ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠤᠸᠠᠨ ᠪᠦᠦ ᠱᠠᠨ ᠲᠣᠭᠤᠷᠢᠭ ᠤᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2024/5/15
    ᠣᠶᠢᠷ᠎ᠠ ᠳᠤ᠂ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠪᠦᠯᠬᠦᠮ ᠳᠠᠭᠠᠭᠤᠯᠤᠨ ᠶᠤᠸᠠᠨ ᠪᠦᠦ ᠱᠠᠨ ᠲᠣᠭᠤᠷᠢᠭ ᠤᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠠᠵᠢᠯ ᠢ ᠬᠢᠨᠠᠨ ᠵᠢᠯᠣᠭᠤᠳᠤᠨ ᠪᠠᠶᠢᠴᠠᠭᠠᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ ᠪᠣᠳᠠᠲᠠᠶᠢᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠬᠤᠭᠤᠯᠠᠨ ᠬᠡᠷ ᠤᠨ ᠢᠳᠡᠭᠡᠨ ᠤ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠵᠦ᠂ ᠰᠤᠷᠭᠠᠭᠤᠯᠢ ᠳᠤ ᠪᠠᠶᠢᠭ᠎ᠠ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠪᠠ᠃ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠪᠠᠶᠢᠴᠠᠭᠠᠪᠠ᠃
1_副本.jpg
        ᠬᠢᠨᠠᠨ ᠵᠢᠯᠣᠭᠤᠳᠬᠤ ᠳᠤᠭᠤᠶᠢᠯᠠᠩ ᠤᠷᠢᠳ ᠬᠤᠵᠢᠳ ᠶᠤᠸᠠᠨ ᠪᠦᠦ ᠱᠠᠨ ᠲᠣᠭᠤᠷᠢᠭ ᠤᠨ ᠰᠢᠶᠣᠣ ᠲᠠᠢ ᠳ᠋ᠧᠦ ᠬᠡᠤᠬᠡᠳ ᠤᠨ ᠴᠡᠴᠡᠷᠯᠢᠭ᠂ ᠢ ᠯᠦᠩ ᠬᠡᠤᠬᠡᠳ ᠤᠨ ᠴᠡᠴᠡᠷᠯᠢᠭ᠂ ᠾᠧ ᠮᠠ ᠲᠤᠷᠰᠢᠯᠲᠠ ᠶᠢᠨ ᠰᠤᠷᠭᠠᠭᠤᠯᠢ ᠳᠤ ᠬᠦᠷᠴᠦ᠂ ᠬᠤᠭᠤᠯᠠᠨ ᠬᠡᠷ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠲᠦᠭᠦᠬᠡᠶ ᠮᠠᠲ᠋ᠧᠷᠢᠶᠠᠯ ᠬᠤᠳᠠᠯᠳᠤᠨ ᠠᠪᠬᠤ᠂ ᠢᠳᠡᠭᠡᠨ ᠬᠠᠳᠠᠭᠠᠯᠠᠬᠤ᠂ ᠢᠳᠡᠭᠡᠨ ᠤ ᠥᠯᠢᠭᠡᠷ ᠡᠳ᠋ ᠦᠯᠡᠳᠡᠭᠡᠬᠦ᠂ ᠬᠤᠯᠤᠭᠠᠨ᠎ᠠ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠵᠢᠯ ᠡᠷᠭᠢᠯᠡᠭᠰᠡᠳ ᠤᠨ ᠪᠣᠯᠪᠠᠰᠤᠷᠠᠭᠤᠯᠤᠯ ᠪᠠ ᠡᠷᠡᠭᠦᠯ ᠮᠡᠨᠳᠦ ᠶᠢᠨ ᠬᠠᠮᠢᠶᠠᠷᠤᠯᠲᠠ᠂ ᠪᠠᠷᠠᠭ᠎ᠠ ᠣᠷᠣᠭᠤᠯᠬᠤ ᠪᠠᠶᠢᠴᠠᠭᠠᠨ ᠰᠢᠯᠭᠠᠯᠲᠠ᠂ ᠬᠠᠮᠲᠤ ᠬᠤᠭᠤᠯᠠᠯᠠᠭᠰᠠᠨ ᠲᠡᠮᠳᠡᠭᠯᠡᠯ ᠵᠡᠷᠭᠡ ᠢᠳᠡᠭᠡᠨ ᠤ ᠠᠮᠤᠷ ᠲᠦᠪᠰᠢᠨ ᠤ ᠲᠠᠩᠰᠠ ᠡᠪᠬᠡᠮᠡᠯ ᠢ ᠪᠠᠶᠢᠴᠠᠭᠠᠨ ᠦᠵᠡᠵᠦ᠂ ᠢᠳᠡᠭᠡᠨ ᠤ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠷᠭ᠎ᠠ ᠬᠡᠮᠵᠢᠶ᠎ᠡ ᠪᠠ ︽ᠡᠳᠦᠷ ᠤᠨ ᠬᠠᠮᠢᠶᠠᠷᠤᠯᠲᠠ ᠡᠵᠡᠮᠳᠡᠯ᠂ ᠭᠠᠷᠠᠭ ᠤᠨ ᠵᠢᠭᠰᠠᠭᠠᠨ ᠪᠠᠶᠢᠴᠠᠭᠠᠯᠲᠠ᠂ ᠰᠠᠷ᠎ᠠ ᠶᠢᠨ ᠲᠣᠬᠢᠷᠠᠭᠤᠯᠤᠯᠲᠠ︾᠎ ᠶᠢᠨ ᠠᠵᠢᠯ ᠤᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠨᠠᠷᠢᠨ ᠣᠶᠢᠯᠠᠭᠠᠵᠤ᠂ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠬᠠᠷᠢᠭᠤᠴᠠᠯᠭᠠᠲᠠᠨ ᠤ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠠᠵᠢᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃    ᠬᠢᠨᠠᠨ ᠵᠢᠯᠣᠭᠤᠳᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠢᠳᠡᠭᠡᠨ ᠤ ᠠᠮᠤᠷ ᠲᠦᠪᠰᠢᠨ ᠨᠢ ᠥᠷᠭᠡᠨ ᠣᠯᠠᠨ ᠪᠠᠭᠰᠢ ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠲᠠᠢ ᠬᠤᠯᠪᠣᠭᠳᠠᠨ᠎ᠠ᠂ ᠰᠤᠷᠭᠠᠭᠤᠯᠢ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭ᠎ᠠ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠣᠷᠣᠨ ᠪᠠᠶᠢᠷᠢ ᠶᠢ ᠴᠢᠩᠭ᠎ᠠ ᠠᠩᠬᠠᠷᠴᠤ᠂ ᠪᠠᠭᠤᠷᠠᠶ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠭᠦᠬᠡᠶ ᠮᠠᠲ᠋ᠧᠷᠢᠶᠠᠯ ᠤᠨ ᠪᠣᠭᠤᠮᠲᠠ᠂ ᠶᠠᠰᠤ ᠴᠢᠨᠠᠷ ᠤᠨ ᠪᠣᠭᠤᠮᠲᠠ᠂ ᠠᠵᠢᠯᠲᠠᠨ ᠤ ᠪᠣᠭᠤᠮᠲᠠ ᠶᠢ ᠴᠢᠩᠭ᠎ᠠ ᠠᠳᠬᠤᠵᠤ᠂ ᠲᠦᠭᠰᠢᠭᠦᠷᠢ ᠶᠢ ᠲᠣᠭᠲᠠᠮᠠᠯ ᠬᠤᠭᠤᠴᠠᠭ᠎ᠠ ᠲᠠᠢ ᠪᠠᠷ ᠵᠢᠭᠰᠠᠭᠠᠨ ᠪᠠᠶᠢᠴᠠᠭᠠᠵᠤ᠂ ᠢᠳᠡᠭᠡᠨ ᠤ ᠠᠮᠤᠷ ᠲᠦᠪᠰᠢᠨ ᠤ ᠭᠡᠮ ᠰᠤᠭᠤᠭ ᠢ ᠴᠠᠭ ᠲᠤᠬᠠᠶ ᠳᠤᠨᠢ ᠠᠷᠢᠯᠭᠠᠬᠤ ᠬᠡᠷᠡᠭᠲᠡᠶ᠃ ᠬᠤᠭᠤᠯᠠᠨ ᠬᠡᠷ ᠤᠨ ᠬᠠᠮᠢᠶᠠᠷᠤᠯᠲᠠ ᠶᠢᠨ ᠠᠵᠢᠯᠲᠠᠨ ᠬᠠᠮᠢᠶ᠎ᠠ ᠪᠥᠬᠦᠶ ᠡᠬᠡ ᠲᠠᠩᠰᠠ ᠶᠢ ᠪᠠᠶᠢᠭᠤᠯᠤᠨ ᠪᠦᠷᠢᠨᠰᠢᠬᠦᠯᠵᠦ᠂ ᠢᠳᠡᠭᠡᠨ ᠤ ᠮᠠᠲ᠋ᠧᠷᠢᠶᠠᠯ ᠤᠨ ᠪᠠᠷᠠᠭ᠎ᠠ ᠣᠷᠣᠭᠤᠯᠬᠤ ᠪᠣᠭᠤᠮᠲᠠ ᠶᠢ ᠴᠢᠩᠭ᠎ᠠ ᠠᠳᠬᠤᠵᠤ᠂ ᠬᠤᠭᠤᠴᠠᠭ᠎ᠠ ᠨᠢ ᠥᠩᠭᠡᠷᠡᠭᠰᠡᠨ᠂ ᠴᠢᠨᠠᠷ ᠬᠤᠪᠢᠷᠬᠠᠰᠠᠨ ᠲᠦᠭᠦᠬᠡᠶ ᠮᠠᠲ᠋ᠧᠷᠢᠶᠠᠯ ᠢ ᠡᠷᠡᠰ ᠬᠤᠷᠢᠭᠯᠠᠬᠤ ᠬᠡᠷᠡᠭᠲᠡᠶ︔ ᠠᠵᠢᠯᠯᠠᠵᠤ ᠪᠠᠶᠢᠭ᠎ᠠ ᠬᠥᠮᠦᠰ ᠢᠳᠡᠭᠡᠨ ᠤ ᠠᠮᠤᠷ ᠲᠦᠪᠰᠢᠨ ᠤ ᠠᠵᠢᠯᠯᠠᠭᠠᠨ ᠤ ᠵᠢᠷᠤᠮᠵᠢᠯ ᠢ ᠴᠢᠩᠭ᠎ᠠ ᠬᠡᠷᠡᠭᠵᠢᠭᠦᠯᠵᠦ᠂ ᠡᠳᠦᠷ ᠲᠤᠳᠤᠮ ᠤᠨ ᠠᠵᠢᠯ ᠢᠶᠠᠨ ᠪᠣᠳᠠᠲᠠᠶ ᠪᠥᠭᠡᠳ ᠨᠠᠷᠢᠯᠢᠭ ᠬᠢᠵᠦ᠂ ᠪᠠᠭᠰᠢ ᠰᠤᠷᠤᠭᠴᠢᠳ ᠤᠨ ᠬᠤᠭᠤᠯᠠ ᠢᠳᠡᠬᠦ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠣᠰᠣᠭᠠᠷ᠂ ᠢᠳᠡᠭᠡᠨ ᠤ ᠠᠮᠤᠷ ᠲᠦᠪᠰᠢᠨ ᠤ ᠡᠳᠦᠷ ᠲᠤᠲᠤᠮ ᠤᠨ ᠬᠢᠨᠠᠯᠲᠠ ᠪᠠᠶᠢᠴᠠᠭᠠᠯᠲᠠ ᠪᠠ ᠲᠤᠰᠬᠠᠶ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠰᠤᠷᠭᠠᠭᠤᠯᠢ ᠶᠢ ᠰᠢᠮᠳᠠᠭᠤᠯᠵᠤ ᠪᠠᠶᠢᠭᠠᠳ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠵᠦ᠂ ᠥᠷᠭᠡᠨ ᠣᠯᠠᠨ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠶ ᠭᠡᠵᠡᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1