ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠬᠡᠷ ᠤᠨ ᠪᠠᠶᠢᠴᠠᠭᠠᠬᠤ ᠳᠤᠭᠤᠶᠢᠯᠠᠩ ᠶᠤᠸᠠᠨ ᠪᠦᠦ ᠱᠠᠨ ᠲᠣᠭᠤᠷᠢᠭ ᠲᠤ ᠢᠷᠡᠵᠦ ︽ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ︾᠎ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/5/21
    5 ᠰᠠᠷ᠎ᠠ ᠶᠢᠨ 16᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠤᠨ ᠭᠤᠷᠪᠠᠳᠤᠭᠠᠷ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠠᠷᠠᠯᠵᠢᠶᠠᠨ ᠤ ᠭᠠᠵᠠᠷ ᠤᠨ ᠳᠠᠷᠤᠭ᠎ᠠ ᠰᠠᠷᠠᠩᠭᠤᠸ᠎ᠠ ᠳᠤᠭᠤᠶᠢᠯᠠᠩ ᠳᠠᠭᠠᠭᠤᠯᠤᠨ ᠶᠤᠸᠠᠨ ᠪᠦᠦ ᠱᠠᠨ ᠲᠣᠭᠤᠷᠢᠭ ᠲᠤ ᠢᠷᠡᠵᠦ ︽ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ︾᠎ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠶᠢᠴᠠᠭᠠᠬᠤ ᠠᠵᠢᠯ ᠥᠷᠨᠢᠭᠦᠯᠪᠡ᠃ ᠬᠤᠲᠠ ᠶᠢᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠤᠨ ᠡᠷᠬᠢᠯᠡᠭᠴᠢ ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶᠠᠨ ᠤ ᠳᠡᠳ᠋ ᠳᠠᠷᠤᠭ᠎ᠠ ᠺᠦᠩ ᠰᠢᠶᠠᠩ ᠫᠧᠩ᠂ ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠮᠢᠩ᠂ ᠫᠢᠩᠵᠤᠸᠠᠩ ᠪᠠᠯᠭᠠᠰᠤᠨ ᠤ ᠬᠠᠷᠢᠭᠤᠴᠠᠯᠭᠠᠲᠠᠨ ᠵᠢᠴᠢ ᠲᠣᠭᠤᠷᠢᠭ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠤᠨ ᠬᠤᠯᠪᠣᠭᠳᠠᠯ ᠪᠦᠬᠦᠢ ᠬᠥᠮᠦᠰ ᠪᠠᠷ᠎ᠠ ᠪᠣᠯᠵᠤ ᠪᠠᠶᠢᠴᠠᠭᠠᠪᠠ᠃
1_副本.jpg
        ᠪᠠᠶᠢᠴᠠᠭᠠᠬᠤ ᠳᠤᠭᠤᠶᠢᠯᠠᠩ ᠨᠢ ᠬᠤᠶᠠᠷ ᠳᠤᠭᠤᠶᠢᠯᠠᠩ ᠬᠤᠪᠢᠶᠠᠨ ᠫᠢᠩᠵᠤᠸᠠᠩ ᠪᠠᠯᠭᠠᠰᠤᠨ ᠤ ᠯᠢᠩ ᠱᠠᠩ ᠲᠣᠰᠬᠤᠨ ᠤ ᠨᠡᠶᠢᠳᠡᠮ ᠪᠠᠶᠢᠴᠠᠭᠠᠯᠲᠠ ᠶᠢᠨ ᠲᠣᠭᠤᠷᠢᠭ ᠤᠨ ᠳᠣᠲᠣᠷᠠᠬᠢ 18 ᠬᠤᠪᠢ ᠶᠢᠨ ᠡᠵᠡᠩᠨᠡᠯᠲᠡ ᠶᠢᠨ ᠡᠷᠦᠬᠡ ᠶᠢᠨ ᠨᠡᠶᠢᠳᠡᠮ ᠪᠠᠶᠢᠴᠠᠭᠠᠯᠲᠠ ᠶᠢᠨ ᠳᠠᠩᠰᠠᠯᠠᠭᠤᠯᠤᠭᠰᠠᠨ ᠲᠤᠭ᠎ᠠ ᠪᠠᠷᠢᠮᠲᠠ ᠶᠢ ᠡᠷᠦᠬᠡ ᠳᠤ ᠬᠦᠷᠴᠦ ᠰᠤᠷᠪᠤᠯᠵᠢᠯᠠᠨ ᠬᠢᠨᠠᠨ ᠬᠠᠷᠭᠤᠭᠤᠯᠵᠤ᠂ ᠪᠠᠶᠢᠴᠠᠭᠠᠬᠤ ᠡᠲᠡᠭᠡᠳ ᠲᠠᠢ ᠰᠠᠨᠠᠯ ᠢᠶᠠᠨ ᠭᠦᠨᠵᠡᠭᠡᠶ ᠰᠣᠯᠢᠯᠴᠠᠬᠤ ᠪᠠᠷ ᠳᠠᠮᠵᠢᠨ᠂ ᠬᠤᠪᠢ ᠶᠢᠨ ᠡᠵᠡᠩᠨᠡᠯᠲᠡ ᠶᠢᠨ ᠡᠷᠦᠬᠡ ᠶᠢᠨ ᠡᠵᠡᠩᠨᠡᠯᠲᠡ᠂ ᠠᠵᠢᠯᠲᠠᠨ ᠤ ᠵᠠᠷᠤᠯᠭ᠎ᠠ᠂ ᠪᠠᠷᠠᠭ᠎ᠠ ᠣᠷᠣᠭᠤᠯᠬᠤ ᠠᠷᠭ᠎ᠠ ᠵᠠᠮ ᠵᠢᠴᠢ ᠥᠪᠡᠷ ᠤᠨ ᠥᠷᠲᠡᠭ ᠵᠡᠷᠭᠡ ᠨᠠᠷᠢᠨ ᠪᠠᠶᠢᠳᠠᠯ ᠢ ᠨᠠᠷᠢᠯᠢᠭ ᠣᠶᠢᠯᠠᠭᠠᠭᠰᠠᠨ ᠪᠥᠭᠡᠳ ᠡᠵᠡᠩᠨᠡᠭᠴᠢᠳ ᠲᠤ ᠲᠤᠭ᠎ᠠ ᠪᠠᠷᠢᠮᠲᠠ ᠶᠢᠨ ᠮᠠᠲ᠋ᠧᠷᠢᠶᠠᠯ ᠢ ᠦᠨᠡᠨ ᠪᠣᠳᠠᠲᠠᠶ ᠪᠠᠷ ᠬᠠᠩᠭᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠳᠤ ᠢᠳᠡᠪᠬᠢᠲᠡᠶ ᠬᠠᠮᠵᠢᠯᠴᠠᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠡᠷᠦᠬᠡ ᠳᠤ ᠬᠦᠷᠴᠦ ᠰᠤᠷᠪᠤᠯᠵᠢᠯᠠᠨ ᠶᠠᠪᠤᠵᠤ ᠳᠠᠭᠤᠰᠤᠭᠰᠠᠨ ᠤ ᠳᠠᠷᠠᠭ᠎ᠠ᠂ ᠪᠠᠶᠢᠴᠠᠭᠠᠬᠤ ᠳᠤᠭᠤᠶᠢᠯᠠᠩ ᠬᠤᠪᠢ ᠶᠢᠨ ᠡᠵᠡᠩᠨᠡᠯᠲᠡ ᠶᠢᠨ ᠡᠷᠦᠬᠡ ᠶᠢᠨ ᠬᠠᠩᠭᠠᠭᠰᠠᠨ ᠡᠵᠡᠩᠨᠡᠯᠲᠡ ᠶᠢᠨ ᠣᠷᠣᠯᠭ᠎ᠠ᠂ ᠬᠤᠭᠤᠴᠠᠭᠠᠨ ᠤ ᠡᠴᠦᠰ ᠤᠨ ᠠᠵᠢᠯ ᠡᠷᠭᠢᠯᠡᠭᠰᠡᠳ ᠤᠨ ᠲᠤᠭ᠎ᠠ ᠵᠡᠷᠭᠡ ᠪᠦᠷᠢᠳᠬᠡᠯ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠭᠰᠠᠨ ᠪᠥᠭᠡᠳ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠲᠠᠪᠴᠠᠩ ᠤᠨ ᠳᠠᠩᠰᠠᠯᠠᠭᠤᠯᠤᠭᠰᠠᠨ ᠲᠤᠭ᠎ᠠ ᠪᠠᠷᠢᠮᠲᠠ ᠲᠠᠢ ᠬᠠᠷᠢᠴᠠᠭᠤᠯᠤᠨ ᠬᠠᠷᠭᠤᠭᠤᠯᠪᠠ᠃    ᠪᠠᠶᠢᠴᠠᠭᠠᠬᠤ ᠳᠤᠭᠤᠶᠢᠯᠠᠩ ᠤᠨ ᠬᠢᠨ ᠶᠤᠸᠠᠨ ᠪᠦᠦ ᠱᠠᠨ ᠲᠣᠭᠤᠷᠢᠭ ᠤᠨ ︽ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ︾᠎ ᠶᠢᠨ ᠠᠵᠢᠯ ᠤᠨ ᠣᠯᠤᠭᠰᠠᠨ ᠠᠮᠵᠢᠯᠲᠠ ᠪᠣᠯᠤᠨ ᠵᠣᠷᠢᠭᠤᠯᠤᠭᠰᠠᠨ ᠴᠢᠷᠮᠠᠶᠢᠯᠭ᠎ᠠ ᠶᠢ ᠭᠦᠢᠴᠡᠳ ᠨᠤᠲᠠᠯᠠᠵᠤ᠂ ᠡᠮᠦᠨᠡᠬᠢ ᠬᠤᠭᠤᠴᠠᠭᠠᠨ ᠤ ᠠᠮᠵᠢᠯᠲᠠ ᠪᠦᠲᠦᠮᠵᠢ ᠶᠢ ᠣᠯᠤᠭᠰᠠᠨ ᠨᠢ ᠶᠤᠸᠠᠨ ᠪᠦᠦ ᠱᠠᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ︽ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ︾ ᠵᠢᠴᠢ ᠲᠤᠭ᠎ᠠ ᠪᠦᠷᠢᠳᠬᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠡᠶᠢᠳᠡᠮ ᠪᠠᠶᠢᠴᠠᠭᠠᠯᠲᠠ ᠶᠢᠨ ᠠᠯᠪᠠᠨ ᠬᠡᠷ ᠤᠨ ᠡᠯ᠎ᠡ ᠪᠦᠷᠢᠯᠳᠦᠬᠦᠨ ᠨᠢᠭᠡᠴᠢ ᠶᠢᠨ ᠬᠤᠭᠤᠷᠣᠨᠳᠣᠬᠢ ᠪᠦᠲᠦᠮᠵᠢᠲᠡᠶ ᠨᠡᠪᠲᠡᠷᠡᠯᠴᠡᠭᠡ᠂ ᠨᠢᠭᠲᠠ ᠬᠠᠮᠵᠢᠯᠴᠠᠭ᠎ᠠ᠂ ᠪᠠᠯᠭᠠᠰᠤ᠂ ᠲᠣᠰᠬᠤᠨ ᠬᠤᠶᠠᠷ ᠱᠠᠲᠤᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠪᠠᠶᠢᠭᠤᠯᠤᠮᠵᠢ ᠡᠯ᠎ᠡ ᠵᠦᠢᠯ ᠤᠨ ᠠᠵᠢᠯ ᠤᠨ ᠡᠭᠦᠷᠭᠡ ᠪᠠᠨ ᠲᠡᠷᠡ ᠬᠡᠪ ᠢᠶᠠᠷ ᠨᠢ ᠪᠡᠶᠡᠯᠡᠭᠦᠯᠥᠭᠰᠡᠨ ᠲᠠᠢ ᠰᠠᠯᠵᠤ ᠴᠢᠳᠠᠰᠢ ᠦᠭᠡᠢ ᠪᠠᠶᠢᠵᠤ᠂ ᠶᠤᠸᠠᠨ ᠪᠦᠦ ᠱᠠᠨ ᠲᠣᠭᠤᠷᠢᠭ ᠲᠠᠷᠠᠭᠠᠴᠢ ᠶᠢᠨ ᠬᠢᠨᠠᠨ ᠬᠠᠷᠭᠤᠭᠤᠯᠵᠤ ᠰᠢᠯᠭᠠᠨ ᠠᠪᠬᠤ ᠱᠠᠲᠤᠨ ᠤ ᠠᠵᠢᠯ ᠤᠨ ᠳᠤᠮᠳᠠ᠂ ᠥᠩᠭᠡᠷᠡᠭᠰᠡᠨ ᠲᠠᠢ ᠪᠠᠨ ᠠᠳᠠᠯᠢ ᠪᠠᠷ ᠦᠷᠭᠦᠯᠵᠢᠯᠡᠨ ᠴᠢᠷᠮᠠᠶᠢᠵᠤ᠂ ᠨᠠᠩ ᠨᠠᠷᠢᠨ ᠬᠢᠨᠠᠮᠠᠭᠠᠶ ᠬᠠᠷᠢᠭᠤᠴᠠᠯᠭᠠᠲᠤ ᠣᠪᠣᠷ ᠢᠶᠠᠷ ᠡᠯ᠎ᠡ ᠵᠦᠢᠯ ᠤᠨ ᠠᠵᠢᠯ ᠤᠨ ᠡᠭᠦᠷᠭᠡ ᠪᠠᠨ ᠰᠠᠶᠢᠲᠤᠷ ᠨᠠᠶᠢᠳᠠᠪᠤᠷᠢᠵᠢᠭᠤᠯᠵᠤ᠂ ︽ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ︾ ᠠᠵᠢᠯ ᠤᠨ ᠤᠷᠤᠭᠰᠢᠲᠠᠶ ᠪᠡᠶᠡᠯᠡᠭᠳᠡᠬᠦ ᠶᠢ ᠪᠠᠲᠤᠯᠠᠬᠤ ᠶᠢ ᠬᠦᠰᠡᠵᠦ ᠪᠠᠶᠢᠨ᠎ᠠ ᠭᠡᠵᠦ ᠢᠯᠡᠳᠬᠡᠵᠡᠢ᠃    ᠪᠠᠶᠢᠴᠠᠭᠠᠬᠤ ᠳᠤᠭᠤᠶᠢᠯᠠᠩ ᠪᠠᠰᠠ ᠶᠤᠸᠠᠨ ᠪᠦᠦ ᠱᠠᠨ ᠤ ᠴᠠᠬᠢᠯᠭᠠᠨ ᠭᠠᠷᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠭᠦᠨᠵᠡᠭᠡᠶᠢᠷᠡᠨ ᠣᠷᠣᠭᠤᠯᠤᠯᠲᠠ ᠭᠠᠷᠭᠠᠯᠲᠠ ᠶᠢᠨ ᠬᠠᠮᠢᠶ᠎ᠠ ᠪᠦᠬᠦᠢ ᠡᠬᠡ ᠲᠠᠩᠰᠠ ᠶᠢ ᠪᠠᠶᠢᠴᠠᠭᠠᠪᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1