ᠶᠤᠸᠠᠨ ᠪᠣᠣ ᠱᠠᠨ ᠲᠣᠭᠤᠷᠢᠭ ᠤᠨ ᠨᠢᠭᠡᠳᠦᠭᠡᠷ ᠳᠤᠮᠳᠠᠳᠤ ᠰᠤᠷᠭᠠᠭᠤᠯᠢ ︽ᠭᠠᠷᠮᠠᠭᠠᠢ ᠰᠤᠷᠭᠠᠭᠤᠯᠢ ᠶᠢᠨ ᠬᠠᠨᠢᠲᠠᠨ ᠤ ᠵᠢᠯᠣᠭᠤᠳᠤᠭᠴᠢ ᠪᠠᠭᠰᠢ ᠶᠢᠨ ᠲᠥᠯᠥᠪᠯᠡᠭᠡ︾ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2024/5/14
   
1_副本.jpg
       5 ᠰᠠᠷ᠎ᠠ ᠶᠢᠨ 11 ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠨᠢᠭᠡᠳᠦᠭᠡᠷ ᠳᠤᠮᠳᠠᠳᠤ ᠰᠤᠷᠭᠠᠭᠤᠯᠢ ︽ᠭᠠᠷᠮᠠᠭᠠᠢ ᠰᠤᠷᠭᠠᠭᠤᠯᠢ ᠶᠢᠨ ᠬᠠᠨᠢᠲᠠᠨ ᠤ ᠵᠢᠯᠣᠭᠤᠳᠤᠭᠴᠢ ᠪᠠᠭᠰᠢ ᠶᠢᠨ ᠲᠥᠯᠥᠪᠯᠡᠭᠡ︾ ᠶᠢ ᠡᠬᠢᠯᠡᠭᠦᠯᠪᠡ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠮᠢᠩ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠭᠴᠢ ᠳᠠᠷᠤᠭ᠎ᠠ ᠹᠠᠨ ᠰᠢᠶᠤᠤ ᠴᠢᠦ ᠡᠬᠢᠯᠡᠯᠲᠡ ᠶᠢᠨ ᠶᠣᠰᠣᠯᠠᠯ ᠳᠤ ᠰᠠᠭᠠᠲᠠᠵᠤ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠬᠠᠷᠢᠭᠤᠴᠠᠯᠭᠠᠲᠠᠨ᠂ ︽ᠭᠠᠷᠮᠠᠭᠠᠢ ᠰᠤᠷᠭᠠᠭᠤᠯᠢ ᠶᠢᠨ ᠬᠠᠨᠢᠲᠠᠨ ᠤ ᠵᠢᠯᠣᠭᠤᠳᠣᠭᠴᠢ ᠪᠠᠭᠰᠢ ᠶᠢᠨ ᠪᠦᠯᠬᠦᠮ︾ ᠤᠨ ᠬᠡᠰᠡᠭ ᠪᠦᠷᠢᠯᠳᠦᠬᠦᠨ ᠂ ᠶᠤᠸᠠᠨ ᠪᠦᠦ ᠱᠠᠨ ᠲᠣᠭᠤᠷᠢᠭ ᠤᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠥᠬᠦ ᠪᠠᠭᠰᠢ ᠰᠤᠷᠤᠭᠴᠢᠳ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃
2_副本.jpg
3_副本.jpg
        ᠡᠬᠢᠯᠡᠯᠲᠡ ᠶᠢᠨ ᠶᠣᠰᠣᠯᠠᠯ ᠳᠡᠭᠡᠷ᠎ᠡ᠂ ︽ᠭᠠᠷᠮᠠᠭᠠᠢ ᠰᠤᠷᠭᠠᠭᠤᠯᠢ ᠶᠢᠨ ᠬᠠᠨᠢᠲᠠᠨ ᠤ ᠵᠢᠯᠣᠭᠤᠳᠣᠭᠴᠢ ᠪᠠᠭᠰᠢ ᠶᠢᠨ ᠪᠦᠯᠬᠦᠮ ︾ ᠤᠨ ᠪᠦᠷᠢᠯᠳᠦᠬᠦᠨ ᠢ ᠲᠠᠨᠢᠯᠴᠠᠭᠤᠯᠪᠠ︔ ᠶᠤᠸᠠᠨ ᠪᠦᠦ ᠱᠠᠨ ᠲᠣᠭᠤᠷᠢᠭ ᠤᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠬᠠᠷᠢᠭᠤᠴᠠᠯᠭᠠᠲᠠᠨ ᠠᠴᠠ ︽ᠭᠠᠷᠮᠠᠭᠠᠢ ᠰᠤᠷᠭᠠᠭᠤᠯᠢ ᠶᠢᠨ ᠬᠠᠨᠢᠲᠠᠨ ᠤ ᠵᠢᠯᠣᠭᠤᠳᠤᠭᠴᠢ ᠪᠠᠭᠰᠢ ᠶᠢᠨ ᠲᠥᠯᠥᠪᠯᠡᠭᠡ︾ ᠶᠢᠨ ᠬᠡᠷᠡᠭᠵᠢᠭᠦᠯᠬᠦ ᠲᠥᠰᠦᠯ ᠢ ᠲᠠᠨᠢᠯᠴᠠᠭᠤᠯᠪᠠ︔ ᠠᠵᠢᠯᠯᠠᠭ᠎ᠠ ᠳᠤ ᠣᠷᠣᠯᠴᠠᠭᠰᠠᠨ ᠤᠳᠤᠷᠢᠳᠤᠯᠭ᠎ᠠ ᠠᠴᠠ ︽ᠭᠠᠷᠮᠠᠭᠠᠢ ᠰᠤᠷᠭᠠᠭᠤᠯᠢ ᠶᠢᠨ ᠬᠠᠨᠢᠲᠠᠨ ᠤ ᠵᠢᠯᠣᠭᠤᠳᠣᠭᠴᠢ ᠪᠠᠭᠰᠢ ᠶᠢᠨ ᠪᠦᠯᠬᠦᠮ ︾ ᠤᠨ ᠭᠡᠰᠢᠭᠦᠳ ᠲᠤ ᠤᠷᠢᠯᠭ᠎ᠠ ᠶᠢᠨ ᠪᠢᠴᠢᠭ ᠣᠯᠭᠤᠭᠰᠠᠨ ᠪᠥᠭᠡᠳ ︽ᠭᠠᠷᠮᠠᠭᠠᠢ ᠰᠤᠷᠭᠠᠭᠤᠯᠢ ᠶᠢᠨ ᠬᠠᠨᠢᠲᠠᠨ ᠤ ᠵᠢᠯᠣᠭᠤᠳᠣᠭᠴᠢ ᠪᠠᠭᠰᠢ ᠶᠢᠨ ᠪᠦᠯᠬᠦᠮ ︾ ᠤᠨ ᠭᠡᠰᠢᠭᠦᠳ ᠲᠠᠢ ᠬᠠᠮᠲᠤ ᠪᠠᠷ ︽ ᠭᠠᠷᠮᠠᠭᠠᠢ ᠰᠤᠷᠭᠠᠭᠤᠯᠢ ᠶᠢᠨ ᠬᠠᠨᠢᠲᠠᠨ ᠤ ᠵᠢᠯᠣᠭᠤᠳᠣᠭᠴᠢ ᠪᠠᠭᠰᠢ ᠶᠢᠨ ᠪᠦᠯᠬᠦᠮ ᠤᠨ ᠠᠵᠢᠯᠯᠠᠬᠤ ᠲᠠᠰᠤᠭ︾ ᠤᠨ ᠫᠠᠶᠢᠰᠠ ᠶᠢ ᠰᠡᠬᠦᠪᠡ︔ ᠴᠢᠩᠬᠤᠸᠠ ᠶᠡᠭᠡ ᠰᠤᠷᠭᠠᠭᠤᠯᠢ ᠶᠢᠨ ᠫᠣᠰᠲ ᠳ᠋ᠣᠺᠲ᠋ᠣᠷ ᠂ ᠣᠲᠣ ᠴᠢᠩᠬᠤᠸᠠ ᠶᠡᠭᠡ ᠰᠤᠷᠭᠠᠭᠤᠯᠢ ᠶᠢᠨ ᠮᠧᠬᠠᠨᠢᠭ ᠢᠨᠵᠧᠨᠧᠷᠢᠩ ᠤᠨ ᠰᠠᠯᠪᠤᠷᠢ ᠶᠢᠨ ᠳᠡᠳ᠋ ᠫᠷᠤᠹᠧᠰᠰᠤᠷ᠂᠂ ᠳᠡᠳ᠋ ᠰᠤᠳᠤᠯᠤᠭᠴᠢ᠂ ᠠᠰᠫᠢᠷᠠᠨᠲ ᠤᠨ ᠵᠢᠯᠣᠭᠤᠳᠣᠭᠴᠢ ᠪᠠᠭᠰᠢ ᠴᠧᠩ ᠵᠢᠶᠠ ︽ᠭᠠᠷᠮᠠᠭᠠᠢ ᠰᠤᠷᠭᠠᠭᠤᠯᠢ ᠶᠢᠨ ᠬᠠᠨᠢᠲᠠᠨ ᠤ ᠵᠢᠯᠣᠭᠤᠳᠣᠭᠴᠢ ᠪᠠᠭᠰᠢ ᠶᠢᠨ ᠪᠦᠯᠬᠦᠮ︾ ᠢ ᠲᠥᠯᠥᠭᠡᠯᠡᠨ ᠶᠠᠷᠢᠶ᠎ᠠ ᠲᠠᠯᠪᠢᠪᠠ︔ ᠰᠤᠷᠤᠭᠴᠢᠳ ᠤᠨ ᠲᠥᠯᠥᠭᠡᠯᠡᠭᠴᠢ ᠦᠭᠡ ᠶᠠᠷᠢᠪᠠ ᠃
4_副本.jpg
       ᠡᠬᠢᠯᠡᠯᠲᠡ ᠶᠢᠨ ᠶᠣᠰᠣᠯᠠᠯ ᠤᠨ ᠳᠠᠷᠠᠭ᠎ᠠ᠂ ᠰᠤᠷᠭᠠᠭᠤᠯᠢ  ᠠᠴᠠ ︽ᠭᠠᠷᠮᠠᠭᠠᠢ ᠰᠤᠷᠭᠠᠭᠤᠯᠢ ᠶᠢᠨ ᠬᠠᠨᠢᠲᠠᠨ ᠤ ᠵᠢᠯᠣᠭᠤᠳᠣᠭᠴᠢ ᠪᠠᠭᠰᠢ ᠶᠢᠨ ᠪᠦᠯᠬᠦᠮ ︾ ᠤᠨ ᠪᠦᠷᠢᠯᠳᠦᠬᠦᠨ᠂ ᠬᠠᠷᠪᠢᠨ ᠤ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠫᠣᠰᠲ ᠳ᠋ᠣᠺᠲ᠋ᠣᠷ᠂ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠠᠭᠠᠷ ᠮᠠᠨᠳᠠᠯ ᠤᠨ ᠬᠥᠳᠡᠯᠭᠡᠬᠦ ᠬᠦᠴᠦᠨ ᠤ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠤᠨ ᠠᠭᠠᠷ ᠮᠠᠨᠳᠠᠯ ᠤᠨ ᠬᠥᠳᠡᠯᠭᠡᠬᠦ ᠬᠦᠴᠦᠨ ᠤ ᠰᠤᠳᠤᠯᠭᠠᠨ ᠤ ᠭᠠᠵᠠᠷ ᠤᠨ ᠳᠡᠭᠡᠳᠦ ᠵᠡᠷᠭᠡ ᠶᠢᠨ ᠰᠤᠳᠤᠯᠤᠭᠴᠢ᠂ ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ ᠵᠢᠶᠠᠩ ᠽᠧᠩ ᠾᠥᠢ ᠶᠢ ᠤᠷᠢᠵᠤ ᠲᠤᠰᠬᠠᠶ ᠰᠡᠳᠦᠪᠲᠦ ᠲᠠᠶᠢᠯᠤᠮᠵᠢ ᠬᠢᠯᠭᠡᠵᠡᠶ᠃ ᠲᠡᠷᠡ ᠬᠤᠪᠢ ᠬᠥᠮᠦᠨ ᠤ ᠰᠤᠷᠤᠯᠴᠠᠯᠭ᠎ᠠ ᠶᠢᠨ ᠥᠩᠭᠡᠷᠡᠯᠲᠡ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠥᠩᠭᠡᠷᠡᠯᠲᠡ ᠪᠠᠨ ᠡᠷᠭᠢᠴᠡᠭᠦᠯᠵᠦ᠂ ᠬᠤᠶᠢᠰᠢᠳᠠ ᠨᠡᠩ ᠨᠢᠭᠲᠠ ᠬᠠᠮᠲᠤᠷᠠᠯᠴᠠᠬᠤ ᠪᠠᠷ ᠳᠠᠮᠵᠢᠨ ᠡᠬᠡ ᠰᠤᠷᠭᠠᠭᠤᠯᠢ ᠲᠠᠢ  ᠪᠠᠨ ᠬᠠᠮᠲᠤ ᠪᠠᠷ ᠰᠢᠯᠢᠳᠡᠭ ᠴᠢᠳᠠᠪᠤᠷᠢᠲᠠᠨ ᠢ ᠬᠥᠮᠦᠵᠢᠭᠦᠯᠬᠦ ᠶᠢ ᠬᠦᠰᠡᠪᠡ᠃    ᠣᠶᠢᠯᠠᠭᠠᠭᠰᠠᠨ ᠢᠶᠠᠷ᠂ ᠶᠤᠸᠠᠨ ᠪᠦᠦ ᠱᠠᠨ ᠲᠣᠭᠤᠷᠢᠭ ᠤᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ︽ ᠭᠠᠷᠮᠠᠭᠠᠢ ᠰᠤᠷᠭᠠᠭᠤᠯᠢ ᠶᠢᠨ ᠬᠠᠨᠢᠲᠠᠨ ᠤ ᠵᠢᠯᠣᠭᠤᠳᠤᠭᠴᠢ ᠪᠠᠭᠰᠢ ᠶᠢᠨ ᠲᠥᠯᠥᠪᠯᠡᠭᠡ︾ ᠶᠢᠨ ᠵᠣᠷᠢᠯᠲᠠ ᠪᠣᠯ ᠰᠤᠷᠭᠠᠭᠤᠯᠢ ᠶᠢᠨ ᠬᠠᠨᠢᠲᠠᠨ ᠢ ᠤᠷᠢᠨ ︽ ᠭᠠᠷᠮᠠᠭᠠᠢ ᠠᠩᠭᠢ︾ ᠶᠢᠨ ᠰᠤᠷᠤᠯᠭ᠎ᠠ ᠶᠢᠨ ᠠᠮᠢᠳᠤᠷᠠᠯ ᠤᠨ ᠲᠥᠯᠥᠪᠵᠢᠭᠦᠯᠭᠡ ᠶᠢᠨ ᠵᠢᠯᠣᠭᠤᠳᠤᠭᠴᠢ ᠪᠠᠭᠰᠢ ᠪᠣᠯᠭᠠᠵᠤ᠂ ᠰᠤᠷᠭᠠᠭᠤᠯᠢ ᠶᠢᠨ ᠬᠠᠨᠢᠲᠠᠨ ᠤ ᠬᠥᠲᠥᠯᠦᠨ ᠳᠠᠭᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ ᠭᠠᠷᠮᠠᠭᠠᠢ ᠠᠩᠭᠢ ︾ ᠶᠢᠨ ᠰᠤᠷᠤᠭᠴᠢᠳ ᠤᠨ ᠬᠥᠮᠥᠵᠢᠨ ᠪᠤᠶᠢᠵᠢᠵᠤ ᠴᠢᠳᠠᠪᠤᠷᠢᠲᠠᠨ ᠪᠣᠯᠬᠤ ᠪᠠ ᠡᠬᠡ ᠰᠤᠷᠭᠠᠭᠤᠯᠢ ᠶᠢᠨ ᠢᠶᠠᠨ ᠠᠵᠢᠯ ᠥᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠭᠦᠯᠵᠦ᠂ ᠰᠤᠷᠤᠭᠴᠢᠳ ᠤᠨ ᠠᠵᠢᠯ ᠲᠥᠷᠥᠯ ᠤᠨ ᠲᠠᠨᠢᠨ ᠮᠡᠳᠡᠬᠦᠶ ᠪᠠ ᠰᠤᠷᠤᠯᠭ᠎ᠠ ᠶᠢᠨ ᠠᠮᠢᠳᠤᠷᠠᠯ ᠤᠨ ᠬᠥᠭᠵᠢᠯᠲᠡ ᠶᠢᠨ ᠲᠥᠯᠥᠪᠵᠢᠭᠦᠯᠭᠡ ᠂ ᠲᠤᠰᠬᠠᠶ ᠮᠡᠷᠭᠡᠵᠢᠯ ᠤᠨ ᠴᠢᠳᠠᠪᠤᠷᠢ  ᠶᠢᠨ ᠬᠥᠲᠥᠯᠦᠨ ᠳᠠᠭᠠᠭᠤᠯᠭ᠎ᠠ ᠂ ᠰᠢᠨ᠎ᠡ ᠶᠢ ᠡᠭᠦᠳᠦᠨ ᠪᠦᠲᠦᠭᠡᠬᠦ ᠰᠤᠷᠭᠠᠨ ᠬᠥᠮᠦᠵᠢᠯ ᠵᠢᠴᠢ ᠰᠤᠷᠭᠠᠭᠤᠯᠢ ᠶᠢᠨ ᠥᠢᠯᠡᠳᠪᠥᠷᠢᠯᠡᠯ᠂ ᠵᠢᠭᠠᠨ ᠰᠤᠷᠭᠠᠯᠲᠠ᠂ ᠰᠣᠳᠤᠯᠭᠠᠨ᠂ ᠬᠡᠷᠡᠭᠯᠡᠯᠲᠡ ᠵᠡᠷᠭᠡ ᠲᠠᠯ᠎ᠠ ᠪᠠᠷ ᠰᠤᠷᠭᠠᠭᠤᠯᠢ ᠶᠢᠨ ᠬᠠᠨᠢᠲᠠᠨ ᠤ ᠬᠦᠴᠦᠨ  ᠢ ᠢᠯᠡᠷᠡᠭᠦᠯᠵᠦ᠂ ᠰᠤᠷᠭᠠᠭᠤᠯᠢ ᠶᠢᠨ ᠬᠠᠨᠢᠲᠠᠨ ᠤ ᠠᠪᠢᠶᠠᠰ ᠴᠢᠳᠠᠪᠤᠷᠢ ᠶᠢ ᠪᠠᠳᠠᠷᠠᠭᠤᠯᠤᠨ᠂ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠬᠥᠮᠦᠰ ᠤᠨ ᠬᠠᠷᠢᠭᠤᠴᠠᠯᠭ᠎ᠠ ᠬᠢᠭᠡᠳ ᠠᠴᠢ ᠬᠠᠷᠢᠭᠤᠯᠠᠬᠤ ᠰᠡᠳᠬᠢᠯ ᠢ ᠤᠯᠠᠮᠵᠢᠯᠠᠨ ᠵᠠᠯᠭᠠᠮᠵᠢᠯᠠᠵᠤ᠂ ᠰᠤᠷᠭᠠᠭᠤᠯᠢ ᠶᠢᠨ ᠬᠠᠨᠢᠲᠠᠨ ᠤ ᠰᠠᠨᠠᠭᠠᠴᠢᠯᠠᠭ᠎ᠠ ᠠᠴᠠ ᠪᠠᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠶᠢ ᠵᠣᠷᠢᠭᠵᠢᠭᠤᠯᠵᠤ᠂ ᠰᠤᠷᠭᠠᠭᠤᠯᠢ ᠶᠢᠨ ᠬᠠᠨᠢᠲᠠᠨ ᠬᠢᠭᠡᠳ ᠰᠤᠷᠭᠠᠭᠤᠯᠢ  ᠶᠢᠨ ᠬᠠᠮᠵᠢᠯᠴᠠᠨ ᠬᠥᠮᠦᠨ ᠬᠥᠮᠦᠵᠢᠭᠦᠯᠬᠦ ᠰᠢᠰᠲ᠋ᠧᠮ  ᠢ ᠪᠠᠶᠢᠭᠤᠯᠬᠤ ᠶᠠᠪᠤᠳᠠᠯ ᠪᠣᠯᠤᠨ᠎ᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1