ᠼᠤᠤ ᡁᠢ ᠶᠦᠩ ᠮᠠᠨ ᠤ ᠲᠣᠭᠤᠷᠢᠭ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠬᠠᠮᠢᠶ᠎ᠠ ᠪᠦᠬᠦᠢ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/5/13
    5 ᠰᠠᠷ᠎ᠠ ᠶᠢᠨ 11᠎ ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠮᠠᠨ ᠤ ᠲᠤᠭᠤᠷᠢᠭ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠬᠠᠮᠢᠶ᠎ᠠ ᠪᠦᠬᠦᠢ ᠠᠵᠢᠯ ᠢ ᠪᠠᠶᠢᠴᠠᠭᠠᠨ ᠰᠤᠳᠤᠯᠵᠤ᠂ ᠲᠤᠬᠠᠢ ᠶᠢᠨ ᠲᠠᠯᠠᠪᠠᠢ ᠳᠤ ᠪᠦᠬᠦ ᠲᠤᠭᠤᠷᠢᠭ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠢᠪᠠᠳᠠᠨ ᠵᠢᠯᠣᠭᠤᠳᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠠᠨ ᠪᠥᠸᠧ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠯᠢ ᡁᠢ ᠭᠠᠩ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ᠂ ᠶᠤᠸᠠᠨ ᠪᠦᠦ ᠱᠠᠨ ᠤ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠬᠡᠷ ᠤᠨ ᠡᠷᠬᠢᠯᠡᠭᠴᠢ ᠯᠢ ᠸᠧᠶ᠂ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    ᠱᠤᠤ ᠵᠢᠶᠠ ᠸᠠᠨ ᠶᠡᠭᠡ ᠬᠥᠭᠦᠷᠭᠡ ᠳᠤ᠂ ᠼᠤᠤ ᡁᠢ ᠶᠦᠩ ᠢᠨᠵᠠᠭ᠎ᠠ ᠶᠢᠨ ᠭᠤᠣᠯ ᠤᠨ ᠭᠤᠣᠯ ᠢ ᠥᠭᠡᠷᠡᠴᠢᠯᠡᠬᠦ ᠢᠨᠵᠧᠨᠧᠷᠢᠩ ᠵᠢᠴᠢ ᠨᠡᠭᠦᠷᠡᠰᠦᠨ ᠳᠠᠪᠬᠤᠷᠭ᠎ᠠ ᠶᠢᠨ ᠤᠰᠤ ᠶᠢ ᠶᠡᠷᠦᠩᠬᠡᠶᠢᠯᠡᠨ ᠠᠰᠢᠭᠯᠠᠭᠰᠠᠨ ᠪᠠᠶᠢᠳᠠᠯ ᠢ ᠣᠶᠢᠯᠠᠭᠠᠪᠠ ᠃ ᠲᠡᠷᠡ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢᠨᠵᠠᠭ᠎ᠠ ᠶᠢᠨ ᠭᠤᠣᠯ ᠤᠨ ᠭᠤᠣᠯ ᠎ ᠢ ᠥᠭᠡᠷᠡᠴᠢᠯᠡᠬᠦ ᠢᠨᠵᠧᠨᠧᠷᠢᠩ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠤᠯᠤᠯᠴᠠᠭ᠎ᠠ ᠪᠠᠨ ᠴᠢᠩᠭᠠᠳᠬᠠᠨ᠂ ᠨᠢᠭᠲᠠ ᠬᠠᠮᠵᠢᠯᠴᠠᠵᠤ᠂ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠢᠨᠵᠧᠨᠧᠷᠢᠩ ᠢ ᠲᠣᠭᠲᠠᠭᠰᠠᠨ ᠬᠤᠭᠤᠴᠠᠭᠠᠨ ᠳᠤ᠂ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠶᠤᠸᠠᠨ ᠪᠦᠦ ᠱᠠᠨ ᠪᠠᠯᠭᠠᠰᠤᠨ ᠤ ᠮᠦ ᠳᠧᠦ ᠭᠧᠤ ᠲᠣᠰᠬᠤᠨ ᠳᠤ᠂ ᠼᠤᠤ ᡁᠢ ᠶᠦᠩ ᠥᠪᠥᠷ ᠮᠣᠩᠭᠤᠯ ᠤᠨ ᠳ᠋ᠠ ᠳ᠋ᠢ ᠶᠦᠨ ᠲᠢᠶᠠᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠹᠣᠰᠹᠣᠷ ᠵᠤᠭᠠᠩ ᠣᠪᠣᠭᠠᠯᠠᠬᠤ ᠲᠠᠯᠠᠪᠠᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠭᠰᠡᠨ ᠪᠠᠶᠢᠳᠠᠯ ᠢ ᠣᠶᠢᠯᠠᠭᠠᠪᠠ᠃ ᠲᠡᠷᠡ᠂ ᠠᠵᠤ ᠠᠬᠤᠶᠢᠯᠠᠯ ᠤᠨ ᠬᠢᠨ ᠪᠣᠬᠢᠷᠲᠤᠯ ᠦᠭᠡᠢ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠴᠢᠨᠠᠭᠰᠢᠳᠠ ᠴᠢᠩᠭᠠᠳᠬᠠᠵᠤ᠂ ᠪᠦᠬᠦ ᠲᠤᠭᠤᠷᠢᠭ ᠤᠨ ᠠᠮᠢ ᠠᠬᠤᠢ ᠶᠢᠨ ᠬᠠᠮᠠᠭᠠᠯᠠᠯᠲᠠ ᠵᠢᠴᠢ ᠠᠵᠤ ᠠᠬᠤᠢ ᠶᠢᠨ ᠬᠥᠭᠵᠢᠯᠲᠡ ᠳᠤ ᠢᠳᠡᠪᠬᠢᠲᠡᠢ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠶᠤᠸᠠᠨ ᠪᠦᠦ ᠱᠠᠨ ᠤ ᠠᠵᠤ ᠦᠢᠯᠡᠰ ᠤᠨ ᠬᠦᠷᠢᠶᠡᠯᠡᠩ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠳᠤ᠂ ᠼᠤᠤ ᡁᠢ ᠶᠦᠩ ᠬᠦᠷᠢᠶᠡᠯᠡᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠠᠳᠡᠯ ᠤᠨ ᠤᠰᠤᠨ ᠴᠥᠭᠦᠷᠥᠮ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠣᠶᠢᠯᠠᠭᠠᠪᠠ᠃ ᠲᠡᠷᠡ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠴᠡᠭᠴᠡᠯᠡᠨ ᠰᠠᠶᠢᠵᠢᠷᠠᠭᠤᠯᠬᠤ ᠵᠢᠷᠤᠭ ᠲᠥᠯᠥᠪᠯᠡᠭᠡ ᠶᠢᠨ ᠲᠥᠰᠦᠯ ᠢ ᠪᠥᠬᠦ ᠲᠠᠯ᠎ᠠ ᠪᠠᠷ ᠰᠢᠯᠢᠳᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠠᠳᠡᠯ ᠤᠨ ᠤᠰᠤᠨ ᠴᠥᠭᠦᠷᠥᠮ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠱᠠᠯᠠᠪᠳᠠᠨ ᠠᠬᠢᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠦᠷᠢᠶᠡᠯᠡᠩ ᠲᠣᠭᠤᠷᠢᠭ ᠤᠨ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃    ᠶᠤᠸᠠᠨ ᠪᠦᠦ ᠱᠠᠨ ᠪᠠᠯᠭᠠᠰᠤᠨ ᠤ ᠬᠠᠷ᠎ᠠ ᠪᠤᠲᠠ ᠲᠣᠰᠬᠤᠨ ᠳᠤ᠂ ᠼᠤᠤ ᡁᠢ ᠶᠦᠩ ᠮᠠᠨ ᠤ ᠲᠣᠭᠤᠷᠢᠭ ᠤᠨ ︽ᠭᠤᠷᠪᠠᠨ ᠤᠮᠠᠷᠠᠲᠤ︾᠎ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠢ ᠣᠶᠢᠯᠠᠭᠠᠪᠠ᠃ ᠲᠡᠷᠡ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠪᠠᠷ ᠬᠠᠷᠠᠯᠲᠠ ᠪᠣᠯᠭᠠᠵᠤ᠂ ᠡᠯᠡᠰᠦ ᠶᠢ ᠵᠠᠰᠠᠵᠤ ᠣᠶᠢᠵᠢᠭᠤᠯᠤᠭᠰᠠᠨ ᠦᠷ᠎ᠡ ᠪᠦᠲᠦᠭᠡᠯ ᠢᠶᠠᠨ ᠴᠢᠨᠠᠭᠰᠢᠳᠠ ᠪᠠᠬᠢᠵᠢᠭᠦᠯᠦᠨ ᠥᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ ᠃    ᠫᠢᠩᠵᠤᠸᠠᠩ ᠪᠠᠯᠭᠠᠰᠤᠨ ᠤ ᠰᠢᠨ ᠵᠢᠩ ᠲᠣᠰᠬᠤᠨ ᠳᠤ᠂ ᠼᠤᠤ ᡁᠢ ᠶᠦᠩ ᠰᠢᠶᠠᠩ ᠶᠠᠩ ᠪᠸᠢ ᠱᠠᠨ ᠤ ᠭᠠᠯ ᠤᠨᠲᠠᠷᠠᠭᠠᠬᠤ ᠢᠨᠵᠧᠨᠧᠷᠢᠩ ᠤᠨ ᠠᠭᠤᠷᠬᠠᠢ ᠶᠢᠨ ᠨᠦᠬᠡ ᠶᠢᠨ ᠣᠷᠴᠢᠨ ᠲᠣᠭᠤᠷᠢᠨ ᠤ ᠵᠠᠰᠠᠯᠲᠠ ᠶᠢᠨ ᠪᠠᠶᠢᠳᠠᠯ ᠢ ᠣᠶᠢᠯᠠᠭᠠᠪᠠ᠃ ᠲᠡᠷᠡ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠵᠦ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠲᠠᠢ ᠰᠠᠨᠠᠭᠠᠴᠢᠯᠠᠭ᠎ᠠ ᠠᠴᠠ ᠪᠠᠨ ᠤᠶᠠᠯᠳᠤᠭᠤᠯᠤᠨ᠂ ᠡᠳᠦᠷ ᠲᠤᠲᠤᠮ ᠤᠨ ᠬᠢᠨᠠᠯᠲᠠ ᠲᠠᠯᠪᠢᠬᠤ ᠶᠢ ᠪᠣᠳᠠᠲᠠᠶ ᠨᠠᠷᠢᠯᠢᠭ ᠬᠢᠬᠦ ᠳᠡᠭᠡᠷ᠎ᠡ ᠬᠦᠴᠦ ᠲᠠᠯᠪᠢᠵᠤ᠂ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠂ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠤᠯᠤᠰ ᠲᠥᠷᠥ ᠶᠢᠨ ᠦᠷ᠎ᠡ ᠪᠦᠲᠦᠮᠵᠢ᠂ ᠨᠡᠶᠢᠭᠡᠮ ᠤᠨ ᠦᠷ᠎ᠡ ᠪᠦᠲᠦᠮᠵᠢ᠂ ᠠᠮᠢ ᠠᠬᠤᠶ ᠶᠢᠨ ᠦᠷ᠎ᠡ ᠪᠦᠲᠦᠮᠵᠢ ᠶᠢᠨ ᠨᠢᠭᠡᠳᠦᠯ ᠢ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1