ᠵᠠᠩ ᡁᠢ ᠸᠧᠢ ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ ᠤ 2024 ᠣᠨ ᠤ 6 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/23
    5 ᠰᠠᠷ᠎ᠠ ᠶᠢᠨ 21᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ ᠤ 2024 ᠣᠨ ᠤ 6 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠵᠢᠶᠤᠤ ᠴᠢᠩ ᠳ᠋ᠦᠩ᠂ ᠸᠠᠩ ᠶᠠᠨ ᠪᠥᠸᠧ᠂ ᠭᠠᠷᠤᠳᠢ᠂ ᠯᠢ ᠽᠦᠩ ᠮᠧᠩ᠂ ᠶᠢᠨ ᠮᠢᠩ᠂ ᠫᠧᠩ ᠰᠢᠶᠤᠤ ᠵᠢᠤᠸᠠᠨ᠂ ᠯᠢ ᠸᠧᠢ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠠᠩ ᠰᠢᠨ ᠢᠦᠢ ᠬᠤᠷᠠᠯ ᠳᠤ ᠣᠷᠣᠯᠴᠠᠵᠤ᠂ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠪᠠᠯᠭᠠᠰᠤ ᠰᠢᠶᠠᠩ ᠵᠡᠭᠡᠯᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ ︽ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠬᠠᠮᠢᠶᠠᠷᠤᠯᠲᠠ ᠶᠢ ᠵᠢᠷᠤᠮᠵᠢᠭᠤᠯᠬᠤ ᠲᠤᠬᠠᠢ ᠰᠠᠨᠠᠯ︾᠎ ᠢ ᠬᠢᠨᠠᠨ ᠵᠥᠪᠯᠡᠵᠦ᠂ 2024 ᠣᠨ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠥᠷᠢ ᠪᠡᠯᠡ ᠮᠥᠩᠭᠦ ᠶᠢᠨ ᠬᠤᠪᠢᠶᠠᠷᠢᠯᠠᠯᠲᠠ ᠵᠢᠴᠢ ᠲᠥᠯᠥᠪᠯᠡᠭᠡ ᠶᠢ ᠬᠡᠷᠡᠭᠵᠢᠭᠦᠯᠬᠦ ᠲᠥᠷᠥᠯ ᠵᠥᠢᠯ᠂ ︽ᠶᠢᠰᠦᠨ ᠪᠠᠭ᠎ᠠ ᠲᠠᠯᠠᠪᠤᠷ︾᠎ ᠤᠨ ᠤᠶᠤᠨᠲᠤ ᠭᠠᠯ ᠤᠨᠲᠠᠷᠠᠭᠠᠬᠤ ᠬᠢᠨᠠᠨ ᠡᠵᠡᠮᠳᠡᠬᠦ ᠲᠠᠪᠴᠠᠩ ᠢ ᠪᠠᠶᠢᠭᠤᠯᠬᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠤᠶᠤᠨᠴᠢᠯᠠᠭᠰᠠᠨ ᠲᠥᠬᠦᠭᠡᠷᠦᠮᠵᠢ ᠶᠢ ᠬᠤᠳᠠᠯᠳᠤᠨ ᠠᠪᠴᠤ ᠲᠤᠬᠢᠷᠠᠭᠤᠯᠬᠤ᠂ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ᠂ ᠶᠤᠸᠠᠨ ᠪᠦᠦ ᠱᠠᠨ ᠤ ᠠᠵᠤ ᠦᠢᠯᠡᠰ ᠤᠨ ᠬᠦᠷᠢᠶᠡᠯᠡᠩ ᠤᠨ ᠪᠣᠷᠣᠭᠠᠨ ᠤ ᠤᠰᠤ ᠶᠢ ᠭᠠᠳᠠᠭᠰᠢᠯᠠᠭᠤᠯᠬᠤ ᠭᠤᠣᠯ ᠤᠨ ᠠᠮᠠᠰᠠᠷ ᠤᠨ ᠪᠠᠭᠲᠠᠭᠠᠮᠵᠢ ᠶᠢ ᠨᠡᠮᠡᠭᠳᠡᠭᠦᠯᠬᠦ ᠬᠠᠮᠢᠶ᠎ᠠ ᠪᠦᠬᠦᠢ ᠬᠢᠨᠠᠨ ᠵᠥᠪᠰᠢᠶᠡᠷᠡᠭᠰᠡᠨ ᠮᠡᠳᠡᠭᠦᠯᠦᠯᠲᠡ ᠶᠢ ᠨᠠᠶᠢᠷᠠᠭᠤᠯᠤᠨ ᠲᠤᠭᠤᠷᠪᠢᠬᠤ᠂ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ ᠪᠠᠶᠢᠭᠤᠯᠤᠮᠵᠢ ᠶᠢᠨ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠠᠷᠢᠯᠭᠠᠬᠤ ᠵᠡᠷᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠵᠠᠢ᠃    ᠬᠤᠷᠠᠯ ᠠᠴᠠ᠂ ᠡᠯ᠎ᠡ ᠪᠠᠯᠭᠠᠰᠤ ᠰᠢᠶᠠᠩ ᠵᠡᠭᠡᠯᠢ᠂ ᠡᠯ᠎ᠡ ᠰᠠᠯᠠᠭ᠎ᠠ ᠮᠥᠴᠢᠷ ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠪᠦᠲᠦᠮᠵᠢᠲᠡᠢ ᠳᠡᠭᠡᠭᠰᠢᠯᠡᠭᠦᠯᠬᠦ ᠬᠡᠷᠡᠭᠲᠡᠢ᠃ ᠵᠣᠯᠭᠠᠭᠤᠯᠬᠤ ᠪᠡᠯᠡ ᠮᠥᠩᠭᠦ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠳᠤᠮᠳᠠᠬᠢ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠴᠢᠨᠠᠷ ᠰᠠᠶᠢᠲᠠᠢ ᠠᠵᠤ ᠦᠢᠯᠡᠰ ᠤᠨ ᠲᠦᠷᠦᠯ ᠵᠦᠢᠯ ᠢᠶᠠᠷ ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠲᠠᠶᠢᠴᠢᠯᠠᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃ ︽ᠶᠢᠰᠦᠨ ᠪᠠᠭ᠎ᠠ ᠲᠠᠯᠠᠪᠤᠷ︾᠎ ᠤᠨ ᠣᠶᠤᠨᠴᠢ ᠭᠠᠯ ᠤᠨᠲᠠᠷᠠᠭᠠᠬᠤ ᠬᠢᠨᠠᠨ ᠡᠵᠡᠮᠳᠡᠬᠦ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠵᠦ᠂ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠲᠦᠮᠵᠢᠲᠡᠢ ᠪᠠᠲᠤᠯᠠᠬᠤ ᠬᠡᠷᠡᠭᠲᠡᠢ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠤᠶᠤᠨᠴᠢᠯᠠᠬᠰᠠᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯᠯᠠᠭᠠᠨ ᠢ ᠪᠠᠷᠢᠮᠵᠢᠶᠠᠵᠢᠭᠤᠯᠬᠤ᠂ ᠦᠢᠯᠡᠴᠢᠯᠡᠭᠡᠨ ᠤ ᠬᠠᠩᠭᠠᠯᠭ᠎ᠠ ᠶᠢ ᠵᠢᠷᠤᠮᠵᠢᠭᠤᠯᠬᠤ᠂ ᠠᠵᠤ ᠠᠬᠤᠶᠢᠯᠠᠯ ᠪᠣᠯᠤᠨ ᠤᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠲᠦᠬᠦᠮ ᠪᠣᠯᠭᠠᠬᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠥᠨᠳᠥᠷ ᠪᠠᠷᠢᠮᠵᠢᠶ᠎ᠠ ᠪᠠᠷ ᠰᠠᠶᠢᠲᠤᠷ ᠬᠡᠷᠡᠭᠵᠢᠭᠦᠯᠵᠦ᠂ ᠨᠡᠭᠦᠯᠭᠡᠬᠦ ᠤᠯᠠᠨ ᠲᠦᠮᠡᠨ ᠤ ᠵᠣᠯ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠲᠠᠭᠤᠳᠠᠯ ᠪᠠᠭᠤᠷᠠᠢ ᠲᠠᠯ᠎ᠠ ᠪᠠᠨ ᠲᠦᠷᠭᠡᠨ ᠨᠥᠬᠦᠪᠥᠷᠢᠯᠡᠵᠦ᠂ ᠰᠠᠭᠤᠷᠢ ᠲᠤᠯᠭᠠᠭᠤᠷᠢᠯᠠᠯ ᠢ ᠢᠵᠢ ᠪᠦᠷᠢᠳᠦᠭᠦᠯᠬᠦ ᠶᠢ ᠪᠠᠬᠢᠵᠢᠭᠦᠯᠵᠦ᠂ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠠᠲᠤᠯᠠᠭ᠎ᠠ ᠶᠢ ᠨᠡᠩ ᠥᠨᠳᠥᠷ ᠲᠦᠪᠰᠢᠨ ᠳᠤ ᠬᠦᠷᠭᠡᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ ᠪᠠᠶᠢᠭᠤᠯᠤᠮᠵᠢ ᠶᠢᠨ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠵᠤ᠂ ᠣᠷᠣᠨ ᠪᠦᠰᠡ ᠶᠢᠨ ᠴᠢᠨᠠᠷᠲᠠᠶ᠂ ᠰᠢᠰᠲ᠋ᠧᠮ ᠤᠨ ᠴᠢᠨᠠᠷᠲᠠᠶ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠵᠤ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠲᠣᠭᠲᠠᠭᠤᠨ ᠪᠠ ᠮᠥᠩᠭᠦᠨ ᠭᠦᠢᠯᠭᠡᠭᠡᠨ ᠤ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠬᠡᠷᠡᠭᠲᠡᠶ ᠭᠡᠵᠦ ᠴᠢᠬᠤᠯᠠᠴᠢᠯᠠᠵᠠᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1