ᠵᠠᠩ ᡁᠢ ᠸᠧᠢ ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ ᠤ 2024 ᠣᠨ ᠤ 4 ᠳ᠋ᠣᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/30
    4 ᠰᠠᠷ᠎ᠠ ᠶᠢᠨ 28᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ ᠤ 2024 ᠣᠨ ᠤ 4 ᠳ᠋ᠣᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠭᠡᠰᠢᠭᠦᠨ ᠵᠢᠶᠣᠣ ᠴᠢᠩ ᠳ᠋ᠦᠩ᠂ ᠸᠠᠩ ᠶᠠᠨ ᠪᠥᠸᠧ᠂ ᠭᠠᠷᠤᠳᠢ᠂ ᠯᠢ ᠽᠥᠩ ᠮᠧᠩ᠂ ᠶᠢᠨ ᠮᠢᠩ᠂ ᠫᠧᠩ ᠰᠢᠶᠣᠣ ᠵᠢᠤᠸᠠᠨ᠂ ᠶᠢᠨ ᠲᠧᠩ ᠵᠢᠶᠣᠣ᠂ ᠯᠢ ᠸᠧᠢ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠠᠩ ᠰᠢᠨ ᠢᠦᠢ ᠬᠤᠷᠠᠯ ᠳᠤ ᠰᠠᠭᠠᠲᠠᠵᠤ᠂ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠪᠠᠯᠭᠠᠰᠤ ᠰᠢᠶᠠᠩ ᠵᠡᠭᠡᠯᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ︾᠎ ᠶᠢ ᠤᠯᠠᠮᠵᠢᠯᠠᠨ ᠰᠤᠷᠤᠯᠴᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ ᠳᠤ ᠲᠤᠰᠬᠠᠢ ᠲᠣᠭᠤᠷᠢᠨ ᠪᠠᠶᠢᠴᠠᠭᠠᠯᠲᠠ ᠬᠢᠵᠦ ᠬᠠᠷᠢᠭᠤ ᠲᠤᠰᠬᠠᠭᠰᠠᠨ ᠰᠠᠨᠠᠯ ᠤᠨ ᠶᠤᠸᠠᠨ ᠪᠦᠦ ᠱᠠᠨ ᠲᠣᠭᠤᠷᠢᠭ ᠤᠨ ᠲᠤᠰᠬᠠᠢ ᠴᠡᠭᠴᠡᠯᠡᠨ ᠰᠠᠶᠢᠵᠢᠷᠠᠭᠤᠯᠤᠭᠰᠠᠨ ᠤᠴᠢᠷ ᠶᠠᠪᠤᠳᠠᠯ ᠤᠨ ᠬᠤᠯᠪᠣᠭᠳᠠᠯ ᠪᠦᠬᠦᠢ ᠪᠠᠶᠢᠳᠠᠯ ᠢ ᠪᠠᠶᠢᠴᠠᠭᠠᠵᠤ᠂ ︽ ᠵᠢᠷᠭᠤᠭᠠᠨ ᠢᠨᠵᠧᠨᠧᠷᠢᠩ ︾ ᠎ ᠢ ᠠᠬᠢᠭᠤᠯᠬᠤ ᠠᠵᠢᠯ ᠂ 2024 ᠣᠨ ᠳᠤ ᠰᠢᠨ᠎ᠡ ᠬᠡᠯᠪᠡᠷᠢ ᠶᠢᠨ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠬᠦ ᠪᠡᠯᠡ ᠮᠥᠩᠭᠦ ᠶᠢᠨ ᠬᠤᠪᠢᠶᠠᠷᠢᠯᠠᠯᠲᠠ ᠵᠢᠴᠢ ᠲᠥᠯᠥᠪᠯᠡᠭᠡ ᠶᠢ ᠬᠡᠷᠡᠭᠵᠢᠭᠦᠯᠬᠦ ᠲᠦᠷᠦᠯ ᠵᠦᠢᠯ ᠂ ᠡᠳ᠋ ᠤᠨ ᠵᠠᠰᠠᠭ ᠤᠨ ᠲᠤᠰᠬᠠᠢ ᠲᠦᠷᠦᠯ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠡᠷᠡᠭᠯᠡᠯᠲᠡ ᠂ ᠵᠠᠮ ᠬᠤᠭᠤᠯᠠᠢ ᠶᠢᠨ ᠲᠣᠣᠷ ᠤᠨ ᠢᠨᠵᠧᠨᠧᠷᠢᠩ ᠂ ᠤᠰᠤ ᠲᠠᠲᠠᠷᠠᠭᠤᠯᠬᠤ ᠦᠶᠡᠷ ᠢ ᠰᠡᠷᠭᠡᠶᠢᠯᠡᠬᠦ ᠲᠦᠷᠦᠯ ᠵᠦᠢᠯ ᠂ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠠᠵᠤ ᠦᠢᠯᠡᠰ ᠤᠨ ᠬᠥᠭᠵᠢᠯᠲᠡ ᠵᠡᠷᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠵᠠᠢ ᠃    ᠬᠤᠷᠠᠯ ᠠᠴᠠ ᠂ ᠡᠯ᠎ᠡ ᠰᠠᠯᠠᠭ᠎ᠠ ᠮᠥᠴᠢᠷ ᠂ ᠡᠯ᠎ᠡ ᠪᠠᠯᠭᠠᠰᠤ ᠰᠢᠶᠠᠩ ᠵᠡᠭᠡᠯᠢ ᠶᠢᠨ ᠬᠢᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ ᠂ ︽ ᠶᠠᠮᠤᠨ ᠳᠤ ᠬᠦᠷᠴᠦ ᠲᠢᠩᠬᠢᠮ ᠳᠤ ᠣᠴᠢᠬᠤ ︾ ᠪᠠ ︽ ᠪᠣᠳᠠᠲᠠᠢ ᠳᠤ ᠨᠠᠶᠢᠳᠠᠪᠤᠷᠢᠵᠢᠭᠤᠯᠬᠤ ︾ ᠳᠡᠭᠡᠷ᠎ᠡ ᠬᠦᠴᠦ ᠣᠷᠣᠭᠤᠯᠵᠤ ᠂ ᠠᠯᠢ ᠴᠢᠳᠠᠬᠤ ᠪᠠᠷ ᠡᠯ᠎ᠡ ᠲᠦᠷᠦᠯ ᠵᠦᠢᠯ ᠪᠣᠯᠣᠨ ᠪᠡᠯᠡ ᠮᠥᠩᠭᠦᠨ ᠤ ᠳᠡᠮᠵᠢᠯᠭᠡ ᠶᠢ ᠣᠯᠬᠤ ᠬᠡᠷᠡᠭᠲᠡᠢ ᠃ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ ᠂ ᠡᠯᠡᠰᠦᠷᠬᠡᠭᠵᠢᠭᠰᠡᠨ ᠭᠠᠵᠠᠷ ᠰᠢᠷᠣᠢ ᠵᠢᠴᠢ ᠮᠠᠭᠤᠳᠠᠭᠰᠠᠨ ᠣᠶ ᠶᠢᠨ ᠬᠡᠰᠡᠭᠯᠡᠯ ᠢ ᠰᠡᠷᠭᠦᠭᠡᠨ ᠵᠠᠰᠠᠬᠤ ᠶᠢ ᠲᠦᠷᠭᠡᠳᠬᠡᠨ ᠠᠬᠢᠭᠤᠯᠵᠤ᠂ ᠥᠪᠥᠷ ᠮᠣᠩᠭᠤᠯ ᠤᠨ ᠵᠡᠭᠦᠨ ᠬᠡᠰᠡᠭ ᠤᠨ ᠬᠠᠮᠤᠭ ᠤᠨ ᠲᠣᠮᠣ ᠰᠢᠨ᠎ᠡ ᠡᠨᠧᠷᠭᠢ ᠶᠢ ᠰᠢᠩᠭᠡᠬᠡᠨ ᠠᠰᠢᠭᠯᠠᠬᠤ ᠰᠠᠭᠤᠷᠢᠨ ᠭᠠᠵᠠᠷ ᠢ ᠬᠦᠴᠦᠨ ᠢᠶᠠᠨ ᠲᠥᠪᠯᠡᠷᠡᠭᠦᠯᠦᠨ ᠪᠦᠲᠦᠭᠡᠨ ᠪᠠᠶᠢᠭᠤᠯᠬᠤ ᠬᠡᠷᠡᠭᠲᠡᠢ᠃ ᠳᠤᠯᠠᠭᠠᠯᠠᠬᠤ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ ᠂ ᠠᠬᠢᠴᠠ ᠶᠢ ᠲᠦᠷᠭᠡᠳᠬᠡᠬᠦ ᠠᠵᠢᠯ ᠢ ᠱᠠᠯᠠᠪᠳᠠᠨ ᠡᠬᠢᠯᠡᠭᠦᠯᠵᠦ ᠂ ᠬᠤᠳᠠ ᠶᠢᠨ ᠠᠷᠠᠳ ᠤᠨ ᠰᠡᠳᠬᠢᠯ ᠬᠠᠨᠤᠮᠵᠢᠲᠠᠢ ᠰᠡᠳᠬᠢᠯ ᠳᠤ ᠳᠤᠯᠠᠭᠠᠬᠠᠨ ᠢᠨᠵᠧᠨᠧᠷᠢᠩ ᠢ ᠪᠦᠲᠦᠭᠡᠨ ᠪᠠᠶᠢᠭᠤᠯᠬᠤ ᠬᠡᠷᠡᠭᠲᠡᠢ ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠂ ᠨᠡᠶᠢᠭᠡᠮ ᠤᠨ ᠦᠨᠡᠨᠴᠢ ᠢᠲᠡᠭᠡᠮᠵᠢ ᠂ ᠬᠠᠤᠯᠢ ᠴᠠᠭᠠᠵᠠ ᠶᠢᠨ ᠤᠯᠠᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠂ ᠪᠦᠬᠦ ᠨᠡᠶᠢᠭᠡᠮ ᠤᠨ ᠦᠨᠡᠨᠴᠢ ᠢᠲᠡᠭᠡᠮᠵᠢᠲᠡᠢ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠃ ᠰᠢᠨᠵᠢᠯᠡᠬᠦ ᠤᠬᠠᠭᠠᠨ ᠮᠡᠷᠭᠡᠵᠢᠯ ᠤᠨ ︽ ᠪᠦᠰᠡᠯᠡᠯᠲᠡ ᠶᠢ ᠰᠢᠪᠲᠤᠯᠬᠤ ︾ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ ᠂ ᠰᠤᠳᠤᠯᠤᠨ ᠨᠡᠭᠡᠭᠡᠬᠦ ᠶᠢ ᠴᠢᠩᠭ᠎ᠠ ᠠᠳᠬᠤᠵᠤ ᠂ ᠲᠠᠪᠴᠠᠩ ᠪᠠᠶᠢᠭᠤᠯᠵᠤ ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠤᠨ ᠬᠥᠭᠵᠢᠭᠦᠯᠬᠦ ᠬᠡᠷᠡᠭᠲᠡᠢ ᠃ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠠᠵᠢᠯ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠠ ᠠᠭᠤᠰᠤᠯᠴᠠᠵᠤ ᠂ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠢ ᠲᠦᠷᠭᠡᠨ ᠬᠥᠭᠵᠢᠭᠦᠯᠵᠦ ᠂ ᠭᠠᠳᠠᠭᠠᠳᠤ ᠨᠡᠭᠡᠭᠡᠯᠲᠡ ᠶᠢᠨ ᠲᠦᠪᠰᠢᠨ ᠢ ᠦᠨᠡᠨᠬᠦ ᠳᠡᠭᠡᠭᠰᠢᠯᠡᠭᠦᠯᠵᠦ ᠂ ᠦᠨᠡᠨ ᠪᠣᠳᠠᠲᠠᠢ ︽ ᠬᠠᠲᠠᠭᠤ ᠠᠷᠭ᠎ᠠ ︾ ᠎ ᠪᠠᠷ ︽ ᠵᠢᠷᠭᠤᠭᠠᠨ ᠢᠨᠵᠧᠨᠧᠷᠢᠩ ︾᠎ ᠤᠨ ᠪᠣᠳᠠᠲᠠᠢ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃    ᠬᠤᠷᠠᠯ ᠠᠴᠠ᠂ ︽ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ︾᠎ ᠶᠢᠨ ᠵᠣᠷᠢᠭ ᠰᠠᠨᠠᠭᠠᠨ ᠤ ᠮᠥᠨ ᠴᠢᠨᠠᠷ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠦ᠂ ᠬᠠᠤᠯᠢ ᠶᠣᠰᠣᠭᠠᠷ ᠡᠷᠬᠡ ᠲᠤᠰᠢᠶᠠᠯ ᠢᠶᠠᠨ ᠴᠢᠩᠭ᠎ᠠ ᠬᠡᠷᠡᠭᠵᠢᠭᠦᠯᠦᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠢᠶᠠᠨ ᠲᠠᠰᠤᠷᠠᠯᠲᠠ ᠦᠭᠡᠢ ᠰᠠᠶᠢᠵᠢᠷᠠᠭᠤᠯᠤᠨ᠂ ᠬᠠᠤᠯᠢ ᠬᠡᠷᠡᠭᠵᠢᠭᠦᠯᠬᠦ ᠬᠡᠪ ᠪᠣᠯᠪᠠᠰᠤᠷᠠᠯ ᠢᠶᠠᠨ ᠴᠢᠩᠭᠠᠳᠬᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠨᠠᠩ ᠰᠠᠶᠢᠨ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠬᠤᠳᠠ ᠶᠢᠨ ᠵᠠᠮ ᠬᠤᠭᠤᠯᠠᠢ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠪᠣᠯᠣᠨ ᠤᠰᠤ ᠵᠠᠯᠠᠬᠤ ᠦᠶᠡᠷ ᠢ ᠰᠡᠷᠭᠡᠶᠢᠯᠡᠬᠦ ᠲᠥᠷᠥᠯ ᠵᠦᠢᠯ ᠢ ᠳᠡᠭᠡᠳᠥ ᠪᠠᠷᠢᠮᠵᠢᠶ᠎ᠠ ᠪᠠᠷ ᠲᠦᠯᠬᠢᠨ ᠠᠬᠢᠭᠤᠯᠵᠤ ᠂ ᠬᠤᠳᠠ ᠶᠢᠨ ᠶᠡᠷᠦᠩᠬᠡᠶᠢᠯᠡᠭᠰᠡᠨ ᠳᠠᠭᠠᠭᠠᠴᠠ ᠶᠢᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ ᠂ ᠬᠤᠳᠠ ᠶᠢᠨ ᠠᠮᠤᠷ ᠲᠦᠪᠰᠢᠨ ᠲᠣᠭᠲᠠᠭᠤᠨ ᠢᠶᠠᠷ ᠣᠷᠴᠢᠬᠤ ᠶᠢ ᠪᠠᠲᠤᠯᠠᠬᠤ ᠬᠡᠷᠡᠭᠲᠡᠢ ᠃ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠵᠢᠯ ᠢ ᠠᠬᠢᠭᠤᠯᠬᠤ ᠂ ᠬᠥᠭᠵᠢᠯᠲᠡ ᠶᠢ ᠠᠬᠢᠭᠤᠯᠬᠤ ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠲᠠᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ ᠂ ᠨᠢᠭᠡ ᠠᠴᠠ ᠵᠥᠢᠴᠢᠯᠡᠨ ᠭᠤᠷᠪᠠ ᠶᠢ ᠥᠢᠯᠠᠭᠠᠵᠤ᠂ ᠡᠯ᠎ᠡ ᠬᠦᠷᠢᠶᠡᠨ ᠤ ᠠᠵᠢᠯ ᠢ ᠲᠠᠬᠢᠨ ᠡᠮᠬᠢᠯᠡᠵᠦ ᠂ ᠲᠠᠬᠢᠨ ᠳᠠᠷᠠᠭᠠᠯᠠᠨ ᠪᠠᠶᠢᠴᠠᠭᠠᠬᠤ ᠬᠡᠷᠡᠭᠲᠡᠢ ᠃ ᠤᠯᠠᠮᠵᠢᠯᠠᠯᠲᠤ ᠪᠠᠷᠠᠭᠠᠨ ᠤ ᠭᠦᠢᠯᠭᠡᠭᠡᠨ ᠤ ᠦᠢᠯᠡᠰ ᠤᠨ ᠲᠣᠭᠠᠴᠢᠯᠠᠬᠤ ᠠᠬᠢᠴᠠ ᠶᠢ ᠲᠦᠷᠭᠡᠳᠬᠡᠵᠦ᠂ ᠦᠢᠯᠡᠳᠬᠦᠨ ᠤ ᠬᠠᠩᠭᠠᠯᠭ᠎ᠠ ᠶᠢᠨ ᠬᠡᠯᠬᠢᠶᠡᠰᠦ ᠶᠢᠨ ᠳᠡᠭᠡᠳᠦ ᠳᠣᠣᠷᠠᠳᠤ ᠬᠡᠰᠡᠭ ᠤᠨ ᠲᠤᠬᠠᠶᠢᠯᠠᠭᠰᠠᠨ ᠠᠵᠢᠯ ᠢ ᠤᠯᠠᠮ ᠨᠢᠭᠡ ᠠᠯᠬᠤᠮ ᠤᠷᠲᠤᠳᠬᠠᠵᠤ ᠂ ᠪᠠᠷᠠᠭᠠᠨ ᠤ ᠭᠦᠢᠯᠭᠡᠭᠡᠨ ᠤ ᠦᠢᠯᠡᠰ ᠤᠨ ᠠᠵᠤ ᠦᠢᠯᠡᠰ ᠤᠨ ᠪᠦᠯᠦᠭᠯᠡᠯ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠪᠥᠬᠦ ᠲᠣᠭᠤᠷᠢᠭ ᠤᠨ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠠᠵᠤ ᠦᠢᠯᠡᠰ ᠤᠨ ᠵᠢᠷᠤᠮᠵᠢᠯ ᠲᠠᠢ᠂ ᠡᠷᠡᠭᠦᠯ᠂ ᠦᠷᠭᠦᠯᠵᠢᠯᠡᠨ ᠬᠥᠭᠵᠢᠬᠦ ᠶᠢ ᠠᠬᠢᠭᠤᠯᠬᠤ ᠬᠡᠷᠡᠭᠲᠡᠢ᠃ ᠰᠢᠨ᠎ᠡ ᠬᠡᠯᠪᠡᠷᠢ ᠶᠢᠨ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠬᠦ ᠪᠡᠯᠡ ᠮᠥᠩᠭᠦ ᠪᠣᠯᠣᠨ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠢ ᠪᠡᠯᠡ ᠮᠥᠩᠭᠦ ᠶᠢ ᠭᠦᠢᠴᠡᠳ ᠪᠥᠭᠡᠳ ᠰᠠᠶᠢᠲᠤᠷ ᠬᠡᠷᠡᠭᠯᠡᠵᠦ ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠨ ᠪᠤᠵᠠᠭᠠᠶᠢᠷᠠᠬᠤ ᠶᠢ ᠲᠦᠷᠭᠡᠳᠬᠡᠨ ᠠᠬᠢᠭᠤᠯᠵᠤ ᠂ ᠬᠥᠳᠡᠭᠡ ᠠᠵᠤ ᠠᠬᠤᠢ ᠶᠢᠨ ᠦᠷᠭᠦᠯᠵᠢᠯᠡᠨ ᠬᠥᠭᠵᠢᠬᠦ ᠂ ᠲᠠᠷᠢᠶᠠᠴᠢᠳ ᠤᠨ ᠣᠷᠣᠯᠭ᠎ᠠ ᠶᠢᠨ ᠦᠷᠭᠦᠯᠵᠢᠯᠡᠨ ᠨᠡᠮᠡᠭᠳᠡᠬᠦ ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠠᠬᠢᠭᠤᠯᠬᠤ ᠬᠡᠷᠡᠭᠲᠡᠢ ᠭᠡᠵᠦ ᠱᠠᠭᠠᠷᠳᠠᠵᠠᠢ᠃    ᠬᠤᠷᠠᠯ ᠎ ᠠᠴᠠ ᠪᠠᠰᠠ ᠪᠤᠰᠤᠳ ᠠᠵᠢᠯ ᠢ ᠰᠤᠳᠤᠯᠤᠨ ᠪᠠᠶᠢᠷᠢᠯᠠᠭᠤᠯᠪᠠ ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1