ᠶᠤᠸᠠᠨ ᠪᠦᠦ ᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ ᠵᠢᠷᠭᠤᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/10
   
1_副本.jpg
       5 ᠰᠠᠷ᠎ᠠ ᠶᠢᠨ 9᠎ ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ ᠵᠢᠷᠭᠤᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠺᠠᠶ᠂ ᠳᠡᠳ᠋ ᠡᠷᠬᠢᠯᠡᠭᠴᠢ ᠯᠢ ᠸᠧᠨ ᠵᠢᠶᠦ᠋ᠨ᠂ ᠵᠠᠩ ᠴᠢᠶᠦ᠋ᠨ᠂ ᠵᠢᠶᠠ ᠱᠤ᠋ ᠱᠦᠨ᠂ ᠢᠦᠶ ᠵᠢᠩ ᠴᠦᠨ ᠵᠢᠴᠢ ᠭᠡᠰᠢᠭᠦᠳ 32 ᠬᠥᠮᠦᠨ ᠬᠤᠷᠠᠯ ᠳᠤ ᠣᠷᠣᠯᠴᠠᠵᠠᠶ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠠᠨ ᠪᠥᠸᠧ᠂ ᠲᠤᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠡᠤ ᠰᠢᠤ ᠮᠢᠩ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠭᠴᠢ ᠳᠠᠷᠤᠭ᠎ᠠ ᠹᠠᠨ ᠰᠢᠶᠣᠣ ᠴᠢᠦ᠂ ᠲᠤᠭᠤᠷᠢᠭ ᠤᠨ ᠬᠢᠨᠠᠨ ᠪᠠᠶᠢᠴᠠᠭᠠᠬᠤ ᠵᠥᠪᠯᠡᠯ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠬᠡᠷ᠂ ᠲᠤᠭᠤᠷᠢᠭ ᠤᠨ ᠵᠠᠰᠠᠭ ᠤᠨ ᠣᠷᠳᠤᠨ ᠤ ᠠᠯᠪᠠᠨ ᠬᠡᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ  ᠪᠣᠯᠤᠨ ᠬᠥᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ᠂ ᠲᠤᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠲᠤᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠲᠤᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠲᠤᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠭᠤᠤᠯ ᠬᠠᠷᠢᠭᠤᠴᠠᠯᠭᠠᠲᠠᠨ᠂ ᠬᠡᠰᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠵᠠᠶ᠃    ᠬᠤᠷᠠᠯ ᠠᠴᠠ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2023 ᠣᠨ ᠤ ᠬᠢᠨᠠᠨ ᠵᠥᠪᠯᠡᠭᠰᠡᠨ ᠰᠠᠨᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ᠂ ᠪᠦᠬᠦ ᠲᠣᠭᠤᠷᠢᠭ ᠤᠨ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠶᠢ ᠠᠬᠢᠭᠤᠯᠬᠤ ᠲᠦᠷᠢᠮ ︾᠎ ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠬᠤ ᠶᠢ ᠠᠬᠢᠭᠤᠯᠬᠤ ᠳᠥᠷᠢᠮ︾ ᠎ ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠦᠬᠦ ᠲᠣᠭᠤᠷᠢᠭ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ᠂ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠶᠢ ᠠᠬᠢᠭᠤᠯᠬᠤ ᠲᠦᠷᠢᠮ ︾᠎ ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ︔ ᠬᠤᠷᠠᠯ ᠠᠴᠠ ᠣᠨᠴᠠ ᠵᠠᠷᠢᠮ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠲᠤ ᠡᠷᠡᠭᠦᠦ ᠶᠢᠨ ᠬᠡᠷᠡᠭ ᠤᠨ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠬᠤ ᠶᠢ ᠵᠥᠪᠰᠢᠶᠡᠷᠡᠪᠡ ︔ ᠬᠤᠷᠠᠯ ᠠᠴᠠ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠡᠰᠡᠭ ᠠᠵᠢᠯ ᠤᠨ ᠵᠥᠪᠯᠡᠯ ᠤᠨ ᠨᠡᠷ᠎ᠡ ᠶᠢ ᠬᠤᠪᠢᠷᠠᠭᠤᠯᠬᠤ ᠲᠣᠭᠲᠠᠭᠠᠯ ᠢ ᠪᠠᠲᠤᠯᠠᠪᠠ︔ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠪᠠᠭᠤᠯᠭᠠᠬᠤ ᠵᠦᠢᠯᠡᠰ ᠢ ᠪᠠᠲᠤᠯᠠᠪᠠ᠃
2_副本.jpg
        ᠯᠢ ᠺᠠᠶ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠬᠥᠮᠦᠰ ᠲᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠪᠠ ︔ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠬᠥᠮᠦᠰ ᠦᠨᠳᠦᠰᠦᠨ ᠬᠠᠤᠯᠢ ᠳᠤ ᠲᠥᠪ ᠴᠢᠩᠭ᠎ᠠ ᠲᠠᠩᠭᠠᠷᠢᠭᠯᠠᠪᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1