ᠵᠠᠩ ᡁᠢ ᠸᠧᠢ ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ ᠤ 2024 ᠣᠨ ᠤ 5 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/10
    5 ᠰᠠᠷ᠎ᠠ ᠶᠢᠨ 9᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠶ ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ ᠤ 2024 ᠣᠨ ᠤ 5 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠵᠢᠶᠤᠤ ᠴᠢᠩ ᠳ᠋ᠦᠩ᠂ ᠸᠠᠩ ᠶᠠᠨ ᠪᠥᠸᠧ᠂ ᠯᠢ ᠽᠦᠩ ᠮᠧᠩ ᠂ ᠶᠢᠨ ᠮᠢᠩ᠂ ᠶᠢᠨ ᠲᠧᠩ ᠵᠢᠶᠤᠤ᠂ ᠯᠢ ᠸᠧᠶ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ ᠶᠠᠩ ᠰᠢᠨ ᠢᠦᠶ ᠬᠤᠷᠠᠯ ᠳᠤ ᠣᠷᠣᠯᠴᠠᠵᠤ᠂ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠡᠯ᠎ᠡ ᠪᠠᠯᠭᠠᠰᠤ ᠰᠢᠶᠠᠩ ᠵᠡᠭᠡᠯᠢ ᠶᠢᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠶ᠃    ᠬᠤᠷᠠᠯ ᠠᠴᠠ ᠯᠢᠦ ᠶᠢᠨ ᠭᠦᠸᠧ ᠨᠥᠬᠦᠷ ᠤᠨ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠪᠦᠬᠦ ᠤᠯᠤᠰ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠲᠠᠪᠤᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠬᠤᠷᠠᠯ ᠪᠣᠯᠤᠨ ᠤᠯᠠᠭᠠᠨᠬᠠᠳᠠ ᠬᠤᠳᠠ ᠶᠢᠨ ︽ᠠᠷᠪᠠᠨ ᠲᠠᠪᠤᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠬᠢᠨᠠᠨ ᠪᠤᠳᠤᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠡᠷᠭᠡ ᠬᠤᠯᠪᠣᠭᠳᠠᠯ ᠪᠦᠬᠦᠢ ᠶᠠᠪᠤᠳᠠᠯ ᠢ ᠰᠤᠳᠤᠯᠪᠠ︔ ᠵᠠᠰᠠᠭ ᠤᠨ ᠣᠷᠳᠣᠨ ᠤ ᠰᠢᠰᠲ᠋ᠧᠮ ᠤᠨ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠪᠠ ᠬᠢᠨᠠᠨ ᠪᠤᠳᠤᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠡᠷᠭᠡ ᠬᠤᠯᠪᠣᠭᠳᠠᠯ ᠪᠦᠬᠦᠢ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢ ᠲᠤᠬᠢᠷᠠᠭᠤᠯᠪᠠ᠃    ᠬᠤᠷᠠᠯ ᠠᠴᠠ᠂ ᠡᠯ᠎ᠡ ᠪᠠᠯᠭᠠᠰᠤ ᠰᠢᠶᠠᠩ ᠵᠡᠭᠡᠯᠢ᠂ ᠡᠯ᠎ᠡ ᠰᠠᠯᠠᠭ᠎ᠠ ᠮᠥᠴᠢᠷ ︽ᠲᠦᠷᠪᠡᠨ ᠠᠩᠬᠠᠷᠤᠯ︾᠎ ᠤᠨ ᠭᠤᠣᠯᠳᠠᠯᠭ᠎ᠠ ᠲᠠᠢ ᠬᠦᠷᠢᠶ᠎ᠡ ᠪᠣᠯᠤᠨ ᠵᠢᠷᠭᠤᠭᠠᠨ ᠵᠦᠢᠯ ᠤᠨ ᠴᠡᠭᠴᠡᠯᠡᠨ ᠵᠠᠰᠠᠬᠤ ᠭᠤᠣᠯᠳᠠᠯᠭ᠎ᠠ ᠶᠢᠨ ᠲᠣᠭᠤᠷᠢᠨ ᠳᠤ᠂ ᠤᠯᠠᠨ ᠲᠦᠮᠡᠨ ᠤ ᠳᠡᠷᠭᠡᠳᠡᠬᠢ ᠳᠤᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠬᠠᠷᠢᠭᠤᠴᠠᠯᠭ᠎ᠠ ᠶᠢᠨ ᠨᠠᠷᠢᠨ ᠲᠠᠩᠰᠠ ᠲᠠᠢ ᠬᠠᠷᠭᠤᠭᠤᠯᠵᠤ ᠂ ᠬᠠᠷᠢᠭᠤᠴᠠᠯᠭ᠎ᠠ ᠶᠢ ᠴᠢᠨᠠᠭᠰᠢᠳᠠ ᠪᠣᠳᠠᠲᠠᠶᠢᠵᠢᠭᠤᠯᠵᠤ᠂ ᠴᠠᠭ᠂ ᠤᠶᠤᠨ ᠴᠢᠳᠠᠯ᠂ ᠬᠦᠴᠦᠨ ᠢᠶᠠᠨ ᠲᠥᠪᠯᠡᠷᠡᠭᠦᠯᠵᠦ᠂ ᠥᠪᠡᠷ ᠢᠶᠠᠨ ᠵᠠᠯᠠᠷᠠᠭᠤᠯᠵᠤ ᠥᠪᠡᠷ ᠢᠶᠠᠨ ᠪᠠᠶᠢᠴᠠᠭᠠᠬᠤ ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠶᠢ ᠭᠦᠨᠵᠡᠭᠡᠢ ᠥᠷᠨᠢᠭᠦᠯᠵᠦ᠂ ᠡᠯ᠎ᠡ ᠵᠦᠢᠯ ᠤᠨ ᠴᠡᠭᠴᠡᠯᠡᠨ ᠵᠠᠰᠠᠬᠤ ᠡᠭᠦᠷᠭᠡ ᠶᠢ ᠴᠡᠭ ᠲᠤ ᠬᠦᠷᠲᠡᠯ᠎ᠡ ᠨᠠᠷᠢᠯᠢᠬᠵᠢᠭᠤᠯᠬᠤ᠂ ᠬᠠᠷᠢᠭᠤᠴᠠᠯᠭ᠎ᠠ ᠶᠢ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠠᠮᠢᠳᠤᠷᠠᠯ ᠤᠨ ᠬᠦᠴᠢᠷ ᠲᠦᠪᠡᠭᠲᠡᠶ ᠠᠰᠠᠭᠤᠳᠠᠯ᠂ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠬᠦᠴᠦᠯᠡᠬᠦ ᠴᠡᠭ ᠪᠣᠯᠤᠨ ᠰᠢᠪᠲᠤᠯᠤᠯᠲᠠ ᠶᠢᠨ ᠴᠡᠭ ᠢ ᠣᠨᠣᠪᠴᠢᠲᠠᠢ ᠣᠯᠵᠤ᠂ ︽ᠪᠠᠭ᠎ᠠ ᠣᠭᠲᠤᠯᠤᠭᠠᠰᠤ︾᠎ ᠪᠠᠷ ︽ᠶᠡᠭᠡ ᠴᠡᠭᠴᠡᠯᠡᠨ ᠵᠠᠰᠠᠯᠲᠠ︾᠎ ᠶᠢ ᠠᠬᠢᠭᠤᠯᠬᠤ ᠬᠡᠷᠡᠭᠲᠡᠢ᠃ ᠨᠢᠭᠡ ᠪᠦᠯᠦᠭ ᠤᠯᠠᠨ ᠲᠦᠮᠡᠨ ᠤ ᠳᠡᠷᠭᠡᠳᠡᠬᠢ ᠪᠣᠳᠠᠲᠠᠢ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠵᠦ᠂ ᠠᠷᠠᠳ ᠤᠯᠠᠨ ᠢ ᠨᠡᠩ ᠤᠯᠠᠨ ᠬᠦᠷᠲᠡᠮᠵᠢ ᠶᠢᠨ ᠲᠦᠷᠦᠭᠳᠡᠯ ᠲᠠᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃    ᠬᠤᠷᠠᠯ ᠠᠴᠠ᠂ ︽ᠠᠷᠪᠠᠨ ᠲᠠᠪᠤᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠴᠢᠬᠤᠯᠠ ᠠᠴᠢ ᠬᠤᠯᠪᠣᠭᠳᠠᠯ ᠢ ᠣᠨᠣᠪᠴᠢᠲᠠᠶ ᠡᠵᠡᠮᠳᠡᠵᠦ᠂ ︽ᠭᠤᠷᠪᠠᠨ ᠴᠢᠬᠤᠯᠠ ᠶᠡᠭᠡ︾᠎ ᠶᠢ ᠰᠢᠰᠲ᠋ᠧᠮ ᠲᠠᠢ ᠡᠮᠬᠢᠯᠡᠵᠦ᠂ ᠨᠢᠭᠡ ᠪᠦᠯᠦᠭ ᠭᠤᠤᠯᠳᠠᠯᠭ᠎ᠠ ᠲᠠᠢ ᠠᠵᠢᠯ ᠢ ᠤᠷᠢᠳᠴᠢᠯᠠᠨ ᠲᠥᠯᠥᠪᠯᠡᠬᠦ ᠬᠡᠷᠡᠭᠲᠡᠶ᠃ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠲᠠᠢ ᠨᠢᠭᠲᠠ ᠤᠶᠠᠯᠳᠤᠭᠤᠯᠤᠨ᠂ ᠠᠵᠤ ᠦᠢᠯᠡᠰ ᠤᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠂ ᠢᠷᠡᠭᠡᠳᠦᠢ ᠶᠢᠨ ᠠᠵᠤ ᠦᠢᠯᠡᠰ ᠢ ᠲᠥᠯᠥᠪᠵᠢᠭᠦᠯᠬᠦ ᠬᠡᠷᠡᠭᠲᠡᠢ᠃ ᠨᠡᠶᠢᠭᠡᠮ ᠤᠨ ᠦᠢᠯᠡᠰ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠥᠮᠦᠨ ᠠᠮᠠ ᠶᠢᠨ ᠤᠯᠠᠮ ᠨᠢᠭᠡ ᠠᠯᠬᠤᠮ ᠨᠡᠮᠡᠭᠳᠡᠬᠦ᠂ ᠴᠢᠳᠠᠪᠤᠷᠢᠲᠠᠨ ᠤ ᠲᠠᠲᠠᠬᠤ ᠬᠦᠴᠦᠨ ᠢ ᠤᠯᠠᠮ ᠨᠢᠭᠡ ᠠᠯᠬᠤᠮ ᠴᠢᠩᠭᠠᠳᠬᠠᠬᠤ ᠶᠢ ᠲᠦᠷᠭᠡᠪᠴᠢᠯᠡᠨ ᠠᠬᠢᠭᠤᠯᠬᠤ ᠬᠡᠷᠡᠭᠲᠡᠶ᠃ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠳᠡᠭᠡᠳᠦ ᠱᠠᠲᠤᠨ ᠤ ᠨᠡᠩ ᠤᠯᠠᠨ ᠬᠠᠪᠰᠤᠷᠤᠨ ᠵᠢᠯᠤᠭᠤᠳᠤᠯᠭ᠎ᠠ ᠶᠢ ᠢᠳᠡᠪᠬᠢᠲᠡᠢ ᠴᠢᠷᠮᠠᠶᠢᠨ ᠣᠯᠵᠤ᠂ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠵᠢᠯᠣᠭᠤᠳᠬᠤ ᠴᠢᠨᠠᠷ ᠪᠣᠯᠤᠨ ᠬᠡᠷᠡᠭᠵᠢᠭᠦᠯᠵᠦ ᠪᠣᠯᠬᠤᠶᠢᠴᠠ ᠴᠢᠨᠠᠷ ᠢ ᠦᠨᠡᠨᠬᠦ ᠳᠡᠭᠡᠭᠰᠢᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠪᠠᠯᠭᠠᠰᠤ ᠰᠢᠶᠠᠩ ᠵᠡᠭᠡᠯᠢ ᠬᠢᠨᠠᠨ ᠪᠤᠳᠤᠯᠳᠠ ᠶᠢᠨ ᠬᠢᠨᠠᠯᠲᠠ ᠲᠠᠯᠪᠢᠬᠤ ᠪᠠ ᠬᠢᠨᠠᠨ ᠪᠤᠳᠤᠯᠳᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠠᠩᠰᠠ ᠶᠢ ᠴᠢᠩᠭ᠎ᠠ ᠬᠠᠷᠭᠤᠭᠤᠯᠵᠤ᠂ ᠲᠦᠷᠭᠡᠨ ᠪᠥᠭᠡᠳ ᠴᠢᠩᠭ᠎ᠠ ᠵᠠᠰᠠᠵᠤ᠂ ᠦᠨᠡᠨ ᠪᠣᠳᠠᠲᠠᠢ ᠵᠠᠰᠠᠬᠤ ᠶᠢ ᠠᠬᠢᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠴᠢᠩᠭ᠎ᠠ ᠪᠣᠳᠠᠲᠠᠢ ᠳᠠᠬᠢᠨ ᠬᠢᠨᠠᠬᠤ ᠪᠠ ︽ᠡᠷᠬᠢᠨ ᠬᠠᠷᠠᠬᠤ︾ ᠠᠵᠢᠯ ᠢ ᠴᠢᠩᠭ᠎ᠠ ᠪᠣᠳᠠᠲᠠᠢ ᠬᠢᠵᠦ᠂ ᠬᠢᠨᠠᠨ ᠪᠤᠳᠤᠯᠳᠠ ᠶᠢᠨ ᠴᠡᠭᠴᠡᠯᠡᠨ ᠰᠠᠶᠢᠵᠢᠷᠠᠭᠤᠯᠬᠤ ᠳᠠᠷᠠᠭᠠᠴᠢ ᠶᠢᠨ ᠠᠵᠢᠯ ᠢ ᠦᠨᠡᠨ ᠬᠦ ᠰᠠᠶᠢᠲᠤᠷ ᠠᠳᠬᠤᠵᠤ᠂ ᠦᠨᠡᠨ ᠪᠣᠳᠠᠲᠠᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠶᠢ ᠪᠠᠷᠢᠮᠲᠠᠯᠠᠵᠤ᠂ ᠬᠢᠨᠠᠨ ᠪᠤᠳᠤᠬᠤ ᠰᠠᠨᠠᠭᠤᠯᠭ᠎ᠠ ᠲᠠᠢ ᠬᠠᠷᠢᠴᠠᠭᠤᠯᠤᠨ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠭᠦᠨᠵᠡᠭᠡᠢ ᠥᠷᠨᠢᠭᠦᠯᠵᠦ᠂ ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠦᠷᠢᠮ ᠲᠣᠭᠲᠠᠴᠠ ᠶᠢ ᠪᠦᠷᠢᠨᠰᠢᠬᠦᠯᠵᠦ᠂ ᠠᠯᠳᠠᠰᠢ ᠭᠠᠷᠬᠤ ᠶᠢ ᠡᠬᠢ ᠡᠭᠦᠰᠦᠯ ᠠᠴᠠ ᠨᠢ ᠬᠤᠷᠢᠭᠯᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠢ ᠭᠡᠵᠦ ᠱᠠᠭᠠᠷᠳᠠᠪᠠ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1