ᠵᠢᠶᠤᠤ ᠴᠢᠩ ᠳ᠋ᠦᠩ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/5/20
    5 ᠰᠠᠷ᠎ᠠ ᠶᠢᠨ 16᠎ ᠤ ᠡᠳᠦᠷ ᠠᠴᠠ 17᠎ ᠤ ᠡᠳᠦᠷ ᠪᠣᠯᠲᠠᠯ᠎ᠠ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶᠤᠤ ᠴᠢᠩ ᠳ᠋ᠦᠩ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠬᠠᠮᠢᠶ᠎ᠠ ᠪᠦᠬᠦᠢ ᠰᠠᠯᠠᠭ᠎ᠠ ᠮᠥᠴᠢᠷ᠂ ᠪᠠᠯᠭᠠᠰᠤ ᠵᠡᠭᠡᠯᠢ ᠪᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠪᠠ᠃
1_副本.jpg
        ᠵᠢᠶᠤᠤ ᠴᠢᠩ ᠳ᠋ᠦᠩ ᠤᠷᠢᠳ ᠬᠤᠵᠢᠳ ᠫᠢᠩᠵᠤᠸᠠᠩ ᠤᠨ ᠰᠢᠶᠠᠩ ᠶᠠᠩ ᠳᠥᠷᠪᠡᠳᠦᠭᠡᠷ ᠬᠤᠷᠢᠶᠠᠯᠠᠯ ᠤᠨ ᠢᠯᠴᠢ ᠰᠣᠯᠢᠬᠤ ᠦᠷᠳᠡᠭᠡ᠂ ᠬᠤᠭᠤᠯᠠᠢ ᠶᠢᠨ ᠲᠣᠣᠷ ᠤᠨ ᠢᠨᠵᠧᠨᠧᠷᠢᠩ᠂ ᠤᠢ ᠪᠣᠯᠤᠨ ᠴᠢᠬᠢ ᠮᠣᠳᠤ ᠶᠢ ᠨᠢᠭᠡ ᠴᠤᠬᠴᠠᠵᠢᠭᠤᠯᠤᠬᠰᠠᠨ 2100 ᠮᠦ ᠰᠢᠨ᠎ᠡ ᠪᠠᠷ ᠪᠠᠶᠢᠭᠤᠯᠬᠤ ᠲᠦᠷᠦᠯ ᠵᠦᠢᠯ ᠵᠢᠴᠢ ᠶᠢᠨ ᠾᠧ ᠯᠢ ᠵᠢᠩ ᠵᠡᠷᠭᠡ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠵᠦ᠂ ᠢᠨᠵᠧᠨᠧᠷᠢᠩ ᠤᠨ ᠲᠦᠷᠦᠯ ᠵᠦᠢᠯ ᠤᠨ ᠲᠥᠯᠥᠪᠵᠢᠭᠦᠯᠭᠡ᠂ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ᠂ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠠᠬᠢᠴᠠ ᠪᠣᠯᠤᠨ ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃    ᠵᠢᠶᠤᠤ ᠴᠢᠩ ᠳ᠋ᠦᠩ ᠱᠠᠭᠠᠷᠳᠠᠭᠰᠠᠨ ᠨᠢ᠂ ︽ᠳᠤᠯᠠᠭᠠᠯᠠᠭ᠎ᠠ ᠶᠢᠨ ᠢᠨᠵᠧᠨᠧᠷᠢᠩ ︾᠎ ᠢ ᠬᠡᠷᠡᠭᠵᠢᠭᠦᠯᠬᠦ ᠨᠢ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠠᠷᠠᠳ ᠣᠯᠠᠨ ᠤ ᠲᠦᠷᠦᠭᠳᠡᠯ ᠬᠠᠮᠤᠭ ᠤᠨ ᠢᠯᠡᠷᠬᠡᠶ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠤᠯᠠᠨ ᠲᠦᠮᠡᠨ ᠤ ᠬᠥᠢᠲᠡᠨ ᠳᠤᠯᠠᠭᠠᠨ ᠳᠤ ᠬᠤᠯᠪᠤᠭᠳᠠᠬᠤ ᠳᠤᠯᠠᠭᠠᠯᠠᠭ᠎ᠠ ᠬᠠᠩᠭᠠᠬᠤ ᠠᠰᠠᠭᠤᠳᠠᠯ ᠢ ᠲᠦᠢᠯᠪᠤᠷᠢᠲᠠᠢ ᠰᠢᠢᠳᠪᠦᠷᠢᠯᠡᠬᠦ ᠶᠢ ᠪᠠᠴᠢᠮ ᠴᠢᠬᠤᠯᠠ ᠶᠠᠪᠤᠳᠠᠯ ᠪᠣᠯᠭᠠᠵᠤ᠂ ᠨᠢᠭᠡᠳᠦᠯᠲᠡᠢ ᠲᠥᠯᠥᠪᠵᠢᠭᠦᠯᠤ ᠲᠥᠯᠥᠪᠵᠢᠭᠦᠯᠵᠦ᠂ ᠥᠨᠳᠥᠷ ᠪᠦᠲᠦᠮᠵᠢᠲᠡᠢ ᠠᠬᠢᠭᠤᠯᠵᠤ᠂ ᠢᠯᠴᠢ ᠶᠢᠨ ᠢᠷᠡᠯᠲᠡ᠂ ᠬᠤᠭᠤᠯᠠᠢ ᠶᠢᠨ ᠲᠣᠣᠷ ᠵᠡᠷᠭᠡ ᠲᠠᠯ᠎ᠠ ᠪᠠᠷ ᠵᠡᠷᠭᠡᠪᠡᠷ ᠬᠦᠴᠦᠯᠡᠵᠦ᠂ ᠤᠯᠠᠨ ᠲᠦᠮᠡᠨ ᠤ ᠳᠤᠯᠠᠭᠠᠯᠠᠭ᠎ᠠ ᠬᠠᠩᠭᠠᠬᠤ ᠠᠰᠠᠭᠤᠳᠠᠯ ᠢ ᠰᠢᠰᠲ᠋ᠧᠮ ᠲᠠᠢ ᠰᠠᠶᠢᠲᠤᠷ ᠰᠢᠢᠳᠪᠦᠷᠢᠯᠡᠵᠦ᠂ ᠤᠯᠠᠨ ᠲᠥᠮᠡᠨ ᠤ ᠭᠡᠷ ᠥᠷᠦᠭᠡ ᠶᠢ ᠳᠤᠯᠠᠭᠠᠬᠠᠨ ᠪᠠᠶᠢᠯᠭᠠᠬᠤ ᠪᠠᠷ ᠴᠢᠷᠮᠠᠶᠢᠬᠤ ᠬᠡᠷᠡᠭᠲᠡᠢ᠃ ᠭᠠᠵᠠᠷ ᠳᠣᠣᠷᠠᠬᠢ ᠬᠤᠭᠤᠯᠠᠢ ᠲᠣᠣᠷ ᠬᠢᠭᠡᠳ ᠵᠠᠮ ᠵᠠᠰᠠᠬᠤ ᠢᠨᠵᠧᠨᠧᠷᠢᠩ ᠢ ᠵᠡᠷᠭᠡᠪᠡᠷ ᠬᠡᠷᠡᠭᠵᠢᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠢᠨᠵᠧᠨᠧᠷᠢᠩ ᠤᠨ ᠠᠬᠢᠴᠠ ᠶᠢ ᠴᠢᠨᠠᠭᠰᠢᠳᠠ ᠲᠦᠷᠭᠡᠳᠬᠡᠵᠦ᠂ ᠢᠨᠵᠧᠨᠧᠷᠢᠩ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠡᠯ᠎ᠡ ᠵᠦᠢᠯ ᠤᠨ ᠢᠨᠵᠧᠨᠧᠷᠢᠩ ᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃    ᠵᠢᠶᠤᠤ ᠴᠢᠩ ᠳ᠋ᠦᠩ ᠴᠢᠬᠤᠯᠠᠴᠢᠯᠠᠭᠰᠠᠨ ᠨᠢ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠴᠢᠷᠮᠠᠶᠢᠨ ᠰᠢᠢᠳᠪᠦᠷᠢᠯᠡᠵᠦ᠂ ᠪᠠᠷᠢᠯᠭ᠎ᠠ ᠶᠢᠨ ᠠᠮᠤᠷ ᠲᠦᠪᠰᠢᠨ ᠪᠣᠯᠤᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠡᠯ᠎ᠡ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠣᠳᠣᠬᠠᠨ ᠤ ᠠᠶᠤᠯᠭᠦᠢ ᠦᠢᠯᠡᠳᠪᠦᠷᠢᠯᠡᠯ ᠳᠤ ᠲᠤᠯᠭᠠᠷᠠᠵᠤ ᠪᠠᠶᠢᠭ᠎ᠠ ᠪᠠᠶᠢᠳᠠᠯ ᠪᠣᠯᠤᠨ ᠰᠢᠨ᠎ᠡ ᠪᠠᠶᠢᠳᠠᠯ ᠢ ᠰᠡᠷᠭᠡᠭ ᠢᠶᠠᠷ ᠲᠠᠨᠢᠵᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠵᠦ᠂ ︽ᠴᠠᠭ ᠢᠮᠠᠭᠲᠠ ᠰᠡᠳᠬᠢᠯ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠬᠤᠳᠠ ᠪᠠᠯᠭᠠᠰᠤᠨ ᠤ ᠰᠢᠲᠠᠮᠠᠬᠠᠢ ᠬᠡᠢ᠂ ᠥᠪᠡᠷ ᠢᠶᠠᠨ ᠪᠠᠷᠢᠭᠰᠠᠨ ᠭᠡᠷ ᠪᠠᠶᠢᠰᠢᠩ᠂ ᠭᠡᠷ ᠪᠠᠶᠢᠰᠢᠩ ᠬᠤᠲᠠ ᠶᠢᠨ ᠵᠠᠰᠠᠭ ᠤᠨ ᠢᠨᠵᠧᠨᠧᠷᠢᠩ ᠵᠡᠷᠭᠡ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠲᠦᠢᠯᠪᠤᠷᠢᠲᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠬᠡᠷᠡᠭᠲᠡᠢ ᠭᠡᠵᠡᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1