ᠶᠤᠸᠠᠨ ᠪᠦᠦ ᠱᠠᠨ ᠲᠣᠭᠤᠷᠢᠭ ᠪᠦᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠤᠨ ᠤᠬᠠᠭᠤᠯᠭ᠎ᠠ ᠶᠢᠨ ᠬᠥᠳᠡᠯᠭᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2024/5/14
    ᠡᠨᠡ ᠵᠢᠯ ᠤᠨ 5 ᠰᠠᠷ᠎ᠠ ᠶᠢᠨ 12᠎ ᠤᠨ ᠡᠳᠦᠷ ᠪᠣᠯ 16 ᠳ᠋ᠤᠭᠠᠷ ᠪᠦᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠪᠣᠯᠤᠨ᠎ᠠ᠃ 5 ᠰᠠᠷ᠎ᠠ ᠶᠢᠨ 11᠎ ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠭᠠᠮᠰᠢᠭ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠲᠥᠪ ᠤᠨ ᠬᠢᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠣᠶ ᠰᠢᠭᠤᠶ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠴᠠᠭ ᠠᠭᠤᠷ ᠤᠨ ᠬᠤᠪᠢᠶᠠᠷᠢ ᠲᠣᠪᠴᠢᠶ᠎ᠠ ᠪᠣᠯᠤᠨ ᠬᠠᠮ ᠵᠠᠭᠤᠴᠢᠯᠠᠭᠤᠷ ᠤᠨ ᠲᠥᠪ ᠵᠡᠷᠭᠡ  ᠨᠢᠭᠡᠴᠢ ᠲᠠᠢ ᠬᠠᠮᠲᠤᠷᠠᠨ᠂ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠵᠤ ᠴᠢᠳᠠᠬᠤ ︱ ᠦᠨᠳᠦᠰᠦᠨ ᠱᠠᠲᠤᠨ ᠤ ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠬᠦ︾᠎ ᠪᠠᠷ ᠭᠤᠤᠯ ᠰᠡᠳᠦᠪ ᠪᠣᠯᠭᠠᠨ ᠫᠢᠩᠵᠤᠸᠠᠩ ᠤᠨ ᠬᠤᠶᠢᠲᠤ ᠠᠭᠤᠯᠠᠨ ᠤ ᠡᠷᠲᠡ ᠶᠢᠨ ᠵᠠᠬ᠎ᠠ ᠳᠡᠯᠭᠡᠭᠦᠷ ᠲᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠤᠨ ᠤᠬᠠᠭᠤᠯᠭ᠎ᠠ ᠶᠢᠨ ᠬᠥᠳᠡᠯᠭᠡᠭᠡᠨ ᠥᠷᠨᠢᠭᠦᠯᠵᠦ᠂ ᠰᠠᠭᠤᠭᠠᠯᠢ ᠠᠷᠠᠳ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
1_副本.jpg
2_副本.jpg
        ᠲᠣᠰ ᠤᠳᠠᠭᠠᠨ ᠤ ᠬᠥᠳᠡᠯᠭᠡᠭᠡᠨ ᠤ ᠲᠤᠬᠠᠶ ᠶᠢᠨ ᠲᠠᠯᠠᠪᠠᠶ ᠳᠤ ᠭᠠᠯ ᠤᠨᠲᠠᠷᠠᠭᠠᠬᠤ᠂ ᠣᠶ ᠰᠢᠭᠤᠶ ᠡᠪᠡᠰᠦ ᠪᠡᠯᠴᠢᠭᠡᠷ᠂ ᠴᠠᠭ ᠠᠭᠤᠷ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠬᠡᠰᠡᠭ ᠲᠣᠬᠢᠷᠠᠭᠤᠯᠵᠤ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠎ ᠤᠨ ᠬᠢᠨ ᠡᠯ᠎ᠡ ᠰᠤᠷᠭᠠᠭᠤᠯᠢ ᠳᠤ ᠲᠤᠰᠬᠠᠶ ᠰᠡᠳᠦᠪᠲᠦ ᠬᠥᠳᠡᠯᠭᠡᠭᠡᠨ ᠥᠷᠨᠢᠭᠦᠯᠵᠦ ᠂ 12 ᠪᠠᠯᠭᠠᠰᠤ ᠰᠢᠶᠠᠩ ᠵᠡᠭᠡᠯᠢ  ᠭᠤᠲᠤᠮᠵᠢ ᠲᠤᠰ ᠬᠠᠷᠢᠶ᠎ᠠ ᠣᠷᠣᠨ ᠳᠤ ᠪᠠᠨ ᠵᠡᠷᠭᠡᠪᠡᠷ ᠤᠬᠠᠭᠤᠯᠭ᠎ᠠ ᠬᠢᠪᠡ᠃ ᠬᠥᠳᠡᠯᠭᠡᠭᠡᠨ ᠨᠢ ᠭᠠᠯ ᠤᠨᠲᠠᠷᠠᠭᠠᠬᠤ ᠲᠣᠨᠤᠭ ᠲᠥᠬᠦᠭᠡᠷᠦᠮᠵᠢ ᠶᠢ ᠳᠡᠯᠭᠡᠨ ᠦᠵᠡᠭᠦᠯᠬᠦ᠂ ᠶᠠᠷᠢᠶ᠎ᠠ ᠲᠠᠶᠢᠯᠤᠮᠵᠢ ᠡᠷᠬᠢᠯᠡᠨ ᠶᠠᠪᠤᠭᠳᠠᠭᠤᠯᠬᠤ᠂ ᠠᠬᠤᠢ ᠲᠠᠯᠠᠪᠤᠷ ᠲᠤ ᠲᠠᠶᠢᠯᠤᠮᠵᠢ ᠬᠢᠬᠦ᠂ ᠭᠠᠷ ᠤᠲᠠᠰᠤᠨ ᠤ ᠣᠬᠤᠷ ᠴᠢᠮᠡᠭᠡ ᠪᠠᠷ ᠤᠬᠠᠭᠤᠯᠭ᠎ᠠ ᠬᠢᠬᠦ᠂ ᠤᠬᠠᠭᠤᠯᠭ᠎ᠠ ᠶᠢᠨ ᠰᠠᠮᠪᠠᠷ᠎ᠠ ᠭᠠᠷᠭᠠᠬᠤ᠂ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠬᠡᠷᠡᠭᠰᠡᠯ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠭᠠᠮᠰᠢᠭ ᠢ ᠰᠡᠷᠭᠡᠶᠢᠯᠡᠬᠦ ᠡᠯ᠎ᠡ ᠲᠥᠷᠥᠯ ᠤᠨ ᠮᠡᠳᠡᠯᠭᠡ ᠶᠢ ᠤᠬᠠᠭᠤᠯᠪᠠ᠃ ᠬᠥᠳᠡᠯᠭᠡᠭᠡᠨ ᠳᠤ ᠨᠡᠶᠢᠲᠡ 8000 ᠭᠠᠷᠤᠶ ᠬᠤᠪᠢ ᠤᠬᠠᠭᠤᠯᠭ᠎ᠠ ᠶᠢᠨ ᠬᠡᠷᠡᠭᠰᠡᠯ ᠲᠠᠷᠬᠠᠭᠠᠵᠤ ᠂ 15000 ᠣᠬᠤᠷ ᠴᠢᠮᠡᠭᠡ ᠶᠠᠪᠤᠭᠤᠯᠵᠤ ᠂ 15  ᠤᠬᠠᠭᠤᠯᠭ᠎ᠠ ᠶᠢᠨ ᠡᠯᠭᠦᠭᠡ ᠪᠢᠴᠢᠭᠡᠰᠦ ᠡᠯᠭᠦᠵᠦ᠂ 6 ᠦᠵᠡᠭᠦᠯᠭᠡ ᠶᠢᠨ ᠰᠠᠮᠪᠠᠷ᠎ᠠ ᠭᠠᠷᠭᠠᠵᠤ᠂ 1 ᠡᠭᠡᠯᠵᠢ ᠨᠡᠶᠢᠭᠡᠮ ᠲᠣᠭᠤᠷᠢᠭ ᠤᠨ ᠲᠤᠰᠬᠠᠶ ᠰᠡᠳᠦᠪᠲᠦ ᠶᠠᠷᠢᠶ᠎ᠠ ᠲᠠᠶᠢᠯᠤᠮᠵᠢ ᠡᠷᠬᠢᠯᠡᠨ ᠶᠠᠪᠤᠭᠳᠠᠭᠤᠯᠪᠠ᠃
3_副本.jpg
        ᠲᠣᠰ ᠤᠳᠠᠭᠠᠨ ᠤ ᠬᠥᠳᠡᠯᠭᠡᠭᠡᠨ ᠢᠶᠠᠷ ᠳᠠᠮᠵᠢᠭᠤᠯᠤᠨ᠂ ᠪᠥᠬᠦ ᠲᠣᠭᠤᠷᠢᠭ ᠤᠨ ᠰᠠᠭᠤᠭᠠᠯᠢ ᠠᠷᠠᠳ ᠲᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠮᠡᠳᠡᠯᠭᠡ ᠪᠠ ᠤᠷ᠎ᠠ ᠴᠢᠳᠠᠪᠤᠷᠢ ᠶᠢ ᠤᠯᠠᠮ ᠨᠢᠭᠡ ᠠᠯᠬᠤᠮ ᠲᠦᠭᠡᠮᠡᠯᠵᠢᠭᠦᠯᠵᠦ᠂ ᠨᠡᠶᠢᠭᠡᠮ ᠨᠡᠶᠢᠲᠡ ᠶᠢᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠦᠵᠡᠯ ᠤᠬᠠᠮᠰᠠᠷ ᠪᠠ ᠥᠪᠡᠷ ᠢ ᠪᠠᠨ ᠠᠪᠤᠷᠬᠠᠤ ᠬᠠᠷᠢᠯᠴᠠᠨ ᠠᠪᠤᠷᠬᠠᠤ ᠴᠢᠳᠠᠪᠤᠷᠢ ᠶᠢ ᠳᠡᠭᠡᠭᠰᠢᠯᠡᠭᠦᠯᠵᠦ᠂ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠵᠤ ᠴᠢᠳᠠᠬᠤ︾ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠪᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1