ᠼᠤᠤ ᡁᠢ ᠶᠦᠩ ᠶᠤᠸᠠᠨ ᠪᠦᠦ ᠱᠠᠨ ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠭᠥᠢᠯᠭᠡᠭᠡᠨ ᠲᠠᠢ ᠪᠣᠯᠭᠠᠨ ᠡᠵᠡᠩᠨᠡᠵᠦ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/5/21
    5 ᠰᠠᠷ᠎ᠠ ᠶᠢᠨ 20᠎ ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠮᠠᠨ ᠤ ᠲᠤᠭᠤᠷᠢᠭ ᠤᠨ ᠤᠯᠤᠰ ᠤᠨ ᠥᠮᠴᠢᠯᠡᠯᠲᠦ ᠡᠳ᠋ ᠬᠦᠷᠦᠩᠭᠡ ᠶᠢᠨ ᠭᠥᠢᠯᠭᠡᠭᠡᠨ ᠲᠠᠢ ᠪᠣᠯᠭᠠᠨ ᠡᠵᠡᠩᠨᠡᠵᠦ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠯᠢ ᡁᠢ ᠭᠠᠩ᠂ ᠲᠤᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠺᠣᠮᠫᠠᠨᠢ ᠶᠢᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠪᠠ᠃    ᠫᠢᠩᠵᠤᠸᠠᠩ ᠤᠨ ᠪᠦᠷᠢᠨ ᠪᠠᠷᠠᠭᠠᠲᠤ ᠳᠡᠯᠭᠡᠭᠦᠷ ᠤᠨ ᠲᠣᠮᠣ ᠠᠰᠠᠷ᠂ ᠶᠤᠸᠠᠨ ᠪᠦᠦ ᠱᠠᠨ ᠤ ᠮᠠᠰᠢᠨ ᠲᠡᠷᠭᠡᠨ ᠤ ᠬᠤᠲᠠ ᠳᠤ᠂ ᠼᠤᠤ ᡁᠢ ᠶᠦᠩ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠭᠥᠢᠯᠭᠡᠭᠡᠨ ᠲᠠᠢ ᠪᠣᠯᠭᠠᠨ ᠠᠰᠢᠭᠯᠠᠵᠤ ᠪᠠᠶᠢᠭ᠎ᠠ ᠣᠳᠣᠬᠢ ᠪᠠᠶᠢᠳᠠᠯ ᠵᠢᠴᠢ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠢᠯᠡᠴᠢᠯᠡᠭᠡ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠᠨ ᠴᠢᠨᠠᠭᠰᠢᠳᠠ ᠲᠡᠭᠦᠯᠳᠡᠷᠵᠢᠭᠦᠯᠵᠦ᠂ ᠥᠷᠭᠦᠯᠵᠢᠯᠡᠬᠦ᠋ᠢᠴᠡ᠂ ᠦᠷ᠎ᠡ ᠠᠰᠢᠭ ᠲᠠᠢ ᠡᠵᠡᠩᠨᠡᠯᠲᠡ ᠶᠢᠨ ᠲᠣᠭᠲᠠᠴᠠ ᠶᠢ ᠭᠦᠨᠵᠡᠭᠡᠢ ᠰᠤᠳᠤᠯᠵᠤ᠂ ᠤᠯᠤᠰ ᠤᠨ ᠥᠮᠴᠢᠯᠡᠯᠲᠦ ᠡᠳ᠋ ᠬᠦᠷᠦᠩᠭᠡ ᠶᠢ ᠠᠰᠢᠭᠯᠠᠭᠰᠠᠨ ᠠᠵᠤ ᠠᠬᠤᠢ ᠶᠢᠨ ᠦᠷ᠎ᠡ ᠠᠰᠢᠭ ᠪᠣᠯᠤᠨ ᠨᠡᠶᠢᠭᠡᠮ ᠤᠨ ᠦᠷ᠎ᠡ ᠠᠰᠢᠭ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠣᠷᠣᠵᠤ ᠰᠠᠭᠤᠭᠰᠠᠨ ᠠᠵᠤ ᠠᠬᠤᠶᠢᠯᠠᠯ ᠡᠵᠡᠩᠨᠡᠯᠲᠡ ᠶᠢᠨ ᠵᠠᠭᠪᠤᠷ ᠤᠨ ᠰᠢᠨ᠎ᠡ ᠶᠢ ᠡᠭᠦᠳᠴᠦ᠂ ᠡᠵᠡᠩᠨᠡᠯᠲᠡ ᠶᠢᠨ ᠬᠡᠯᠪᠡᠷᠢ ᠪᠠᠶᠢᠳᠠᠯ ᠢᠶᠠᠨ ᠪᠠᠶᠠᠯᠢᠭᠵᠢᠭᠤᠯᠵᠤ᠂ ᠰᠠᠭᠤᠭᠠᠯᠢ ᠠᠷᠠᠳ ᠤᠨ ᠤᠯᠠᠨ ᠶᠠᠩᠵᠤ ᠶᠢᠨ ᠬᠡᠷᠡᠭᠯᠡᠭᠡᠨ ᠤ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠶᠤᠸᠠᠨ ᠪᠦᠦ ᠱᠠᠨ ᠪᠠᠯᠭᠠᠰᠤᠨ ᠤ ᠭᠦᠸᠧ ᠱᠧᠨ ᠲᠣᠮᠣ ᠠᠰᠠᠷ ᠲᠤ᠂ ᠼᠤᠤ ᡁᠢ ᠶᠦᠩ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠭᠦᠨᠵᠡᠭᠡᠢ ᠶᠠᠷᠢᠯᠴᠠᠵᠤ᠂ ᠡᠷᠬᠢᠨ ᠲᠣᠭᠤᠷᠢᠨ ᠤ ᠣᠷᠴᠢᠨ ᠲᠣᠭᠤᠷᠢᠨ ᠤ ᠲᠥᠬᠦᠭᠡᠷᠦᠮᠵᠢ ᠵᠢᠴᠢ ᠤᠯᠤᠰ ᠤᠨ ᠥᠮᠴᠢᠯᠡᠯᠲᠦ ᠡᠳ᠋ ᠬᠦᠷᠦᠩᠭᠡ ᠶᠢ ᠭᠥᠢᠯᠭᠡᠭᠡᠨ ᠲᠠᠢ ᠪᠣᠯᠭᠠᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠢ ᠨᠠᠷᠢᠨ ᠣᠶᠢᠯᠠᠭᠠᠪᠠ᠃ ᠲᠡᠷᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠬᠤᠯᠪᠣᠭᠠᠯᠠᠨ ᠬᠥᠳᠡᠯᠦᠯᠴᠡᠵᠦ᠂ ᠠᠵᠤ ᠠᠬᠤᠶᠢᠯᠠᠯ ᠢ ᠬᠠᠪᠰᠤᠷᠤᠨ ᠡᠳ᠋ ᠬᠦᠷᠦᠩᠭᠡ ᠶᠢᠨ ᠭᠦᠢᠯᠭᠡᠭᠡᠨ ᠲᠠᠢ ᠪᠣᠯᠭᠠᠨ ᠡᠵᠡᠩᠨᠡᠬᠦ ᠲᠠᠯ᠎ᠠ ᠪᠠᠷ ᠲᠤᠯᠭᠠᠷᠠᠭᠰᠠᠨ ᠬᠦᠴᠢᠷᠳᠡᠯ ᠢ ᠨᠢ ᠦᠨᠡᠨ ᠬᠦ ᠰᠢᠢᠳᠪᠦᠷᠢᠯᠡᠵᠦ᠂ ᠠᠵᠤ ᠠᠬᠤᠶᠢᠯᠠᠯ ᠤᠨ ᠢᠳᠡᠪᠬᠢᠵᠢᠯ ᠪᠣᠯᠤᠨ ᠪᠦᠲᠦᠭᠡᠯᠴᠢ ᠴᠢᠨᠠᠷ ᠢ ᠭᠦᠢᠴᠡᠳ ᠬᠥᠭᠵᠢᠭᠡᠵᠦ᠂ ᠤᠯᠤᠰ ᠤᠨ ᠥᠮᠴᠢᠯᠡᠯᠲᠦ ᠡᠳ᠋ ᠬᠦᠷᠦᠩᠭᠡ ᠶᠢᠨ ᠭᠥᠢᠯᠭᠡᠭᠡᠨ ᠲᠠᠢ ᠪᠣᠯᠭᠠᠬᠤ ᠠᠵᠢᠯ ᠢ ᠦᠷ᠎ᠡ ᠪᠦᠲᠦᠮᠵᠢ ᠲᠠᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠶᠤᠸᠠᠨ ᠪᠦᠦ ᠱᠠᠨ ᠪᠠᠯᠭᠠᠰᠤᠨ ᠤ ᠶᠤᠸᠠᠨ ᠵᠢᠶᠠᠨ ᠺᠠᠩ ᠢᠳᠡᠭᠡᠨ ᠤ ᠦᠢᠯᠡᠳᠪᠦᠷᠢ ᠳᠤ᠂ ᠼᠤᠤ ᡁᠢ ᠶᠦᠩ ᠡᠳ᠋ ᠬᠥᠷᠥᠩᠭᠡ ᠶᠢᠨ ᠣᠳᠣᠬᠢ ᠪᠠᠶᠢᠳᠠᠯ᠂ ᠭᠥᠢᠯᠭᠡᠭᠡᠨ ᠲᠠᠢ ᠪᠣᠯᠭᠠᠨ ᠡᠵᠡᠩᠨᠡᠬᠦ ᠲᠥᠯᠥᠪᠵᠢᠭᠦᠯᠭᠡ ᠶᠢᠨ ᠲᠥᠰᠦᠯ ᠪᠣᠯᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠬᠢᠴᠠ ᠶᠢ ᠨᠠᠷᠢᠨ ᠣᠶᠢᠯᠠᠭᠠᠪᠠ᠃ ᠲᠡᠷᠡ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ︽ᠨᠢᠭᠡ ᠡᠳ᠋ ᠬᠥᠷᠥᠩᠭᠡ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠵᠠᠷᠴᠢᠮ ᠶᠣᠰᠣᠭᠠᠷ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠡᠳ᠋ ᠬᠥᠷᠥᠩᠭᠡ ᠶᠢ ᠭᠥᠢᠯᠭᠡᠭᠡᠨ ᠲᠠᠢ ᠪᠣᠯᠭᠠᠬᠤ ᠪᠦᠲᠦᠮᠵᠢᠲᠡᠶ ᠠᠷᠭ᠎ᠠ ᠵᠠᠮ ᠢ ᠬᠠᠶᠢᠨ ᠰᠦᠪᠡᠭᠴᠢᠯᠡᠬᠦ ᠶᠢᠨ ᠬᠠᠮᠲᠤ᠂ ᠰᠠᠨᠠᠭᠠᠴᠢᠯᠠᠭ᠎ᠠ ᠠᠴᠠ ᠪᠠᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠲᠠᠢ ᠤᠶᠠᠯᠳᠤᠭᠤᠯᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠪᠥᠬᠦ ᠬᠡᠯᠬᠢᠶᠡᠨ ᠤ ᠬᠠᠮᠢᠶᠠᠷᠤᠯᠲᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠶᠢ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1