ᠵᠠᠩ ᡁᠢ ᠸᠧᠶ ᠰᠣᠶᠣᠯ ᠵᠢᠭᠤᠯᠴᠢᠯᠠᠯ᠂ ᠰᠤᠷᠭᠠᠨ ᠬᠥᠮᠦᠵᠢᠯ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠪᠠ ᠵᠠᠮ ᠬᠠᠷᠢᠯᠴᠠᠭᠠᠨ ᠤ ᠬᠦᠷᠢᠶᠡᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/5/14
    5 ᠰᠠᠷ᠎ᠠ ᠶᠢᠨ 11᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠶ ᠰᠣᠶᠣᠯ ᠵᠢᠭᠤᠯᠴᠢᠯᠠᠯ᠂ ᠰᠤᠷᠭᠠᠨ ᠬᠥᠮᠦᠵᠢᠯ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠪᠠ ᠵᠠᠮ ᠬᠠᠷᠢᠯᠴᠠᠭᠠᠨ ᠤ ᠬᠦᠷᠢᠶᠡᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠠᠨ ᠪᠥᠸᠧ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠮᠢᠩ᠂ ᠫᠧᠩ ᠰᠢᠶᠤᠤ ᠵᠢᠤᠸᠠᠨ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ ᠶᠠᠩ ᠰᠢᠨ ᠢᠦᠶ᠂ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠪᠠᠯᠭᠠᠰᠤ ᠰᠢᠶᠠᠩ ᠤᠨ ᠭᠤᠤᠯ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠪᠠᠶᠢᠴᠠᠭᠠᠨ ᠪᠠᠶᠢᠴᠠᠭᠠᠨ ᠰᠤᠳᠤᠯᠪᠠ᠃    ᠶᠤᠸᠠᠨ ᠪᠦᠦ ᠱᠠᠨ ᠤ ᠴᠠᠬᠢᠯᠭᠠᠨ ᠭᠠᠷᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠦᠢᠯᠡᠳᠪᠦᠷᠢ ᠶᠢᠨ ᠰᠤᠷᠲᠠᠯ ᠦᠢᠯᠡᠳᠪᠦᠷᠢ ᠶᠢᠨ ᠲᠡᠥᠬᠡ ᠶᠢᠨ ᠰᠤᠷᠭᠠᠨ ᠬᠥᠮᠦᠵᠢᠯ ᠤᠨ ᠰᠠᠭᠤᠷᠢᠨ ᠭᠠᠵᠠᠷ᠂ ᠶᠤᠸᠠᠨ ᠪᠦᠦ ᠱᠠᠨ ᠪᠠᠯᠭᠠᠰᠤᠨ ᠤ ᠵᠢᠶᠠᠨ ᠴᠠᠩ ᠶᠢᠩ ᠲᠣᠰᠬᠤᠨ ᠪᠠ ᠰᠢᠶᠤᠤ ᠦ᠋ ᠵᠢᠶᠠ ᠰᠢᠶᠠᠩ ᠤᠨ ᠲᠠ ᠱᠠᠨ ᠬᠥᠳᠡᠭᠡ ᠲᠣᠰᠬᠤᠨ ᠤ ᠲᠠᠷᠢᠶᠠᠯᠠᠩ ᠤᠨ ᠵᠤᠭᠠᠴᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ᠂ ᠵᠠᠩ ᡁᠢ ᠸᠧᠶ ᠰᠣᠶᠣᠯ ᠵᠢᠭᠤᠯᠴᠢᠯᠠᠯ ᠤᠨ ᠲᠥᠷᠥᠯ ᠵᠦᠢᠯ ᠤᠨ ᠲᠥᠯᠥᠪᠵᠢᠭᠦᠯᠭᠡ᠂ ︽ ᠠᠷᠠᠳ BA︾ ᠤᠷᠤᠯᠳᠤᠭᠠᠨ ᠤ ᠲᠣᠬᠢᠷᠠᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠬᠠᠷᠢᠶ᠎ᠠ ᠭᠠᠵᠠᠷ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠤᠭᠠᠴᠠᠯ ᠤᠨ ᠦᠢᠯᠡᠴᠢᠯᠡᠭᠡ ᠪᠣᠯᠤᠨ ᠵᠤᠭᠠᠴᠠᠯ ᠤᠨ ᠠᠮᠤᠷ ᠲᠦᠪᠰᠢᠨ ᠢ ᠰᠠᠶᠢᠲᠤᠷ ᠠᠳᠬᠤᠵᠤ᠂ ᠢᠵᠢ ᠪᠦᠷᠢᠳᠦᠭᠰᠡᠨ ᠦᠢᠯᠡᠴᠢᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠵᠦ ᠂ ᠵᠤᠭᠠᠴᠠᠯ ᠤᠨ ᠪᠡᠶᠡᠴᠢᠯᠡᠨ ᠣᠶᠢᠯᠠᠭᠠᠬᠤ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠬᠡᠷᠡᠭᠲᠡᠢ᠃ ᠠᠵᠢᠯ ᠤᠨ ᠲᠥᠰᠦᠯ ᠢᠶᠠᠨ ᠵᠦᠢ ᠵᠣᠬᠢᠰᠲᠠᠢ ᠰᠢᠯᠢᠳᠡᠭᠵᠢᠭᠦᠯᠵᠦ᠂ ᠲᠤᠰᠬᠠᠢ ᠮᠡᠷᠭᠡᠵᠢᠯ ᠤᠨ ᠡᠵᠡᠩᠨᠡᠯᠲᠡ ᠶᠢᠨ ᠪᠦᠯᠬᠦᠮ ᠢ ᠤᠷᠢᠵᠤ᠂ ᠨᠡᠩ ᠤᠯᠠᠨ ᠬᠤᠳᠠᠯᠳᠤᠭᠠᠨ ᠤ ᠡᠯᠧᠮᠧᠨ᠋ᠲ ᠢ ᠣᠷᠣᠭᠤᠯᠵᠤ᠂ ᠣᠷᠣᠨ ᠨᠤᠲᠤᠭ ᠤᠨ ᠠᠵᠤ ᠠᠬᠤᠢ ᠶᠢ ᠪᠦᠲᠦᠮᠵᠢᠲᠡᠢ ᠬᠥᠭᠵᠢᠭᠦᠯᠬᠦ ᠬᠡᠷᠡᠭᠲᠡᠢ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠡᠯ᠎ᠡ ᠵᠦᠢᠯ ᠤᠨ ᠤᠬᠠᠭᠤᠯᠭ᠎ᠠ ᠶᠢᠨ ᠵᠠᠭᠤᠴᠢᠯᠠᠭᠤᠷ ᠢ ᠭᠦᠢᠴᠡᠳ ᠰᠠᠶᠢᠲᠤᠷ ᠠᠰᠢᠭᠯᠠᠵᠤ᠂ ᠶᠤᠸᠠᠨ ᠪᠦᠦ ᠱᠠᠨ ᠲᠣᠭᠤᠷᠢᠭ ᠤᠨ ᠤᠨᠴᠠᠯᠢᠬᠳᠤ ᠰᠣᠶᠣᠯ ᠵᠤᠭᠠᠴᠠᠯ ᠤᠨ ᠲᠦᠷᠦᠯ ᠵᠦᠢᠯ ᠤᠨ ᠨᠥᠯᠥᠭᠡᠯᠡᠬᠦ ᠬᠦᠴᠦᠨ ᠢ ᠪᠦᠲᠦᠮᠵᠢᠲᠡᠢ ᠥᠷᠭᠡᠳᠬᠡᠬᠦ ᠬᠡᠷᠡᠭᠲᠡᠢ ᠭᠡᠵᠦ ᠵᠢᠭᠠᠵᠤ ᠭᠠᠷᠭᠠᠵᠠᠢ᠃    ᠲᠣᠭᠤᠷᠢᠭ ᠤᠨ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠪᠣᠯᠤᠨ ᠫᠢᠩᠵᠤᠸᠠᠩ ᠨᠡᠭᠦᠷᠡᠰᠥᠨ ᠤ ᠥᠢᠯᠡᠰ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠠᠯᠬᠢ ᠪᠣᠷᠣᠭᠠᠨ ᠳᠠᠯᠳᠠᠯᠠᠬᠤ ᠪᠡᠶ᠎ᠡ ᠶᠢᠨ ᠲᠠᠮᠢᠷ ᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠤᠬᠠᠢ ᠶᠢᠨ ᠲᠠᠯᠠᠪᠠᠢ ᠳᠤ᠂ ᠵᠠᠩ ᡁᠢ ᠸᠧᠶ ᠪᠠᠷᠢᠯᠭ᠎ᠠ ᠶᠢᠨ ᠠᠬᠢᠴᠠ᠂ ᠪᠠᠷᠢᠯᠭ᠎ᠠ ᠶᠢᠨ ᠬᠤᠭᠤᠴᠠᠭᠠᠨ ᠤ ᠲᠣᠬᠢᠷᠠᠭᠤᠯᠤᠯᠲᠠ ᠵᠡᠷᠭᠡ ᠪᠠᠶᠢᠳᠠᠯ ᠢ ᠨᠠᠷᠢᠨ ᠯᠠᠪᠯᠠᠨ ᠠᠰᠠᠭᠤᠪᠠ᠃ ᠲᠡᠷᠡ᠂ ᠰᠤᠷᠭᠠᠭᠤᠯᠢ ᠶᠢᠨ ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠠᠷᠢᠯᠭ᠎ᠠ ᠶᠢᠨ ᠶᠠᠰᠤ ᠴᠢᠨᠠᠷ ᠪᠣᠯᠤᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠤᠷ᠎ᠠ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠰᠤᠷᠭᠠᠭᠤᠯᠢ ᠶᠢᠨ ᠬᠦᠷᠢᠶᠡᠨ ᠤ ᠴᠢᠳᠠᠮᠵᠢ ᠶᠢᠨ ᠢᠵᠢ ᠪᠦᠷᠢᠳᠦᠭᠦᠯᠬᠦ ᠪᠠᠶᠢᠷᠢᠰᠢᠯ ᠢ ᠦᠷᠭᠦᠯᠵᠢᠯᠡᠨ ᠲᠡᠭᠦᠯᠳᠡᠷᠵᠢᠭᠦᠯᠵᠦ᠂ ᠪᠠᠭᠰᠢ ᠰᠤᠷᠤᠭᠴᠢᠳ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠡᠷᠡᠭᠴᠡᠭᠡ ᠶᠢ ᠪᠦᠬᠦ ᠬᠦᠴᠦᠨ ᠢᠶᠠᠷ ᠢᠶᠠᠨ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ ᠃    ᠫᠢᠩᠵᠤᠸᠠᠩ ᠤᠨ ᠬᠤᠭ ᠨᠣᠪᠰᠢ ᠶᠢᠨ ᠥᠷᠲᠡᠭᠡᠨ ᠤ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ᠂ ᠵᠠᠩ ᡁᠢ ᠸᠧᠶ ᠢᠨᠵᠧᠨᠧᠷᠢᠩ ᠤᠨ ᠠᠬᠢᠴᠠ᠂ ᠲᠥᠷᠥᠯ ᠵᠦᠢᠯ ᠤᠨ ᠲᠥᠯᠥᠪᠵᠢᠭᠦᠯᠭᠡ ᠵᠡᠷᠭᠡ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠤᠰᠪᠠ᠃ ᠲᠡᠷᠡ᠂ ᠠᠶᠤᠯᠭᠦᠶ ᠦᠢᠯᠡᠳᠪᠦᠷᠢᠯᠡᠯ ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠭ ᠨᠣᠪᠰᠢ ᠶᠢᠨ ᠥᠷᠲᠡᠭᠡᠨ ᠤ ᠠᠵᠢᠯᠯᠠᠭᠠᠨ ᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠪᠣᠳᠠᠲᠠᠶ ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃    ᠶᠤᠸᠠᠨ ᠪᠦᠦ ᠱᠠᠨ ᠲᠣᠭᠤᠷᠢᠭ ᠤᠨ ᠰᠢᠶᠠᠩ ᠶᠠᠩ ᠲᠣᠰᠬᠤᠨ ᠤ ᠨᠠᠬᠢᠶᠠᠨ ᠤ ᠬᠦᠷᠢᠶᠡᠯᠡᠩ ᠤᠨ ᠵᠠᠮ ᠢ ᠬᠠᠲᠠᠭᠤᠷᠠᠭᠤᠯᠬᠤ ᠲᠥᠷᠥᠯ ᠵᠦᠢᠯ ᠪᠠ ᠥᠪᠥᠷ ᠮᠣᠩᠭᠤᠯ ᠤᠨ ᠵᠡᠭᠦᠨ ᠬᠡᠰᠡᠭ ᠤᠨ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠭᠠᠷᠠᠮ ᠤᠨ ᠵᠠᠰᠠᠮᠠᠯ ᠵᠠᠮ ᠲᠡᠮᠦᠷ ᠵᠠᠮ ᠤᠨ ᠬᠠᠮᠲᠤᠷᠠᠭᠰᠠᠨ ᠲᠡᠭᠡᠭᠡᠪᠦᠷᠢ ᠶᠢᠨ ᠬᠤᠯᠪᠣᠭ᠎ᠠ ᠠᠪᠬᠤ ᠱᠤᠭᠤᠮ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ᠂ ᠵᠠᠩ ᡁᠢ ᠸᠧᠶ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠢᠯ ᠤᠨ ᠳᠣᠲᠣᠷ᠎ᠠ ᠬᠡᠷᠡᠭᠵᠢᠭᠦᠯᠬᠦ ᠪᠠᠷ ᠲᠥᠯᠥᠪᠯᠡᠵᠦ ᠪᠠᠶᠢᠭ᠎ᠠ ᠠᠵᠢᠯ ᠡᠬᠢᠯᠡᠭᠦᠯᠦᠭᠡᠳᠦᠢ ᠲᠦᠷᠦᠯ ᠵᠦᠢᠯ ᠢ ᠴᠢᠩᠭ᠎ᠠ ᠠᠩᠬᠠᠷᠴᠤ᠂ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ ᠱᠠᠯᠠᠪᠳᠠᠨ ᠠᠬᠢᠭᠤᠯᠵᠤ᠂ ᠡᠷᠲᠡᠬᠡᠨ ᠠᠵᠢᠯ ᠡᠬᠢᠯᠡᠭᠦᠯᠬᠦ ᠪᠠᠷ ᠴᠢᠷᠮᠠᠶᠢᠬᠤ ᠬᠡᠷᠡᠭᠲᠡᠢ᠃ ᠲᠦᠷᠦᠯ ᠵᠦᠢᠯ ᠤᠨ ᠪᠠᠷᠢᠯᠭ᠎ᠠ ᠶᠢᠨ ᠬᠤᠭᠤᠴᠠᠭ᠎ᠠ ᠶᠢ ᠴᠢᠩᠭ᠎ᠠ ᠠᠩᠬᠠᠷᠴᠤ᠂ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠵᠤ᠂ ᠠᠮᠤᠷ ᠲᠦᠪᠰᠢᠨ ᠤ ᠪᠣᠭᠤᠮᠲᠠ᠂ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠵᠠᠮ ᠤᠨ ᠢᠨᠵᠧᠨᠧᠷᠢᠩ ᠤᠨ ᠴᠢᠨᠠᠷ ᠰᠠᠶᠢᠲᠠᠢ ᠥᠨᠳᠥᠷ ᠪᠦᠲᠦᠮᠵᠢᠲᠡᠢ ᠬᠡᠷᠡᠭᠵᠢᠭᠦᠯᠦᠭᠳᠡᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1