ᠤᠯᠤᠰ ᠲᠥᠷᠥ ᠶᠢᠨ ᠵᠥᠪᠯᠡᠯᠭᠡᠨ ᠤ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/11
    1_副本.jpg
       5 ᠰᠠᠷ᠎ᠠ ᠶᠢᠨ 10᠎ ᠤ ᠡᠳᠦᠷ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠸᠠᠩ ᠵᠧᠨ ᠯᠢᠶᠠᠩ ᠤᠯᠤᠰ ᠲᠥᠷᠥ ᠶᠢᠨ ᠵᠥᠪᠯᠡᠯᠭᠡᠨ ᠤ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠹᠧᠩ ᠬᠤᠸᠠ᠂ ᠢᠦᠢ ᠽᠦᠸᠧ ᠬᠤᠤ᠂ ᠳ᠋ᠢᠩ ᠰᠢᠶᠤᠤ ᠢᠦᠢ ᠂ ᠯᠢᠦ ᠯᠢᠩ ᠶᠠᠨ᠂ ᠨᠠᠷᠢᠨ ᠪᠢᠴᠢᠭ ᠤᠨ ᠳᠠᠷᠤᠭ᠎ᠠ ᠭᠤᠤ ᠢ ᠵᠢᠶᠠᠩ ᠵᠢᠴᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠪᠠ᠃ ᠲᠤᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠤ ᠬᠠᠷᠢᠭᠤᠴᠠᠯᠭᠠᠲᠠᠨ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠵᠥᠪᠯᠡᠯ ᠲᠠᠰᠤᠭ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ 2024 ᠣᠨ ᠤ ᠪᠦᠬᠦ ᠤᠯᠤᠰ ᠤᠨ ︽ᠬᠤᠶᠠᠷ ᠬᠤᠷᠠᠯ︾᠎ ᠤᠨ ᠬᠤᠭᠤᠴᠠᠭᠠᠨ ᠳᠤ ᠤᠯᠤᠰ ᠲᠦᠷᠦ ᠶᠢᠨ ᠵᠥᠪᠯᠡᠯᠭᠡᠨ ᠤ ᠬᠤᠷᠠᠯ ᠳᠤ ᠣᠷᠣᠯᠴᠠᠭᠰᠠᠨ ᠭᠤᠮᠢᠨᠳᠠᠩ ᠤᠨ ᠬᠤᠪᠢᠰᠬᠠᠯᠲᠤ ᠬᠤᠷᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠲᠡᠭᠡᠳ᠂ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠭᠡᠰᠢᠭᠦᠳ ᠢ ᠡᠷᠬᠢᠨ ᠦᠵᠡᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠪᠠ︔ ᠲᠤᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠤ ᠮᠠᠨ ᠤ ᠲᠤᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ︔ ︽ᠤᠯᠤᠰ ᠲᠥᠷᠥ ᠶᠢᠨ ᠵᠥᠪᠯᠡᠯᠭᠡᠨ ᠤ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠬᠤᠷᠢᠶᠠᠨ ᠤ ᠭᠡᠰᠢᠭᠦᠳ ᠲᠠᠢ ᠬᠠᠷᠢᠯᠴᠠᠬᠤ ᠠᠵᠢᠯ ᠤᠨ ᠠᠷᠭ᠎ᠠ ︾᠎ ᠶᠢ ᠬᠢᠨᠠᠨ ᠵᠥᠪᠯᠡᠵᠦ ᠪᠠᠲᠤᠯᠠᠪᠠ ︔ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ︽ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠡᠯ᠎ᠡ ᠵᠦᠢᠯ ᠤᠨ ᠠᠵᠢᠯ ᠤᠨ ᠭᠤᠤᠯ ᠱᠤᠭᠤᠮ - ᠶᠦᠨᠨᠠᠨ ᠮᠤᠵᠢ ᠳᠤ ᠰᠢᠨᠵᠢᠯᠡᠨ ᠪᠠᠶᠢᠴᠠᠭᠠᠵᠤ ᠰᠤᠷᠤᠯᠴᠠᠭᠰᠠᠨ ᠮᠡᠳᠡᠭᠦᠯᠦᠯᠲᠡ︾ ᠪᠠ ︽ᠪᠤᠭᠤᠲᠤ ᠬᠤᠲᠠ ᠶᠢᠨ ᠲᠦᠮᠡᠳ ᠪᠠᠷᠠᠭᠤᠨ ᠬᠤᠰᠢᠭᠤ᠂ ᠴᠢᠩᠱᠠᠨ ᠲᠣᠭᠤᠷᠢᠭ ᠵᠡᠷᠭᠡ ᠭᠠᠵᠠᠷ ᠲᠤ ᠬᠦᠷᠴᠦ ᠭᠡᠰᠢᠭᠦᠳ ᠤᠨ ᠠᠵᠢᠯᠯᠠᠬᠤ ᠲᠠᠰᠤᠭ ᠤᠨ ᠪᠠᠶᠢᠭᠤᠯᠤᠯᠲᠠ ᠶᠢ ᠠᠬᠢᠭᠤᠯᠬᠤ᠂ ᠤᠯᠤᠰ ᠲᠥᠷᠥ ᠶᠢᠨ ᠵᠥᠪᠯᠡᠯᠭᠡᠨ ᠤ ᠵᠥᠪᠯᠡᠯᠭᠡ ᠬᠢᠭᠡᠳ ᠦᠨᠳᠦᠰᠦᠨ ᠱᠠᠲᠤᠨ ᠤ ᠵᠥᠪᠯᠡᠯᠭᠡ ᠶᠢ ᠪᠦᠲᠦᠮᠵᠢᠲᠡᠶ ᠵᠣᠯᠭᠠᠭᠤᠯᠬᠤ ᠵᠡᠷᠭᠡ ᠠᠵᠢᠯ ᠤᠨ ᠲᠤᠬᠠᠶ ᠰᠢᠨᠵᠢᠯᠡᠨ ᠪᠠᠶᠢᠴᠠᠭᠠᠵᠤ ᠰᠤᠷᠤᠯᠴᠠᠭᠰᠠᠨ ᠮᠡᠳᠡᠭᠦᠯᠦᠯᠲᠡ︾᠎ ᠶᠢ ᠵᠥᠪᠳᠡᠯᠴᠡᠨ ᠶᠠᠷᠢᠯᠴᠠᠪᠠ᠃    ᠬᠤᠷᠠᠯ ᠳᠡᠭᠡᠷ᠎ᠡ᠂ ᠸᠠᠩ ᠵᠧᠨ ᠯᠢᠶᠠᠩ ᠵᠢᠭᠠᠵᠤ ᠭᠠᠷᠭᠠᠭᠰᠠᠨ ᠨᠢ᠂ ᠤᠯᠤᠰ ᠲᠥᠷᠥ ᠶᠢᠨ ᠵᠥᠪᠯᠡᠯᠭᠡᠨ ᠤ ᠪᠥᠬᠦ ᠭᠡᠰᠢᠭᠦᠳ ᠶᠡᠷᠦᠩᠬᠡᠶ ᠱᠦᠵᠢ ᠰᠢ ᠶᠢᠨ ᠫᠢᠩ ᠤᠨ ᠪᠥᠬᠦ ᠤᠯᠤᠰ ᠤᠨ ︽ᠬᠤᠶᠠᠷ ᠬᠤᠷᠠᠯ︾᠎ ᠤᠨ ᠬᠤᠭᠤᠴᠠᠭᠠᠨ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠳ ᠵᠢᠱᠢᠶ᠎ᠡ ᠦᠵᠡᠭᠦᠯᠦᠨ ᠳᠠᠭᠠᠭᠤᠯᠬᠤ  ᠥᠢᠯᠡᠳᠥᠯ ᠢᠶᠠᠨ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠥᠢᠴᠡᠳᠬᠡᠬᠦ ᠶᠠᠪᠤᠴᠠ ᠳᠤ ᠮᠠᠨ ᠤ ᠲᠤᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠡᠯ᠎ᠡ ᠵᠦᠶ᠋ᠯ ᠤᠨ ᠠᠵᠢᠯ ᠢ ᠭᠤᠤᠯᠳᠠᠯᠭ᠎ᠠ ᠲᠠᠢ ᠠᠩᠬᠠᠷᠴᠤ ᠂ ᠢᠳᠡᠪᠬᠢᠲᠡᠶ ᠪᠠᠷ ᠠᠷᠭ᠎ᠠ ᠤᠬᠠᠭᠠᠨ ᠭᠠᠷᠭᠠᠨ ᠬᠦᠴᠦᠨ ᠴᠢᠳᠠᠯ ᠢᠶᠠᠨ ᠡᠷᠭᠦᠵᠦ᠂ ᠮᠠᠨ ᠤ ᠲᠤᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠥᠢᠯᠡᠰ ᠲᠤ ᠭᠡᠰᠢᠭᠦᠳ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠡᠢ᠃ ᠸᠠᠩ ᠵᠧᠨ ᠯᠢᠶᠠᠩ ᠪᠠᠰᠠ ᠤᠢᠢᠷ᠎ᠠ ᠶᠢᠨ ᠬᠤᠭᠤᠴᠠᠭᠠᠨ ᠤ ᠠᠵᠢᠯ ᠢ ᠰᠠᠶᠢᠲᠤᠷ ᠬᠢᠬᠦ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠠᠢ᠃ ᠲᠡᠷᠡ᠂ ᠪᠦᠬᠦ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ︽ᠬᠤᠶᠠᠷ ᠶᠡᠭᠡ ᠶᠠᠪᠤᠳᠠᠯ︾᠂ ︽ᠵᠢᠷᠭᠤᠭᠠᠨ ᠢᠨᠵᠧᠨᠧᠷᠢᠩ︾ ᠵᠡᠷᠭᠡ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠤᠯᠪᠣᠭᠳᠠᠬᠤ ᠭᠤᠣᠯᠳᠠᠯᠭ᠎ᠠ ᠲᠠᠢ ᠠᠵᠢᠯ ᠲᠠᠢ ᠨᠢᠭᠲᠠ ᠤᠶᠠᠯᠳᠤᠭᠤᠯᠵᠤ᠂ ᠠᠷᠠᠳ ᠤᠯᠠᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠢᠨ ᠳᠡᠭᠡᠷ᠎ᠡ ᠨᠢ ᠰᠡᠳᠦᠪ ᠢ ᠰᠣᠩᠭᠤᠵᠤ᠂ ᠭᠦᠨᠵᠡᠭᠡᠢ ᠵᠥᠪᠳᠡᠯᠴᠡᠵᠦ᠂ ᠪᠣᠳᠠᠲᠠᠢ ᠶᠢ ᠡᠷᠬᠢᠮᠯᠡᠨ ᠰᠠᠨᠠᠯ ᠰᠠᠨᠠᠭᠤᠯᠭ᠎ᠠ ᠳᠤᠷᠠᠳᠬᠤ ᠬᠡᠷᠡᠭᠲᠡᠢ︔ ᠪᠥᠬᠦ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ︽ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠦᠨᠡᠯᠡᠬᠦ ᠠᠷᠭ᠎ᠠ︾᠎ ᠶᠢ ᠰᠠᠶᠢᠲᠤᠷ ᠬᠡᠷᠡᠭᠯᠡᠨ ᠰᠠᠶᠢᠲᠤᠷ ᠬᠡᠷᠡᠭᠵᠢᠭᠦᠯᠵᠦ᠂ ︽ᠦᠨᠡᠯᠡᠬᠦ ᠠᠷᠭ᠎ᠠ︾᠎ ᠶᠢᠨ ᠳᠦᠷᠢᠮ ᠤᠨ ᠱᠠᠭᠠᠷᠳᠠᠯᠭ᠎ᠠ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠤᠨ ᠮᠡᠳᠡᠭᠦᠯᠦᠯᠲᠡ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠦᠨᠡᠯᠡᠬᠦ ᠠᠵᠢᠯ ᠢ ᠰᠠᠶᠢᠲᠤᠷ ᠪᠢᠴᠢᠭᠯᠡᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ︔ ᠤᠯᠤᠰ ᠲᠥᠷᠥ ᠶᠢᠨ ᠵᠥᠪᠯᠡᠯᠭᠡᠨ ᠤ ᠵᠥᠪᠯᠡᠯᠭᠡ ᠬᠢᠬᠦ ᠶᠢ ᠦᠨᠳᠦᠰᠦᠨ ᠱᠠᠲᠤ ᠲᠡᠶᠢᠰᠢ ᠤᠷᠲᠤᠳᠬᠠᠬᠤ ᠶᠢ ᠭᠦᠨᠵᠡᠭᠡᠶ ᠠᠬᠢᠭᠤᠯᠵᠤ᠂ ᠤᠯᠤᠰ ᠲᠥᠷᠥ ᠶᠢᠨ ᠵᠥᠪᠯᠡᠯᠭᠡᠨ ᠤ ᠪᠥᠬᠦ ᠭᠡᠰᠢᠭᠦᠳ ᠡᠷᠬᠡᠪᠰᠢ ᠰᠠᠨᠠᠭᠠᠴᠢᠯᠠᠭ᠎ᠠ ᠠᠴᠠ ᠪᠠᠨ ᠵᠥᠪᠳᠡᠯᠴᠡᠬᠦ ᠤᠬᠠᠮᠰᠠᠷ ᠢᠶᠠᠨ ᠴᠢᠩᠭᠠᠳᠬᠠᠵᠤ ᠂ ︽ᠭᠡᠰᠢᠭᠦᠳ ᠤᠨ ᠠᠵᠢᠯ ᠤᠨ ᠲᠠᠰᠤᠭ︾᠎ ᠤᠨ ᠵᠥᠪᠯᠡᠬᠦ ᠲᠠᠪᠴᠠᠩ ᠢ ᠰᠠᠶᠢᠲᠤᠷ ᠠᠰᠢᠭᠯᠠᠨ᠂ ᠦᠨᠳᠦᠰᠦᠨ ᠱᠠᠲᠤᠨ ᠤ ᠵᠥᠪᠯᠡᠯᠭᠡᠨ ᠳᠤ ᠢᠳᠡᠪᠬᠢᠲᠡᠶ ᠣᠷᠣᠯᠴᠠᠵᠤ᠂ ︽ᠰᠠᠶᠢᠨ ᠶᠠᠪᠤᠳᠠᠯ ᠢ ᠰᠠᠶᠢᠲᠤᠷ ᠬᠢᠵᠦ᠂ ᠤᠴᠢᠷ ᠶᠠᠪᠤᠳᠠᠯ ᠲᠣᠬᠢᠶᠠᠯᠳᠤᠪᠠᠯ ᠰᠠᠶᠢᠲᠤᠷ ᠵᠥᠪᠳᠡᠯᠴᠡᠵᠦ ᠢᠯᠡᠭᠦᠬᠡᠨ ᠵᠥᠪᠳᠡᠯᠴᠡᠬᠦ︾᠎ ᠶᠢ ᠪᠡᠶᠡᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠣᠯᠠᠨ ᠲᠦᠮᠡᠨ ᠲᠠᠢ ᠨᠠᠩ ᠰᠠᠶᠢᠲᠤᠷ ᠬᠠᠷᠢᠯᠴᠠᠵᠤ᠂ ᠲᠤᠰᠢᠶᠠᠯ ᠬᠠᠷᠢᠭᠤᠴᠠᠯᠭ᠎ᠠ ᠪᠠᠨ ᠨᠠᠩ ᠰᠠᠶᠢᠲᠤᠷ ᠭᠦᠢᠴᠡᠳᠭᠡᠵᠦ᠂ ᠵᠥᠪᠯᠡᠯᠭᠡ ᠬᠢᠬᠦ ᠶᠢ ᠨᠠᠩ ᠢᠲᠡᠭᠡᠯ ᠲᠡᠭᠦᠯᠳᠡᠷ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1