲᠣᠨ ᠪᠠᠷᠢᠮᠵᠢᠶᠠᠲᠤ ᠨᠡᠭᠦᠷᠡᠰᠦ ︵ᠲᠡᠩᠴᠡᠭᠦᠦ ᠦᠷᠳᠡᠭ︶ ᠪᠠᠶᠢᠪᠠ᠃ ᠠᠳᠠᠯᠢ ᠬᠤᠭᠤᠴᠠᠭᠠᠨ ᠤ ᠬᠢ ᠠᠴᠠ 3.7 ᠲᠦᠮᠡᠨ ᠲᠣᠨ ᠪᠠᠷᠢᠮᠵᠢᠶᠠᠲᠤ ᠨᠡᠭᠦᠷᠡᠰᠦ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 8.4% ᠨᠡᠮᠡᠭᠳᠡᠪᠡ᠃ ᠴᠠᠬᠢᠯᠭᠠᠨ ᠬᠦᠴᠦᠨ ᠤ ᠬᠡᠷᠡᠭᠯᠡᠭᠡ 6.7 ᠲᠦᠮᠡᠨ ᠺᠢᠯᠤ᠋ ᠵᠤᠦ᠋ᠯ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 16.1% ᠨᠡᠮᠡᠭᠳᠡᠪᠡ᠃    ︵ᠶᠢᠰᠦ︶ ᠭᠤᠤᠯᠳᠠᠯᠭ᠎ᠠ ᠲᠠᠢ ᠠᠵᠤ ᠠᠬᠤᠶᠢᠯᠠᠯ ᠤᠨ ᠦᠨ᠎ᠡ ᠶᠢᠨ ᠢᠯᠡᠳᠬᠡᠭᠴᠢ᠃ ᠫᠢᠩ ᠮᠧᠢ ᠶᠢᠨ ᠦᠨ᠎ᠡ ᠬᠠᠩᠰᠢ ᠶᠢᠨ ᠵᠢᠭᠠᠯᠲᠠ ᠲᠤᠭ᠎ᠠ 105.63᠂ ᠷᠦᠢ ᠶᠠᠩ ᠤᠨ ᠦᠨ᠎ᠡ ᠬᠠᠩᠰᠢ ᠶᠢᠨ ᠵᠢᠭᠠᠯᠲᠠ ᠲᠤᠭ᠎ᠠ 86.01᠂ ᠵᠢᠦ ᠯᠢᠶᠠᠨ ᠤ ᠦᠨ᠎ᠡ ᠬᠠᠩᠰᠢ ᠶᠢᠨ ᠵᠢᠭᠠᠯᠲᠠ ᠲᠤᠭ᠎ᠠ 80.11᠂ ᠳ᠋ᠠ ᠳ᠋ᠢ ᠶᠦᠨ ᠲᠢᠶᠠᠨ ᠤ ᠭᠤᠣᠯ ᠪᠣᠯᠬᠤ ᠦᠢᠯᠡᠳᠬᠦᠨ ᠤ ᠦᠨ᠎ᠡ ᠬᠠᠩᠰᠢ ᠶᠢᠨ ᠵᠢᠭᠠᠯᠲᠠ ᠲᠤᠭ᠎ᠠ 91.81᠂ ᠶᠤᠸᠠᠨ ᠪᠣᠤ ᠱᠠᠨ ᠤ ᠴᠠᠬᠢᠯᠭᠠᠨ ᠭᠠᠷᠭᠠᠬᠤ ᠥᠢᠯᠡᠳᠪᠥᠷᠢ ᠶᠢᠨ ᠦᠨ᠎ᠡ ᠬᠠᠩᠰᠢ ᠶᠢᠨ ᠵᠢᠭᠠᠯᠲᠠ ᠲᠤᠭ᠎ᠠ 94.48᠂ ᠢ ᠫᠢᠨ ᠤ ᠭᠤᠣᠯ ᠪᠣᠯᠬᠤ ᠦᠢᠯᠡᠳᠬᠦᠨ ᠤ ᠠᠵᠢᠯ ᠲᠥᠷᠥᠯ ᠤᠨ ᠦᠨ᠎ᠡ ᠬᠠᠩᠰᠢ ᠶᠢᠨ ᠵᠢᠭᠠᠯᠲᠠ ᠲᠤᠭ᠎ᠠ 91.49᠃    ᠬᠤᠶᠠᠷ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠡᠭᠡ ᠬᠡᠮᠵᠢᠶ᠎ᠡ ᠪᠠᠷ ᠨᠡᠮᠡᠭᠳᠡᠪᠡ    ᠨᠢᠭᠡᠳᠦᠭᠡᠷ ᠤᠯᠠᠷᠢᠯ ᠳᠤ᠂ ᠪᠥᠬᠦ ᠲᠣᠭᠤᠷᠢᠭ ᠤᠨ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠥᠮᠥᠷᠭᠡ ᠳᠤ ᠪᠠᠶᠢᠭ᠎ᠠ ᠲᠥᠷᠥᠯ ᠵᠦᠢᠯ 86 ︵ᠬᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ 4 ᠪᠠᠭᠲᠠᠨ᠎ᠠ︶᠂ ᠡᠭᠦᠨ ᠳᠤ ᠠᠵᠢᠯ ᠡᠬᠢᠯᠡᠭᠦᠯᠦᠭᠰᠡᠨ ᠲᠥᠷᠥᠯ ᠵᠦᠢᠯ 42 ︵ᠬᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ 2 ᠪᠠᠭᠲᠠᠨ᠎ᠠ︶᠂ 7.5 ᠳ᠋ᠦᠩᠰᠢᠭᠤᠷ ᠲᠥᠭᠦᠷᠢᠭ ︵ᠮᠢᠩ ᠶᠤᠸᠠᠢ ᠶᠢᠨ 1 - 3 ᠰᠠᠷ᠎ᠠ ᠳᠤ ᠬᠠᠷᠠᠴᠢᠨ ᠬᠤᠰᠢᠭᠤᠨ ᠳᠤ ᠨᠡᠶᠢᠲᠡ ᠬᠤᠪᠢᠶᠠᠨ ᠦᠭᠭᠦᠭᠰᠡᠨ 582 ᠲᠦᠮᠡᠨ ᠲᠥᠭᠦᠷᠢᠭ᠂ ᠨᠢᠩ ᠪᠦᠦ ᠶᠢᠨ 1 - 3 ᠰᠠᠷ᠎ᠠ ᠳᠤ ᠬᠠᠷᠠᠴᠢᠨ ᠬᠤᠰᠢᠭᠤᠨ ᠳᠤ ᠨᠡᠶᠢᠲᠡ ᠬᠤᠪᠢᠶᠠᠨ ᠥᠭᠭᠦᠭᠰᠡᠨ 1510 ᠲᠦᠮᠡᠨ ᠲᠥᠭᠦᠷᠢᠭ ᠢ ᠬᠠᠰᠤᠭᠠᠳ᠂ ᠠᠳᠠᠯᠢ ᠬᠤᠭᠤᠴᠠᠭᠠᠨ ᠤ ᠬᠢ ᠠᠴᠠ 35.9% ᠨᠡᠮᠡᠭᠳᠡᠪᠡ᠃ ᠡᠭᠦᠨ ᠳᠤ᠂ 5000 ᠲᠦᠮᠡᠨ ᠲᠥᠭᠦᠷᠢᠭ ᠠᠴᠠ ᠳᠡᠭᠡᠭᠰᠢᠬᠢ ᠪᠠᠯᠠ ᠣᠷᠣᠭᠤᠯᠤᠯᠲᠠ ᠶᠢᠨ ᠲᠥᠷᠥᠯ ᠵᠦᠢᠯ 63 ᠪᠠᠶᠢᠵᠤ᠂ 6.8 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠡᠶ ︵ᠳᠡᠭᠡᠷᠡᠬᠢ ᠲᠠᠢ ᠠᠳᠠᠯᠢ᠂ ᠨᠡᠶᠢᠲᠡ 2092 ᠲᠥᠮᠡᠨ ᠲᠥᠭᠦᠷᠢᠭ ᠬᠠᠰᠤᠵᠠᠢ︶᠂ 26.2% ᠨᠡᠮᠡᠭᠳᠡᠪᠡ᠃ 5000 ᠲᠦᠮᠡᠨ ᠲᠥᠭᠦᠷᠢᠭ ᠠᠴᠠ ᠳᠣᠷᠣᠭᠰᠢᠬᠢ ᠪᠠᠯᠠ ᠣᠷᠣᠭᠤᠯᠤᠯᠲᠠ ᠶᠢᠨ ᠲᠥᠷᠥᠯ ᠵᠥᠢᠯ 19 ᠪᠠᠶᠢᠵᠤ᠂ 0.4 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ 299.0%᠎ ᠢᠶᠠᠷ ᠨᠡᠮᠡᠭᠳᠡᠪᠡ︔ ᠬᠡᠷ ᠪᠠᠶᠢᠰᠢᠩ ᠭᠠᠵᠠᠷ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠥᠢᠯ 4 ᠪᠠᠶᠢᠵᠤ᠂ 0.31 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 0.31 ᠳ᠋ᠦᠩᠰᠢᠭᠤᠷ ᠲᠥᠭᠦᠷᠢᠭ ᠨᠡᠮᠡᠭᠳᠡᠪᠡ᠃    ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ 0.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 155.5%᠎ ᠪᠠᠷ ᠨᠡᠮᠡᠭᠳᠡᠵᠦ᠂ ᠶᠡᠷᠦᠩᠬᠡᠶ ᠬᠡᠮᠵᠢᠶᠡᠨ ᠤ 1.6%᠎ ᠶᠢ ᠡᠵᠡᠯᠡᠪᠡ︔ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ 6.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 1.6%᠎ ᠪᠠᠷ ᠨᠡᠮᠡᠭᠳᠡᠵᠦ᠂ ᠶᠡᠷᠦᠩᠬᠡᠶ ᠬᠡᠮᠵᠢᠶᠡᠨ ᠤ 83.7%᠎ ᠶᠢ ᠡᠵᠡᠯᠡᠪᠡ︔ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ 1.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 13.0%᠎ ᠢᠶᠠᠷ ᠨᠡᠮᠡᠭᠳᠡᠵᠦ᠂ ᠶᠡᠷᠦᠩᠬᠡᠢ ᠬᠡᠮᠵᠢᠶᠡᠨ ᠤ 14.7%᠎ ᠶᠢ ᠡᠵᠡᠯᠡᠪᠡ     ᠪᠡᠯᠡ ᠣᠷᠤᠬᠤᠯᠤᠯᠲᠠ ᠶᠢᠨ ᠬᠡᠪᠴᠢᠶ᠎ᠡ ᠠᠴᠠ ᠦᠵᠡᠪᠡᠯ᠂ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢᠨ ᠲᠥᠷᠥᠯ ᠵᠦᠢᠯ 6 ᠪᠠᠶᠢᠵᠤ᠂ 1.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠶᠡᠷᠦᠩᠬᠡᠢ ᠬᠡᠮᠵᠢᠶᠡᠨ ᠤ 21.2%᠎ ᠢ ᠡᠵᠡᠯᠡᠪᠡ︔ 5-10 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ 7 ᠪᠠᠶᠢᠵᠤ᠂ 1.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 19.4%᠎ ᠶᠢ ᠡᠵᠡᠯᠡᠪᠡ︔ 1-5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ 35 ᠪᠠᠶᠢᠵᠤ᠂ 3.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 49.1%᠎ ᠶᠢ ᠡᠵᠡᠯᠡᠪᠡ︔ 0.5-1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ 19 ᠪᠠᠶᠢᠵᠤ᠂ 0.4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 5.8%᠎ ᠶᠢ ᠡᠵᠡᠯᠡᠪᠡ︔ 0.5 ᠳ᠋ᠦᠩᠰᠢᠭᠤᠷ ᠲᠥᠭᠦᠷᠢᠭ ᠠᠴᠠ ᠳᠣᠷᠣᠭᠰᠢᠬᠢ ᠪᠡᠯᠡ ᠣᠷᠣᠭᠤᠯᠤᠯᠲᠠ ᠶᠢᠨ ᠲᠥᠷᠥᠯ ᠵᠦᠢᠯ 19 ᠪᠠᠶᠢᠵᠤ᠂ 0.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 0.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 0.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 4.5%᠎ ᠶᠢ ᠡᠵᠡᠯᠡᠪᠡ᠃    ᠲᠥᠰᠦᠯ ᠤᠨ ᠪᠦᠲᠦᠭᠡᠨ ᠪᠠᠶᠢᠭᠤᠯᠤᠯᠲᠠ ᠶᠢᠨ ᠬᠤᠭᠤᠴᠠᠭ᠎ᠠ ᠠᠴᠠ ᠦᠵᠡᠪᠡᠯ᠂ 85 ᠲᠥᠷᠥᠯ ᠵᠦᠢᠯ ᠢ ᠦᠷᠭᠦᠯᠵᠢᠯᠡᠨ ᠪᠠᠶᠢᠭᠤᠯᠵᠤ᠂ 7.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ︔ 1 ᠲᠥᠷᠥᠯ ᠵᠦᠢᠯ ᠢ ᠰᠢᠨ᠎ᠡ ᠪᠠᠷ ᠪᠠᠶᠢᠭᠤᠯᠵᠤ᠂ 0 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃    ᠭᠤᠷᠪᠠ᠂ ᠬᠡᠷᠡᠭᠯᠡᠭᠡᠨ ᠤ ᠵᠠᠬ᠎ᠠ ᠳᠡᠯᠭᠡᠭᠦᠷ ᠪᠠᠭᠤᠷᠠᠪᠠ    ᠨᠢᠭᠡᠳᠦᠭᠡᠷ ᠤᠯᠠᠷᠢᠯ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 10.35 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.3 %᠎ ᠪᠠᠷ ᠪᠠᠭᠤᠷᠠᠪᠠ᠃ ᠪᠠᠶᠢᠴᠠᠭᠠᠭᠳᠠᠬᠤ ᠡᠲᠡᠭᠡᠳ ᠤᠨ ᠳᠡᠭᠡᠭᠰᠢ ᠮᠡᠳᠡᠭᠦᠯᠦᠭᠰᠡᠨ ᠲᠤᠭ᠎ᠠ ᠪᠠᠷᠢᠮᠲᠠ ᠠᠴᠠ ᠦᠵᠡᠪᠡᠯ᠄ ᠪᠦᠬᠦ ᠳᠡᠭᠡᠭᠰᠢ ᠬᠢᠵᠠᠭᠠᠷᠯᠠᠭᠰᠠᠨ ᠠᠷᠠᠯᠵᠢᠶᠠᠨ ᠤ ᠦᠢᠯᠡᠰ ᠤᠨ ᠵᠢᠵᠢᠭᠯᠡᠨ ᠬᠤᠳᠠᠯᠳᠤᠭᠰᠠᠨ ᠲᠤᠭ᠎ᠠ 7338 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.8%᠎ ᠪᠠᠷ ᠨᠡᠮᠡᠭᠳᠡᠵᠡᠶ᠂ ᠡᠭᠦᠨ ᠳᠤ᠄ 12 ᠡᠷᠦᠬᠡ ᠳᠡᠭᠡᠭᠰᠢ ᠬᠢᠵᠠᠭᠠᠷᠯᠠᠭᠰᠠᠨ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠵᠢᠵᠢᠭᠯᠡᠨ ᠬᠤᠳᠠᠯᠳᠤᠭᠰᠠᠨ ᠲᠤᠭ᠎ᠠ 5553 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.8%᠎ ᠪᠠᠷ ᠪᠠᠭᠤᠷᠠᠵᠤ᠂ 12 ᠡᠷᠦᠬᠡ ᠳᠡᠭᠡᠭᠰᠢ ᠬᠢᠵᠠᠭᠠᠷᠯᠠᠭᠰᠠᠨ ᠲᠣᠮᠣ ᠪᠣᠳᠠᠭᠠᠯᠢ ᠪᠡᠶ᠎ᠡ ᠶᠢᠨ ᠵᠢᠵᠢᠭᠯᠡᠨ ᠬᠤᠳᠠᠯᠳᠤᠭᠰᠠᠨ ᠲᠤᠭ᠎ᠠ 1785 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 30.0% ᠨᠡᠮᠡᠭᠳᠡᠪᠡ᠃    ᠨᠢᠭᠡᠳᠦᠭᠡᠷ ᠤᠯᠠᠷᠢᠯ ᠳᠤ 19 ᠳᠣᠷᠤᠭᠰᠢ ᠬᠢᠵᠠᠭᠠᠷᠯᠠᠭᠰᠠᠨ ᠠᠵᠤ ᠠᠬᠤᠶᠢᠯᠠᠯ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ 411 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 10.1%᠎ ᠪᠠᠷ ᠨᠡᠮᠡᠭᠳᠡᠪᠡ᠃    ᠨᠢᠭᠡᠳᠦᠭᠡᠷ ᠤᠯᠠᠷᠢᠯ ᠳᠤ᠂ ᠨᠡᠶᠢᠭᠡᠮ ᠤᠨ ᠲᠠᠸᠠᠷ ᠤᠨ ᠪᠣᠷᠣᠯᠠᠭᠤᠯᠭ᠎ᠠ ᠶᠢᠨ ᠶᠡᠷᠦᠩᠬᠡᠢ ᠬᠡᠮᠵᠢᠶ᠎ᠡ 14.72 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.0% ᠨᠡᠮᠡᠭᠳᠡᠪᠡ᠃ ᠡᠭᠦᠨ ᠳᠤ᠄ ᠪᠥᠭᠡᠮ ᠢᠶᠠᠷ ᠬᠤᠳᠠᠯᠳᠤᠬᠤ ᠦᠢᠯᠡᠰ 7.14 ᠳ᠋ᠦᠩᠰᠢᠭᠤᠷ ᠲᠥᠭᠦᠷᠢᠭ ᠲᠤ ᠬᠦᠷᠴᠦ᠂ 1.4 %᠎ ᠪᠠᠷ ᠪᠠᠭᠤᠷᠠᠪᠠ︔ ᠵᠢᠵᠢᠭᠯᠡᠨ ᠬᠤᠳᠠᠯᠳᠤᠬᠤ ᠦᠢᠯᠡᠰ 6.75 ᠳ᠋ᠦᠩᠰᠢᠭᠤᠷ ᠲᠥᠭᠦᠷᠢᠭ ᠲᠤ ᠬᠦᠷᠴᠦ᠂ 6.1%᠎ ᠪᠠᠷ ᠨᠡᠮᠡᠭᠳᠡᠪᠡ︔ ᠪᠠᠭᠤᠳᠠᠯ ᠤᠨ ᠦᠢᠯᠡᠰ 0.09 ᠳ᠋ᠦᠩᠰᠢᠭᠤᠷ ᠲᠥᠭᠦᠷᠢᠭ ᠲᠤ ᠬᠦᠷᠴᠦ᠂ 16.3%᠎ ᠪᠠᠷ ᠪᠠᠭᠤᠷᠠᠪᠠ︔ ᠢᠳᠡᠭᠡᠨ ᠤᠮᠳᠠᠭᠠᠨ ᠤ ᠦᠢᠯᠡᠰ 0.74 ᠳ᠋ᠦᠩᠰᠢᠭᠤᠷ ᠲᠥᠭᠦᠷᠢᠭ ᠲᠤ ᠬᠦᠷᠴᠦ᠂ 2.9%᠎ ᠪᠠᠷ ᠨᠡᠮᠡᠭᠳᠡᠪᠡ᠃    ᠳᠥᠷᠪᠡ᠂ ᠠᠰᠢᠭ ᠣᠯᠵᠠᠪᠤᠷᠢ ᠶᠢᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠨᠢ ᠨᠡᠯᠢᠶᠡᠳ ᠶᠡᠭᠡ ᠪᠣᠯᠪᠠ᠃    ᠪᠥᠬᠦ ᠲᠣᠭᠤᠷᠢᠭ ᠤᠨ GDP᠎ ᠶᠢᠨ ᠲᠣᠭᠠᠴᠠᠭ᠎ᠠ ᠬᠢᠬᠦ ᠳᠤ ᠣᠷᠣᠯᠴᠠᠭᠰᠠᠨ 8 ᠡᠷᠥᠬᠡ ᠠᠰᠢᠭ ᠬᠤᠨᠵᠢᠪᠣᠷᠢ ᠶᠢᠨ ᠴᠢᠨᠠᠷᠲᠠᠶ ᠦᠢᠯᠡᠴᠢᠯᠡᠭᠡᠨ ᠤ ᠦᠢᠯᠡᠰ᠂ 1 - 2 ᠳ᠋ᠤᠭᠠᠷ ᠰᠠᠷ᠎ᠠ ᠳᠤ ᠡᠵᠡᠩᠨᠡᠯᠲᠡ ᠶᠢᠨ ᠣᠷᠣᠯᠭ᠎ᠠ 12826 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 32.69%᠎ ᠪᠠᠷ ᠪᠠᠭᠤᠷᠠᠵᠤ ᠂ 8 ᠡᠷᠥᠬᠡ ᠠᠵᠤ ᠠᠬᠤᠶᠢᠯᠠᠯ ᠤᠨ ᠳᠣᠲᠣᠷ᠎ᠠ ᠵᠥᠪᠬᠡᠨ 3 ᠡᠷᠦᠬᠡ ᠡᠶᠡᠷᠭᠦ ᠨᠡᠮᠡᠭᠳᠡᠵᠦ᠂ 4 ᠡᠷᠥᠬᠡ ᠰᠥᠭᠡᠷᠭᠦ ᠨᠡᠮᠡᠭᠳᠡᠨ᠂ 1 ᠡᠷᠦᠬᠡ ᠲᠡᠩᠴᠡᠭᠦᠷᠢᠰᠢᠪᠡ᠃    ᠲᠠᠪᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠡᠭᠡ ᠬᠡᠮᠵᠢᠶ᠎ᠡ ᠪᠠᠷ ᠨᠡᠮᠡᠭᠳᠡᠵᠦ᠂ ᠵᠠᠷᠤᠯᠭ᠎ᠠ ᠶᠢᠨ ᠨᠡᠮᠡᠭᠳᠡᠯ ᠤᠨ ᠬᠤᠷᠳᠤᠴᠠ ᠤᠳᠠᠭᠠᠰᠢᠷᠠᠪᠠ    ᠨᠢᠭᠡᠳᠦᠭᠡᠷ ᠤᠯᠠᠷᠢᠯ ᠳᠤ᠂ ᠪᠥᠬᠦ ᠲᠣᠭᠤᠷᠢᠭ ᠤᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 4.85 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.4% ᠨᠡᠮᠡᠭᠳᠡᠪᠡ᠃ ᠡᠭᠦᠨ ᠳᠤ᠂ ᠭᠠᠶᠢᠯᠢ ᠲᠠᠲᠠᠪᠤᠷᠢ ᠶᠢᠨ ᠣᠷᠣᠯᠭ᠎ᠠ 4.16 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 32.4%᠎ ᠪᠠᠷ ᠨᠡᠮᠡᠭᠳᠡᠨ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 85.8%᠎ ᠶᠢ ᠡᠵᠡᠯᠡᠪᠡ᠃ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 8.58 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.0% ᠪᠠᠭᠤᠷᠠᠪᠠ᠃    ᠵᠢᠷᠭᠤᠭ᠎ᠠ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ ᠲᠣᠭᠲᠠᠭᠤᠨ ᠢᠶᠠᠷ ᠨᠡᠮᠡᠭᠳᠡᠪᠡ    3 ᠳ᠋ᠤᠭᠠᠷ ᠰᠠᠷ᠎ᠠ ᠶᠢᠨ ᠰᠡᠭᠦᠯᠴᠢ ᠳᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ 350.15 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 1.7%᠎ ᠪᠠᠷ ᠨᠡᠮᠡᠭᠳᠡᠪᠡ᠂ ᠡᠭᠦᠨ ᠳᠤ᠄ ᠰᠠᠭᠤᠭᠠᠯᠢ ᠡᠷᠦᠬᠡ ᠶᠢᠨ ᠬᠠᠳᠠᠭᠠᠯᠠᠮᠵᠢ ᠶᠢᠨ ᠦᠯᠡᠳᠡᠪᠦᠷᠢ 317.98 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 3.8%᠎ ᠪᠠᠷ ᠨᠡᠮᠡᠭᠳᠡᠪᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ 259.92 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 1.7%᠎ ᠪᠠᠷ ᠨᠡᠮᠡᠭᠳᠡᠪᠡ᠃    ᠳᠣᠯᠤᠭ᠎ᠠ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠬᠠᠷᠢᠴᠠᠩᠭᠤᠶ ᠳᠣᠤᠷ᠎ᠠ ᠪᠠᠶᠢᠨ᠎ᠠ᠃    ᠨᠢᠭᠡᠳᠦᠭᠡᠷ ᠤᠯᠠᠷᠢᠯ ᠳᠤ᠂ ᠬᠤᠲᠠ ᠬᠥᠳᠡᠭᠡ ᠶᠢᠨ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 12056 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.6%᠎ ᠪᠠᠷ ᠨᠡᠮᠡᠭᠳᠡᠪᠡ᠃ ᠡᠭᠦᠨ ᠳᠤ᠄ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 12521 ᠲᠥᠭᠦᠷᠢᠭ ᠲᠤ ᠬᠦᠷᠴᠦ᠂ 5.4%᠎ ᠪᠠᠷ ᠨᠡᠮᠡᠭᠳᠡᠨ᠂ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 9816 ᠲᠥᠭᠦᠷᠢᠭ ᠲᠤ ᠬᠦᠷᠴᠦ᠂ 6.2%᠎ ᠢᠶᠠᠷ ᠨᠡᠮᠡᠭᠳᠡᠪᠡ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1