ᠼᠤᠤ ᡁᠢ ᠶᠦᠩ ᠶᠤᠸᠠᠨ ᠪᠦᠦ ᠱᠠᠨ ᠲᠣᠭᠤᠷᠢᠭ ᠤᠨ ᠭᠠᠯ ᠤᠨ ᠠᠶᠤᠯ ᠤᠨ ᠳᠠᠷᠠᠭ᠎ᠠ ᠪᠢᠲᠡᠭᠦᠮᠵᠢᠯᠡᠭᠰᠡᠨ ᠣᠷᠣᠨ ᠢ ᠵᠠᠰᠠᠬᠤ ᠢᠨᠵᠧᠨᠧᠷᠢᠩ ᠵᠢᠴᠢ ᠠᠭᠤᠷᠬᠠᠢ ᠶᠢᠨ ᠠᠮᠢ ᠠᠬᠤᠢ ᠶᠢ ᠰᠡᠷᠭᠦᠭᠡᠭᠰᠡᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/5/15
    5 ᠰᠠᠷ᠎ᠠ ᠶᠢᠨ 14᠎ ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠶᠤᠸᠠᠨ ᠪᠦᠦ ᠱᠠᠨ ᠲᠣᠭᠤᠷᠢᠭ ᠤᠨ ᠭᠠᠯ ᠤᠨ ᠠᠶᠤᠯ ᠤᠨ ᠳᠠᠷᠠᠭ᠎ᠠ ᠪᠢᠲᠡᠭᠦᠮᠵᠢᠯᠡᠭᠰᠡᠨ ᠣᠷᠣᠨ ᠢ ᠵᠠᠰᠠᠬᠤ ᠢᠨᠵᠧᠨᠧᠷᠢᠩ ᠵᠢᠴᠢ ᠠᠭᠤᠷᠬᠠᠢ ᠶᠢᠨ ᠠᠮᠢ ᠠᠬᠤᠢ ᠶᠢ ᠰᠡᠷᠭᠦᠭᠡᠭᠰᠡᠨ ᠪᠠᠶᠢᠳᠠᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠯᠢ ᡁᠢ ᠭᠠᠩ᠂ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠪᠴᠢᠶᠠᠨ ᠤ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    ᠶᠤᠸᠠᠨ ᠲᠦᠩ ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠲᠦᠩ ᠳ᠋ᠡ ᠨᠡᠭᠦᠷᠡᠰᠦᠨ ᠠᠭᠤᠷᠬᠠᠢ ᠪᠣᠯᠣᠨ ᠤᠯᠠᠭᠠᠨᠬᠠᠳᠠ ᠶᠢᠨ ᠿᠥᠢ ᠠᠨ ᠠᠭᠤᠷᠬᠠᠢ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠢᠭᠡᠳᠦᠭᠡᠷ ᠬᠤᠳᠳᠤᠭ ᠲᠤ᠂ ᠼᠤᠤ ᡁᠢ ᠶᠦᠩ ᠨᠦᠭᠡ ᠮᠠᠯᠲᠠᠭᠰᠠᠨ ᠠᠭᠤᠷᠬᠠᠢ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠰᠡᠷᠭᠦᠯᠲᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠵᠠᠰᠠᠯᠲᠠ ᠶᠢᠨ ᠠᠷᠭ᠎ᠠ ᠬᠡᠮᠵᠢᠶ᠎ᠡ ᠪᠣᠯᠣᠨ ᠬᠡᠷᠡᠭᠵᠢᠭᠦᠯᠦᠯᠲᠡ ᠶᠢᠨ ᠦᠷ᠎ᠡ ᠪᠦᠲᠦᠮᠵᠢ ᠶᠢ ᠨᠠᠷᠢᠨ ᠣᠶᠢᠯᠠᠭᠠᠪᠠ᠃ ᠲᠡᠷᠡ᠂ ᠠᠭᠤᠷᠬᠠᠢ ᠶᠢ ᠵᠠᠰᠠᠬᠤ ᠳᠤ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠣᠭᠲᠠᠭᠰᠠᠨ ᠴᠠᠭ ᠤᠨ ᠳᠣᠲᠣᠷ᠎ᠠ ᠵᠠᠰᠠᠬᠤ ᠡᠭᠦᠷᠭᠡ ᠪᠠᠨ ᠪᠡᠶᠡᠯᠡᠭᠦᠯᠵᠦ᠂ ᠵᠠᠰᠠᠬᠤ ᠶᠣᠰᠣᠲᠠᠢ ᠶᠢ ᠨᠢ ᠪᠦᠬᠦᠨ ᠢ ᠵᠠᠰᠠᠵᠤ᠂ ᠲᠤᠭ᠎ᠠ ᠬᠡᠮᠵᠢᠶ᠎ᠡ ᠶᠢ ᠪᠠᠲᠤᠯᠠᠨ ᠳᠡᠭᠡᠳᠦ ᠱᠠᠲᠤᠨ ᠤ ᠰᠢᠯᠭᠠᠨ ᠠᠪᠬᠤ ᠶᠢ ᠤᠭᠲᠤᠬᠤ ᠬᠡᠷᠡᠭᠲᠡᠢ︔ ᠨᠢᠭᠡᠨᠲᠡ ᠰᠢᠯᠭᠠᠨ ᠠᠪᠤᠭᠰᠠᠨ ᠠᠭᠤᠷᠬᠠᠢ ᠳᠤ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠵᠠᠰᠠᠬᠤ ᠣᠷᠣᠨ ᠪᠦᠰᠡ ᠬᠢᠭᠡᠳ ᠡᠷᠬᠢᠨ ᠲᠣᠭᠤᠷᠢᠨ ᠤ ᠣᠷᠴᠢᠨ ᠲᠣᠭᠤᠷᠢᠨ ᠤ ᠵᠣᠬᠢᠴᠠᠩᠭᠤᠢ ᠨᠢᠭᠡᠳᠦᠯ ᠢ ᠪᠠᠲᠤᠯᠠᠵᠤ᠂ ᠠᠭᠤᠷᠬᠠᠢ ᠶᠢ ᠰᠡᠷᠭᠦᠭᠡᠨ ᠵᠠᠰᠠᠬᠤ ᠠᠵᠢᠯ ᠢ ᠵᠢᠷᠤᠮᠵᠢᠭᠤᠯᠤᠨ ᠤᠷᠲᠤ ᠬᠤᠭᠤᠴᠠᠭ᠎ᠠ ᠪᠠᠷ ᠪᠦᠲᠦᠮᠵᠢᠲᠡᠢ ᠪᠠᠶᠢᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠫᠢᠩᠵᠤᠸᠠᠩ ᠤᠨ ᠨᠡᠭᠦᠷᠡᠰᠦᠨ ᠤ ᠠᠢ ᠰᠠᠪᠠ ᠶᠢᠨ ᠦ᠋ ᠵᠢᠶᠠ ᠪᠠᠯᠭᠠᠰᠤᠨ ᠤ ᠪᠸᠢ ᠲᠠᠢ ᠽᠢ ᠨᠡᠭᠦᠷᠡᠰᠦᠨ ᠠᠭᠤᠷᠬᠠᠢ ᠪᠣᠯᠤᠨ ᠤᠤᠯ ᠤᠨ ᠦ᠋ ᠵᠢᠶᠠ ᠠᠭᠤᠷᠬᠠᠢ ᠶᠢᠨ ᠭᠤᠷᠪᠠ / ᠨᠢᠭᠡᠳᠦᠭᠡᠷ ᠬᠤᠳᠳᠤᠭ ᠲᠤ᠂ ᠼᠤᠤ ᡁᠢ ᠶᠦᠩ ᠭᠠᠯ ᠤᠨ ᠠᠶᠤᠯ ᠤᠨ ᠳᠠᠷᠠᠭ᠎ᠠ ᠪᠢᠲᠡᠭᠦᠮᠵᠢᠯᠡᠭᠰᠡᠨ ᠣᠷᠣᠨ ᠢ ᠵᠠᠰᠠᠬᠤ ᠢᠨᠵᠧᠨᠧᠷᠢᠩ ᠵᠢᠴᠢ ᠠᠭᠤᠯᠠᠨ ᠴᠣᠭᠴᠠ ᠶᠢᠨ ᠨᠣᠭᠤᠭᠠᠷᠠᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠵᠠᠰᠠᠯᠲᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠶᠢᠯᠠᠭᠠᠭᠳᠠᠬᠤᠨ ᠢ ᠭᠠᠯ ᠤᠨ ᠠᠶᠤᠯ ᠤᠨ ᠳᠠᠷᠠᠭ᠎ᠠ ᠪᠢᠲᠡᠭᠦᠮᠵᠢᠯᠡᠭᠰᠡᠨ ᠣᠷᠣᠨ ᠢ ᠵᠠᠰᠠᠬᠤ ᠪᠥᠬᠦ ᠶᠠᠪᠤᠴᠠ ᠳᠤ ᠲᠤᠭᠤᠰᠢᠯᠠᠭᠤᠯᠵᠤ᠂ ᠨᠣᠭᠤᠭᠠᠷᠠᠭᠤᠯᠤᠯᠲᠠ ᠶᠢ ᠰᠡᠷᠭᠦᠭᠡᠬᠦ᠂ ᠤᠷᠭᠤᠮᠠᠯ ᠤᠨ ᠬᠤᠴᠢᠯᠭ᠎ᠠ ᠶᠢ ᠬᠠᠮᠢᠶᠠᠷᠤᠨ ᠬᠠᠮᠠᠭᠠᠯᠠᠬᠤ ᠵᠡᠷᠭᠡ ᠠᠵᠢᠯ ᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠨ ᠰᠠᠶᠢᠲᠤᠷ ᠬᠢᠵᠦ᠂ ᠵᠠᠰᠠᠯᠲᠠ ᠶᠢᠨ ᠣᠷᠣᠨ ᠪᠦᠰᠡ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠵᠤ᠂ ᠵᠢᠱᠢᠭᠰᠡᠨ ᠵᠠᠰᠠᠯᠲᠠ ᠶᠢᠨ ᠦᠷ᠎ᠡ ᠪᠦᠲᠦᠮᠵᠢ ᠳᠤ ᠬᠦᠷᠦᠭᠦᠯᠬᠦ ᠶᠢ ᠦᠨᠡᠨᠬᠦ ᠪᠠᠲᠤᠯᠠᠵᠤ᠂ ᠲᠠᠷᠠᠭᠠᠴᠢ ᠶᠢᠨ ᠠᠯᠬᠤᠮ ᠤᠨ ᠭᠠᠵᠠᠷ ᠰᠢᠷᠣᠶ ᠶᠢ ᠰᠢᠯᠵᠢᠭᠦᠯᠦᠨ ᠲᠤᠰᠢᠶᠠᠵᠤ᠂ ᠳᠠᠬᠢᠨ ᠬᠠᠭᠠᠯᠪᠤᠷᠢᠯᠠᠵᠤ ᠳᠠᠷᠢᠬᠤ ᠳᠤ ᠰᠠᠶᠢᠲᠤᠷ ᠰᠠᠭᠤᠷᠢ ᠲᠠᠯᠪᠢᠬᠤ ᠬᠡᠷᠡᠭᠲᠡᠶ ᠭᠡᠵᠦ ᠴᠢᠬᠤᠯᠠᠴᠢᠯᠠᠪᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1