2024 ᠣᠨ ᠤ 1- 4 ᠰᠠᠷ᠎ᠠ ᠶᠢᠨ ᠪᠥᠬᠦ ᠲᠣᠭᠤᠷᠢᠭ ᠤᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2024/5/23
    1 - 4 ᠰᠠᠷ᠎ᠠ ᠶᠢᠨ ᠪᠦᠬᠦ ᠲᠣᠭᠤᠷᠢᠭ ᠤᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ    1 - 4 ᠰᠠᠷ᠎ᠠ ᠳᠤ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠵᠥᠪ ᠣᠨᠤᠪᠴᠢᠲᠠᠢ ᠤᠳᠤᠷᠢᠳᠤᠯᠭ᠎ᠠ ᠳᠣᠣᠷ᠎ᠠ᠂ ᠪᠦᠬᠦ ᠲᠤᠭᠤᠷᠢᠭ ᠢᠶᠠᠷ ᠢᠶᠠᠨ ᠡᠯ᠎ᠡ ᠱᠠᠲᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠵᠢᠴᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠡᠷᠡᠰ ᠭᠤᠶᠢᠪᠢᠰᠢ ᠦᠭᠡᠢ ᠰᠠᠶᠢᠲᠤᠷ ᠠᠳᠬᠤᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠪᠦᠬᠦ ᠲᠤᠭᠤᠷᠢᠭ ᠤᠨ ᠨᠡᠶᠢᠭᠡᠮ ᠠᠵᠤ ᠠᠬᠤᠢ ᠶᠢᠨ ᠬᠥᠭᠵᠢᠯᠲᠡ ᠨᠢ ᠲᠣᠭᠲᠠᠭᠤᠨ ᠤ ᠳᠤᠮᠳᠠ ᠪᠠᠬᠢᠵᠢᠬᠦ ᠪᠠᠶᠢᠳᠠᠯ ᠢᠯᠡᠷᠡᠪᠡ᠃    ᠨᠢᠭᠡ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ᠂ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠳᠡᠭᠡᠭᠰᠢᠯᠡᠪᠡ    1 - 4 ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ 80.64 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.6%᠎ ᠪᠠᠷ ᠨᠡᠮᠡᠭᠳᠡᠨ᠂ 1 - 3 ᠳ᠋ᠤᠭᠠᠷ ᠰᠠᠷ᠎ᠠ ᠶᠢᠨ ᠬᠢ ᠠᠴᠠ 2 ᠵᠠᠭᠤᠨ ᠤ ᠨᠢᠭᠡᠴᠢ ᠳᠡᠭᠡᠭᠰᠢᠯᠡᠵᠦ᠂ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠠᠳᠠᠯᠢ ᠬᠤᠭᠤᠴᠠᠭᠠᠨ ᠤ ᠬᠢ ᠠᠴᠠ 9.7%᠎ ᠪᠠᠷ ᠨᠡᠮᠡᠭᠳᠡᠵᠦ᠂ 1 - 3 ᠳ᠋ᠤᠭᠠᠷ ᠰᠠᠷ᠎ᠠ ᠶᠢᠨ ᠬᠢ ᠠᠴᠠ 1.4 ᠵᠠᠭᠤᠨ ᠤ ᠨᠢᠭᠡᠴᠢ ᠳᠡᠭᠡᠭᠰᠢᠯᠡᠪᠡ᠃    ︵ᠨᠢᠭᠡ︶ ᠲᠣᠭᠤᠷᠢᠭ ᠲᠤ ᠰᠠᠭᠤᠭ᠎ᠠ ᠠᠵᠤ ᠠᠬᠤᠶᠢᠯᠠᠯ᠃ 1 - 4 ᠰᠠᠷ᠎ᠠ ᠳᠤ᠂ ᠫᠢᠩ ᠮᠧᠶ ᠪᠦᠯᠦᠭᠯᠡᠯ᠂ ᠶᠤᠸᠠᠨ ᠪᠦᠦ ᠱᠠᠨ ᠤ ᠴᠠᠬᠢᠯᠭᠠᠨ ᠭᠠᠷᠭᠠᠬᠤ ᠦᠢᠯᠡᠳᠪᠦᠷᠢ ᠶᠢᠨ ᠲᠣᠭᠤᠷᠢᠭ ᠲᠤ ᠰᠠᠭᠤᠭ᠎ᠠ ᠬᠤᠶᠠᠷ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ 22.75 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 8.1%᠎ ᠪᠠᠷ ᠨᠡᠮᠡᠭᠳᠡᠨ᠂ ᠶᠡᠷᠦᠩᠬᠡᠶ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 28.2%᠎ ᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 2.2 ᠵᠠᠭᠤᠨ ᠤ ᠨᠢᠭᠡᠴᠢ ᠳᠡᠭᠡᠭᠰᠢᠯᠡᠭᠦᠯᠪᠡ᠃    ︵ᠬᠤᠶᠠᠷ︶ ᠠᠵᠤ ᠦᠢᠯᠡᠰ ᠤᠨ ᠬᠦᠷᠢᠶᠡᠯᠡᠩ᠂ ᠠᠵᠤ ᠦᠢᠯᠡᠰ ᠤᠨ ᠬᠦᠷᠢᠶᠡᠯᠡᠩ ᠤᠨ ᠦᠢᠯᠡᠴᠢᠯᠡᠭᠡᠨ ᠤ ᠲᠥᠪ᠂ ᠳ᠋ᠥᠩ ᠱᠠᠨ ᠠᠵᠤ ᠦᠢᠯᠡᠰ ᠤᠨ ᠬᠦᠷᠢᠶᠡᠯᠡᠩ ᠤᠨ ᠠᠵᠤ ᠠᠬᠤᠶᠢᠯᠠᠯ᠃ 1 - 4 ᠰᠠᠷ᠎ᠠ ᠳᠤ᠂ ᠠᠵᠤ ᠦᠢᠯᠡᠰ ᠤᠨ ᠬᠦᠷᠢᠶᠡᠯᠡᠩ ᠤᠨ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ 55.81 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.0%᠎ ᠪᠠᠷ ᠨᠡᠮᠡᠭᠳᠡᠵᠦ᠂ ᠶᠡᠷᠦᠩᠬᠡᠢ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠤᠨ 69.2%᠎ ᠢ ᠡᠵᠡᠯᠡᠵᠦ᠂ ᠳᠡᠭᠡᠳᠦ ᠱᠠᠲᠤᠨ ᠠᠴᠠ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠤᠨ ᠨᠡᠮᠡᠭᠳᠡᠯ ᠤᠨ ᠬᠤᠷᠳᠤᠴᠠ ᠶᠢ 1.4 ᠵᠠᠭᠤᠨ ᠤ ᠴᠡᠭ ᠲᠠᠶᠢᠴᠢᠯᠠᠪᠠ᠃ ᠠᠵᠤ ᠦᠢᠯᠡᠰ ᠤᠨ ᠬᠦᠷᠢᠶᠡᠯᠡᠩ ᠤᠨ ᠦᠢᠯᠡᠴᠢᠯᠡᠭᠡᠨ ᠤ ᠲᠥᠪ ᠤᠨ ᠠᠵᠤ ᠠᠬᠤᠶᠢᠯᠠᠯ ᠤᠨ ᠦᠢᠯᠡᠳᠬᠦᠨ ᠤ ᠥᠷᠲᠡᠭ 4.87 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.2%᠎ ᠢᠶᠠᠷ ᠪᠠᠭᠤᠷᠠᠵᠤ᠂ ᠶᠡᠷᠦᠩᠬᠡᠶ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 6.0%᠎ ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 1.3 ᠵᠠᠭᠤᠨ ᠤ ᠬᠤᠪᠢ ᠳᠣᠷᠤᠭᠰᠢᠯᠠᠭᠤᠯᠪᠠ᠃    ︵ᠭᠤᠷᠪᠠ︶ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠠᠬᠤᠶᠢᠯᠠᠯ᠃ 1 - 4 ᠰᠠᠷ᠎ᠠ ᠳᠤ᠂ ᠦᠢᠯᠡᠳᠬᠦᠨ ᠤ ᠥᠷᠲᠡᠭ ᠨᠢ ᠳ᠋ᠦᠩᠰᠢᠭᠤᠷ ᠤᠨ ᠠᠵᠤ ᠦᠢᠯᠡᠳᠪᠦᠷᠢ ᠶᠢᠨ ᠠᠵᠤ ᠠᠬᠤᠶᠢᠯᠠᠯ 9 ᠪᠠᠶᠢᠵᠤ᠂ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠨᠢ 70.47 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 2.9%᠎ ᠪᠠᠷ ᠨᠡᠮᠡᠭᠳᠡᠵᠦ᠂ ᠶᠡᠷᠦᠩᠬᠡᠶ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 87.4%᠎ ᠶᠢ ᠡᠵᠡᠯᠡᠵᠦ᠂ ᠳᠡᠭᠡᠳᠦ ᠱᠠᠲᠤᠨ ᠠᠴᠠ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 2.6 ᠵᠠᠭᠤᠨ ᠤ ᠨᠢᠭᠡᠴᠢ ᠳᠡᠭᠡᠭᠰᠢᠯᠡᠭᠦᠯᠪᠡ᠃    ︵ᠲᠦᠷᠪᠡ︶ ᠭᠤᠷᠪᠠᠨ ᠶᠡᠭᠡ ᠭᠤᠤᠯ ᠠᠵᠢᠯ ᠲᠥᠷᠥᠯ᠃ 1 - 4 ᠰᠠᠷ᠎ᠠ ᠳᠤ᠂ ᠡᠨᠧᠷᠭᠢ᠂ ᠢᠳᠡᠭᠡᠨ ᠡᠳ᠋ᠰᠢᠭᠦᠯᠬᠦ᠂ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠦᠷᠦᠯ ᠤᠨ ᠦᠢᠯᠡᠳᠬᠦᠨ ᠤ ᠦᠷᠳᠡᠭ 77.98 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.0%᠎ ᠪᠠᠷ ᠨᠡᠮᠡᠭᠳᠡᠵᠦ᠂ ᠶᠡᠷᠦᠩᠬᠡᠢ ᠬᠡᠮᠵᠢᠶ᠎ᠡ ᠨᠢ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠤᠨ 96.6%᠎ ᠶᠢ ᠡᠵᠡᠯᠡᠵᠦ᠂ ᠳᠡᠭᠡᠳᠦ ᠱᠠᠲᠤᠨ ᠠᠴᠠ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠤᠨ ᠨᠡᠮᠡᠭᠳᠡᠯ ᠤᠨ ᠬᠤᠷᠳᠤᠴᠠ ᠶᠢ 2 ᠵᠠᠭᠤᠨ ᠤ ᠨᠢᠭᠡᠴᠢ ᠳᠡᠭᠡᠭᠰᠢᠯᠡᠭᠦᠯᠪᠡ᠃ ᠡᠭᠦᠨ ᠳᠤ᠄ ᠡᠨᠧᠷᠭᠢ ᠶᠢᠨ ᠠᠵᠢᠯ ᠲᠥᠷᠥᠯ ᠤᠨ ᠦᠢᠯᠡᠳᠬᠦᠨ ᠤ ᠥᠷᠲᠡᠭ 30.18 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.1%᠎ ᠪᠠᠷ ᠨᠡᠮᠡᠭᠳᠡᠨ᠂ ᠶᠡᠷᠦᠩᠬᠡᠶ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 37.4%᠎ ᠶᠢ ᠡᠵᠡᠯᠡᠵᠦ᠂ ᠳᠡᠭᠡᠳᠦ ᠱᠠᠲᠤᠨ ᠠᠴᠠ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 2.6 ᠵᠠᠭᠤᠨ ᠤ ᠨᠢᠭᠡᠴᠢ ᠳᠡᠭᠡᠭᠰᠢᠯᠡᠭᠦᠯᠪᠡ︔ ᠢᠳᠡᠭᠡᠨ ᠡᠳ᠋ᠰᠢᠭᠦᠯᠬᠦ ᠠᠵᠢᠯ ᠲᠥᠷᠥᠯ ᠤᠨ ᠦᠢᠯᠡᠳᠬᠦᠨ ᠤ ᠥᠷᠲᠡᠭ ᠢ 23.09 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6.2%᠎ ᠢᠶᠠᠷ ᠪᠠᠭᠤᠷᠠᠵᠤ᠂ ᠶᠡᠷᠦᠩᠬᠡᠶ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 28.6%᠎ ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠨᠡᠮᠡᠭᠳᠡᠯ ᠤᠨ ᠬᠤᠷᠳᠤᠴᠠ ᠶᠢ 2 ᠵᠠᠭᠤᠨ ᠤ ᠨᠢᠭᠡᠴᠢ ᠳᠣᠷᠤᠭᠰᠢᠯᠠᠭᠤᠯᠪᠠ︔ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠥᠷᠥᠯ ᠤᠨ ᠦᠢᠯᠡᠳᠬᠦᠨ ᠤ ᠥᠷᠲᠡᠭ ᠢ 24.71 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4.6%᠎ ᠪᠠᠷ ᠨᠡᠮᠡᠭᠳᠡᠨ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 30.6%᠎ ᠶᠢ ᠡᠵᠡᠯᠡᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 1.4 ᠵᠠᠭᠤᠨ ᠤ ᠨᠢᠭᠡᠴᠢ ᠳᠡᠭᠡᠭᠰᠢᠯᠡᠭᠦᠯᠪᠡ᠃    ︵ᠲᠠᠪᠤ︶ ᠰᠥᠭᠡᠷᠭᠦ ᠨᠡᠮᠡᠭᠳᠡᠯ ᠲᠠᠢ ᠠᠵᠤ ᠠᠬᠤᠶᠢᠯᠠᠯ᠃ 4 ᠰᠠᠷ᠎ᠠ ᠶᠢᠨ ᠰᠡᠭᠦᠯᠴᠢ ᠪᠣᠯᠲᠠᠯ᠎ᠠ᠂ 56 ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠳᠣᠲᠣᠷ᠎ᠠ᠂ 25 ᠠᠵᠤ ᠠᠬᠤᠶᠢᠯᠠᠯ ᠤᠨ ᠦᠢᠯᠡᠳᠬᠦᠨ ᠤ ᠥᠷᠲᠡᠭ ᠤᠨ ᠰᠥᠭᠡᠷᠭᠦ ᠨᠡᠮᠡᠭᠳᠡᠯ ᠨᠡᠮᠡᠭᠳᠡᠵᠦ᠂ 25 ᠠᠵᠤ ᠠᠬᠤᠶᠢᠯᠠᠯ ᠤᠨ ᠦᠢᠯᠡᠳᠬᠦᠨ ᠤ ᠥᠷᠲᠡᠭ 38.67 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.2%᠎ ᠢᠶᠠᠷ ᠪᠠᠭᠤᠷᠠᠵᠤ᠂ ᠶᠡᠷᠦᠩᠬᠡᠶ ᠬᠡᠮᠵᠢᠶ᠎ᠡ ᠨᠢ ᠪᠥᠬᠦ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ 48.0%᠎ ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 6.9 ᠵᠠᠭᠤᠨ ᠤ ᠴᠡᠭ ᠳᠣᠷᠤᠭᠰᠢᠯᠠᠭᠤᠯᠪᠠ᠃    ︵ᠵᠢᠷᠭᠤᠭ᠎ᠠ︶ ᠦᠢᠯᠡᠳᠪᠦᠷᠢᠯᠡᠯ ᠵᠣᠭᠰᠣᠭᠰᠠᠨ ᠠᠵᠤ ᠠᠬᠤᠶᠢᠯᠠᠯ᠃ 4 ᠰᠠᠷ᠎ᠠ ᠶᠢᠨ ᠰᠡᠭᠦᠯᠴᠢ ᠪᠣᠯᠲᠠᠯ᠎ᠠ᠂ 7 ᠦᠢᠯᠡᠳᠪᠦᠷᠢᠯᠡᠯ ᠵᠣᠭᠰᠣᠭᠰᠠᠨ ᠠᠵᠤ ᠠᠬᠤᠶᠢᠯᠠᠯ 7 ᠦᠢᠯᠡᠳᠪᠦᠷᠢᠯᠡᠯ ᠵᠣᠭᠰᠣᠭᠰᠠᠨ ᠠᠵᠤ ᠠᠬᠤᠶᠢᠯᠠᠯ ᠤᠨ ᠦᠢᠯᠡᠳᠬᠦᠨ ᠤ ᠥᠷᠲᠡᠭ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 0.1 ᠳ᠋ᠦᠩᠰᠢᠭᠤᠷ ᠲᠥᠭᠦᠷᠢᠭ ᠪᠠᠭᠠᠰᠴᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 0.1 ᠵᠠᠭᠤᠨ ᠤ ᠨᠢᠭᠡᠴᠢ ᠳᠣᠷᠤᠭᠰᠢᠯᠠᠭᠤᠯᠪᠠ᠃    ︵ᠳᠤᠯᠤᠭ᠎ᠠ︶ ᠭᠤᠤᠯ ᠪᠤᠯᠬᠤ ᠠᠵᠤ ᠥᠢᠯᠡᠳᠪᠥᠷᠢ ᠶᠢᠨ ᠪᠦᠲᠦᠭᠡᠭᠳᠡᠬᠦᠨ ᠤ ᠭᠠᠷᠤᠯᠲᠠ᠃ 1 - 4 ᠰᠠᠷ᠎ᠠ ᠳᠤ ᠂ ᠲᠦᠭᠦᠬᠡᠶ ᠨᠡᠭᠦᠷᠡᠰᠦᠨ ᠤ ᠭᠠᠷᠤᠯᠲᠠ 586.8 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 25.4% ᠨᠡᠮᠡᠭᠳᠡᠵᠡᠶ᠃ ᠡᠭᠦᠨ ᠳᠤ᠄ ᠫᠢᠩ ᠮᠧᠶ ᠪᠦᠯᠦᠭᠯᠡᠯ ᠤᠨ ᠲᠦᠭᠦᠬᠡᠶ ᠨᠡᠭᠦᠷᠡᠰᠦᠨ ᠤ ᠭᠠᠷᠤᠯᠲᠠ 566.4 ᠲᠦᠮᠡᠨ ᠲᠣᠨ ᠳᠤ ᠬᠦᠷᠴᠦ᠂ 26.5 %᠎ ᠪᠠᠷ ᠨᠡᠮᠡᠭᠳᠡᠪᠡ︔ ᠴᠠᠬᠢᠯᠭᠠᠨ ᠭᠠᠷᠭᠠᠭᠰᠠᠨ ᠬᠡᠮᠵᠢᠶ᠎ᠡ 34.3 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.0%᠎ ᠪᠠᠷ ᠪᠠᠭᠤᠷᠠᠪᠠ᠂ ᠡᠭᠦᠨ ᠳᠤ᠄ ᠶᠤᠸᠠᠨ ᠪᠦᠦ ᠱᠠᠨ ᠤ ᠴᠠᠬᠢᠯᠭᠠᠨ ᠭᠠᠷᠭᠠᠬᠤ ᠦᠢᠯᠡᠳᠪᠦᠷᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 21.4 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.1%᠎ ᠪᠠᠷ ᠪᠠᠭᠤᠷᠠᠪᠠ︔ ᠬᠡᠦᠷᠡᠰᠦ ᠶᠢᠨ ᠭᠠᠷᠤᠯᠲᠠ 18.7 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.1%᠎ ᠪᠠᠷ ᠨᠡᠮᠡᠭᠳᠡᠪᠡ︔ ᠰᠢᠩᠭᠡᠨ ᠪᠡᠶᠡᠲᠦ ᠰᠦ ᠶᠢᠨ ᠭᠠᠷᠤᠯᠲᠠ 3.5 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20.3 %᠎ ᠪᠠᠷ ᠪᠠᠭᠤᠷᠠᠪᠠ︔ ᠲᠡᠵᠢᠭᠡᠯ ᠪᠣᠷᠳᠣᠭᠠᠨ ᠤ ᠨᠡᠮᠡᠯᠲᠡ ᠡᠳ᠋ ᠤᠨ ᠭᠠᠷᠤᠯᠲᠠ 14.9 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.7 %᠎ ᠪᠠᠷ ᠨᠡᠮᠡᠭᠳᠡᠪᠡ᠃    ︵ᠨᠠᠢᠮᠠ︶ ᠠᠵᠤ ᠠᠬᠤᠶᠢᠯᠠᠯ ᠤᠨ ᠦᠷ᠎ᠡ ᠠᠰᠢᠭ᠃ 1 - 4 ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠡᠵᠡᠩᠨᠡᠯᠲᠡ ᠶᠢᠨ ᠣᠷᠣᠯᠭ᠎ᠠ 80.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.9%᠎ ᠪᠠᠷ ᠨᠡᠮᠡᠭᠳᠡᠪᠡ︔ ᠡᠵᠡᠩᠨᠡᠯᠲᠡ ᠶᠢᠨ ᠠᠰᠢᠭ ᠬᠤᠨᠵᠢᠪᠣᠷᠢ - 2.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.3 ᠳ᠋ᠦᠩᠰᠢᠭᠤᠷ ᠲᠥᠭᠦᠷᠢᠭ ᠪᠠᠭᠠᠰᠪᠠ᠃    ︵ᠶᠢᠰᠦ︶ ᠡᠨᠧᠷᠭᠢ ᠶᠢᠨ ᠬᠤᠷᠣᠭᠳᠠᠯ ᠤᠨ ᠪᠠᠶᠢᠳᠠᠯ᠃ 1 - 4 ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠡᠨᠧᠷᠭᠢ ᠶᠢᠨ ᠬᠤᠷᠣᠭᠳᠠᠯ ᠤᠨ ᠶᠡᠷᠦᠩᠬᠡᠶ ᠬᠡᠮᠵᠢᠶ᠎ᠡ 60.93 ᠲᠦᠮᠡᠨ ᠲᠣᠨ ᠪᠠᠷᠢᠮᠵᠢᠶᠠᠲᠤ ᠨᠡᠭᠦᠷᠡᠰᠦ ︵ᠲᠡᠩᠴᠡᠭᠦᠦ ᠦᠷᠳᠡᠭ︶ ᠪᠠᠶᠢᠪᠠ᠃︶ ᠠᠳᠠᠯᠢ ᠬᠤᠭᠤᠴᠠᠭᠠᠨ ᠤ ᠬᠢ ᠠᠴᠠ 4.2 ᠲᠦᠮᠡᠨ ᠲᠣᠨ ᠪᠠᠷᠢᠮᠵᠢᠶᠠᠲᠤ ᠨᠡᠭᠦᠷᠡᠰᠦ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 7.42% ᠨᠡᠮᠡᠭᠳᠡᠪᠡ᠃    ᠬᠤᠶᠠᠷ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠦᠷᠭᠡᠨ ᠨᠡᠮᠡᠭᠳᠡᠪᠡ    1 - 4 ᠰᠠᠷ᠎ᠠ ᠳᠤ᠂ ᠪᠥᠬᠦ ᠲᠣᠭᠤᠷᠢᠭ ᠤᠨ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠥᠮᠥᠷᠭᠡ ᠳᠤ ᠪᠠᠶᠢᠭ᠎ᠠ ᠲᠥᠷᠥᠯ ᠵᠦᠢᠯ 94 ︵ᠬᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ 4 ᠪᠠᠭᠲᠠᠨ᠎ᠠ︶᠂ ᠡᠭᠦᠨ ᠳᠤ ᠠᠵᠢᠯ ᠡᠬᠢᠯᠡᠭᠦᠯᠦᠭᠰᠡᠨ ᠲᠥᠷᠥᠯ ᠵᠦᠢᠯ 62 ︵ᠬᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ 2 ᠪᠠᠭᠲᠠᠨ᠎ᠠ︶᠂ 15.3 ᠳ᠋ᠦᠩᠰᠢᠭᠤᠷ ᠲᠥᠭᠦᠷᠢᠭ ︵ᠥᠪᠥᠷ ᠮᠣᠩᠭᠤᠯ ᠤᠨ ᠮᠢᠩ ᠶᠤᠸᠠᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠳᠡᠭᠡᠳᠦ ᠲᠠᠰ ᠤᠨ ᠹᠯᠣᠷ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠬᠠᠷᠠᠴᠢᠨ ᠬᠤᠰᠢᠭᠤᠨ ᠳᠤ ᠬᠤᠪᠢᠶᠠᠵᠤ ᠥᠭᠭᠦᠭᠰᠡᠨ 1270 ᠲᠦᠮᠡᠨ ᠲᠥᠭᠦᠷᠢᠭ᠂ ᠵᠢᠴᠢ ᠤᠯᠠᠭᠠᠨᠬᠠᠳᠠ ᠬᠤᠲᠠ ᠶᠢᠨ ᠨᠢᠩ ᠪᠦᠦ ᠲᠡᠮᠦᠷᠯᠢᠭ ᠬᠠᠶᠢᠯᠤᠭᠤᠯᠬᠤ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠵᠢᠯ ᠪᠥᠷᠢ 100 ᠲᠦᠮᠡᠨ ᠲᠣᠨ ᠲᠡᠮᠦᠷ ᠤᠨ ᠬᠠᠶᠢᠯᠤᠰᠢ ᠭᠠᠷᠭᠠᠬᠤ ᠲᠥᠷᠥᠯ ᠵᠦᠢᠯ ᠤᠨ ᠨᠢᠩᠴᠧᠩ ᠳᠤ ᠬᠤᠪᠢᠶᠠᠵᠤ ᠥᠭᠭᠦᠭᠰᠡᠨ 2174 ᠲᠦᠮᠡᠨ ᠲᠥᠭᠦᠷᠢᠭ ᠵᠢᠴᠢ ᠵᠢᠯ ᠤᠨ ᠭᠠᠷᠤᠯᠲᠠ 1.3 ᠲᠦᠮᠡᠨ ᠲᠣᠨ ᠤ ᠰᠢᠷᠬᠡᠭᠯᠢᠭ ᠡᠳ᠋ ᠤᠨ ᠰᠢᠷᠢᠰ ᠦᠢᠯᠡᠳᠬᠦᠨ ᠤ ᠲᠥᠷᠥᠯ ᠵᠦᠢᠯ ᠤᠨ ᠬᠤᠩᠱᠠᠨ ᠲᠣᠭᠤᠷᠢᠭ ᠲᠤ ᠬᠤᠪᠢᠶᠠᠵᠦ ᠥᠭᠭᠦᠭᠰᠡᠨ 3062 ᠲᠥᠮᠡᠨ ᠲᠥᠭᠦᠷᠢᠭ᠂ ᠨᠡᠶᠢᠲᠡ 6505 ᠲᠦᠮᠡᠨ ᠲᠥᠭᠦᠷᠢᠭ ᠢ ᠬᠠᠰᠤᠪᠠ︶ ᠥᠭᠴᠦ᠂ ᠠᠳᠠᠯᠢ ᠬᠤᠭᠤᠴᠠᠭᠠᠨ ᠤ ᠬᠢ ᠠᠴᠠ 46.3%᠎ ᠪᠠᠷ ᠨᠡᠮᠡᠭᠳᠡᠪᠡ᠃ ᠡᠭᠦᠨ ᠳᠤ᠂ 5000 ᠲᠦᠮᠡᠨ ᠲᠥᠭᠦᠷᠢᠭ ᠠᠴᠠ ᠳᠡᠭᠡᠭᠰᠢᠬᠢ ᠪᠠᠯᠠ ᠣᠷᠣᠭᠤᠯᠤᠯᠲᠠ ᠶᠢᠨ ᠲᠥᠷᠥᠯ ᠵᠦᠢᠯ 67 ᠪᠠᠶᠢᠵᠤ᠂ 13.6 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠡᠶ᠃    ᠠᠵᠤ ᠦᠢᠯᠡᠰ ᠢᠶᠠᠷ ᠬᠤᠪᠢᠶᠠᠵᠤ ᠥᠵᠡᠪᠡᠯ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ 0.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 851.4%᠎ ᠪᠠᠷ ᠨᠡᠮᠡᠭᠳᠡᠵᠦ᠂ ᠶᠡᠷᠦᠩᠬᠡᠶ ᠬᠡᠮᠵᠢᠶᠡᠨ ᠤ 6.0%᠎ ᠶᠢ ᠡᠵᠡᠯᠡᠪᠡ︔ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ 11.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 26.7%᠎ ᠪᠠᠷ ᠨᠡᠮᠡᠭᠳᠡᠵᠦ᠂ ᠶᠡᠷᠦᠩᠬᠡᠶ ᠬᠡᠮᠵᠢᠶᠡᠨ ᠤ 74.4%᠎ ᠶᠢ ᠡᠵᠡᠯᠡᠪᠡ︔ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ 3.0 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 121.9%᠎ ᠪᠠᠷ ᠨᠡᠮᠡᠭᠳᠡᠵᠦ᠂ ᠶᠡᠷᠦᠩᠬᠡᠶ ᠬᠡᠮᠵᠢᠶᠡᠨ ᠤ 19.6%᠎ ᠶᠢ ᠡᠵᠡᠯᠡᠪᠡ᠃    ᠭᠠᠵᠠᠷ ᠣᠷᠤᠨ ᠢᠶᠠᠷ ᠬᠤᠪᠢᠶᠠᠵᠤ ᠥᠵᠡᠪᠡᠯ᠂ ᠠᠵᠤ ᠦᠢᠯᠡᠰ ᠤᠨ ᠬᠦᠷᠢᠶᠡᠯᠡᠩ ᠳᠤ 1.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠦᠬᠦ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ 1.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠦᠬᠦ ᠪᠡᠯᠡ ᠣᠷᠣᠭᠤᠯᠤᠯᠲᠠ ᠶᠢᠨ 11.5%᠎ ᠶᠢ ᠡᠵᠡᠯᠡᠪᠡ︔ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠨᠡᠭᠡᠭᠡᠨ ᠬᠥᠭᠵᠢᠭᠦᠯᠬᠦ ᠲᠤᠷᠰᠢᠯᠲᠠ ᠶᠢᠨ ᠣᠷᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ 5.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠦᠬᠦ ᠪᠡᠯᠡ ᠣᠷᠣᠭᠤᠯᠤᠯᠲᠠ ᠶᠢᠨ 38.0%᠎ ᠶᠢ ᠡᠵᠡᠯᠡᠪᠡ︔ ᠲᠣᠭᠤᠷᠢᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ 1.4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠦᠬᠦ ᠪᠡᠯᠡ ᠣᠷᠣᠭᠤᠯᠤᠯᠲᠠ ᠶᠢᠨ 8.9%᠎ ᠶᠢ ᠡᠵᠡᠯᠡᠪᠡ ︔ ᠲᠣᠭᠤᠷᠢᠭ ᠲᠤ ᠰᠠᠭᠤᠭ᠎ᠠ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ 1.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠦᠬᠦ ᠪᠡᠯᠡ ᠣᠷᠣᠭᠤᠯᠤᠯᠲᠠ ᠶᠢᠨ 12.4%᠎ ᠶᠢ ᠡᠵᠡᠯᠡᠪᠡ︔ ᠰᠢᠶᠠᠩ ᠪᠠᠯᠭᠠᠰᠤ ᠵᠡᠭᠡᠯᠢ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ 3.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠦᠬᠦ ᠪᠡᠯᠡ ᠣᠷᠣᠭᠤᠯᠤᠯᠲᠠ ᠶᠢᠨ 21.7%᠎ ᠶᠢ ᠡᠵᠡᠯᠡᠪᠡ᠃    ᠪᠡᠯᠡ ᠣᠷᠣᠭᠤᠯᠤᠯᠲᠠ ᠶᠢᠨ ᠬᠡᠪᠴᠢᠶ᠎ᠡ ᠪᠠᠷ ᠬᠤᠪᠢᠶᠠᠵᠤ ᠦᠵᠡᠪᠡᠯ᠂ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢᠨ ᠲᠥᠷᠥᠯ ᠵᠦᠢᠯ 7 ᠪᠠᠶᠢᠵᠤ᠂ ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠶᠡᠷᠦᠩᠬᠡᠢ ᠬᠡᠮᠵᠢᠶᠡᠨ ᠤ 26.1%᠎ ᠶᠢ ᠡᠵᠡᠯᠡᠪᠡ︔ 5 - 10 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ 8 ᠪᠠᠶᠢᠵᠤ᠂ 3.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 20.8%᠎ ᠶᠢ ᠡᠵᠡᠯᠡᠪᠡ︔ 1.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ 36 ᠪᠠᠶᠢᠵᠤ᠂ 5.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 37.5%᠎ ᠶᠢ ᠡᠵᠡᠯᠡᠪᠡ︔ 0.5 ᠳ᠋ᠦᠩᠰᠢᠭᠤᠷ ᠲᠥᠭᠦᠷᠢᠭ ᠠᠴᠠ ᠳᠣᠷᠣᠭᠰᠢᠬᠢ ᠪᠡᠯᠡ ᠣᠷᠣᠭᠤᠯᠤᠯᠲᠠ ᠶᠢᠨ ᠲᠥᠷᠥᠯ ᠵᠦᠢᠯ 20 ᠪᠠᠶᠢᠵᠤ᠂ 1.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 8.8%᠎ ᠶᠢ ᠡᠵᠡᠯᠡᠪᠡ︔ 0.5 ᠳ᠋ᠦᠩᠰᠢᠭᠤᠷ ᠲᠥᠭᠦᠷᠢᠭ ᠠᠴᠠ ᠳᠣᠷᠣᠭᠰᠢᠬᠢ ᠪᠡᠯᠡ ᠣᠷᠣᠭᠤᠯᠤᠯᠲᠠ ᠶᠢᠨ ᠲᠥᠷᠥᠯ ᠵᠦᠢᠯ 23 ᠪᠠᠶᠢᠵᠤ᠂ 1.0 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 6.8%᠎ ᠶᠢ ᠡᠵᠡᠯᠡᠪᠡ᠃    ᠲᠥᠷᠥᠯ ᠵᠥᠢᠯ ᠤᠨ ᠪᠦᠲᠦᠭᠡᠨ ᠪᠠᠶᠢᠭᠤᠯᠤᠯᠲᠠ ᠶᠢᠨ ᠴᠠᠭ ᠬᠤᠭᠤᠴᠠᠭ᠎ᠠ ᠪᠠᠷ ᠬᠤᠪᠢᠶᠠᠵᠤ ᠦᠵᠡᠪᠡᠯ᠂ 85 ᠲᠥᠷᠥᠯ ᠵᠦᠢᠯ ᠢ ᠦᠷᠭᠦᠯᠵᠢᠯᠡᠨ ᠪᠠᠶᠢᠭᠤᠯᠵᠤ᠂ ᠪᠥᠬᠦ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ 90.4%᠎ ᠶᠢ ᠡᠵᠡᠯᠡᠵᠦ᠂ 13.8 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠶᠡᠷᠦᠩᠬᠡᠶ ᠪᠠᠯᠠ ᠣᠷᠣᠭᠤᠯᠤᠯᠲᠠ ᠶᠢᠨ 90.4%᠎ ᠶᠢ ᠡᠵᠡᠯᠡᠪᠡ︔ 9 ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠰᠢᠨ᠎ᠡ ᠪᠠᠷ ᠪᠠᠶᠢᠭᠤᠯᠵᠤ᠂ ᠪᠥᠬᠦ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ 9.6%᠎ ᠶᠢ ᠡᠵᠡᠯᠡᠵᠦ᠂ 1.5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠶᠡᠷᠦᠩᠬᠡᠶ ᠪᠠᠯᠠ ᠣᠷᠣᠭᠤᠯᠤᠯᠲᠠ ᠶᠢᠨ 9.6%᠎ ᠶᠢ ᠪᠡᠶᠡᠯᠡᠭᠦᠯᠪᠡ᠃    ᠠᠵᠢᠯ ᠢᠶᠠᠨ ᠡᠬᠢᠯᠡᠭᠦᠯᠦᠭᠰᠡᠨ ᠪᠠ ᠰᠡᠷᠭᠦᠭᠡᠭᠰᠡᠨ ᠪᠠᠶᠢᠳᠠᠯ ᠠᠴᠠ ᠬᠤᠪᠢᠶᠠᠵᠤ ᠦᠵᠡᠪᠡᠯ᠂ ᠪᠡᠯᠡ ᠣᠷᠣᠭᠤᠯᠤᠯᠲᠠ ᠶᠢᠨ ᠬᠥᠮᠥᠷᠭᠡ ᠶᠢᠨ 94 ᠲᠥᠷᠥᠯ ᠵᠦᠢᠯ ᠳᠣᠲᠣᠷ᠎ᠠ 32 ᠲᠥᠷᠥᠯ ᠵᠦᠢᠯ ᠠᠵᠢᠯ ᠢᠶᠠᠨ ᠡᠬᠢᠯᠡᠭᠦᠯᠦᠭᠰᠡᠨ ᠦᠭᠡᠶ ᠪᠠᠶᠢᠵᠤ᠂ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ 34.0%᠎ ᠶᠢ ᠡᠵᠡᠯᠡᠪᠡ᠂ ᠡᠭᠦᠨ ᠳᠤ 1 ᠪᠡᠯᠡ ᠣᠷᠣᠭᠤᠯᠤᠯᠲᠠ ᠶᠢᠨ ᠲᠥᠷᠥᠯ ᠵᠦᠢᠯ ᠡᠯ᠎ᠡ ᠵᠦᠢᠯ ᠤᠨ ᠰᠢᠯᠲᠠᠭᠠᠨ ᠠᠴᠠ ᠪᠣᠯᠵᠤ ᠡᠨᠡ ᠵᠢᠯ ᠬᠥᠮᠥᠷᠭᠡ ᠠᠴᠠ ᠭᠠᠷᠭᠠᠬᠤ ᠪᠠᠷ ᠪᠡᠯᠡᠳᠬᠡᠵᠦ ᠪᠠᠶᠢᠨ᠎ᠠ᠃    ᠭᠤᠷᠪᠠ᠂ ᠬᠡᠷᠡᠭᠯᠡᠭᠡᠨ ᠤ ᠵᠠᠬ᠎ᠠ ᠳᠡᠯᠭᠡᠭᠦᠷ ᠠᠭᠠᠵᠢᠮ ᠢᠶᠠᠷ ᠰᠡᠷᠭᠦᠪᠡ    1 - 4 ᠰᠠᠷ᠎ᠠ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 13.41 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.1%᠎ ᠪᠠᠷ ᠨᠡᠮᠡᠭᠳᠡᠪᠡ᠂ ᠡᠭᠦᠨ ᠳᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠶᠢᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 1.04 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.0% ᠨᠡᠮᠡᠭᠳᠡᠪᠡ᠃    ᠳᠥᠷᠪᠡ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠲᠣᠭᠲᠠᠭᠤᠨ ᠢᠶᠠᠷ ᠨᠡᠮᠡᠭᠳᠡᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠶᠢᠨ ᠥᠯᠡᠳᠡᠪᠦᠷᠢ ᠲᠣᠭᠠᠨ ᠤ ᠨᠡᠮᠡᠭᠳᠡᠯ ᠤᠨ ᠬᠤᠷᠳᠤᠴᠠ ᠤᠳᠠᠭᠠᠰᠢᠷᠠᠵᠤ᠂ ᠵᠢᠭᠡᠯᠡᠯᠭᠡ ᠶᠢᠨ ᠥᠯᠡᠳᠡᠪᠦᠷᠢ ᠲᠤᠭ᠎ᠠ ᠲᠤᠭᠲᠠᠭᠤᠨ ᠢᠶᠠᠷ ᠨᠡᠮᠡᠭᠳᠡᠪᠡ    1 - 4 ᠳ᠋ᠦ᠋ᠭᠡᠷ ᠰᠠᠷ᠎ᠠ ᠳᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 5.56 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 15.6%᠎ ᠪᠠᠷ ᠨᠡᠮᠡᠭᠳᠡᠨ᠂ ᠡᠩ ᠤᠨ ᠲᠥᠰᠦᠪ ᠤᠨ ᠵᠠᠷᠤᠯᠭ᠎ᠠ 10.91 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 1.0%᠎ ᠢᠶᠠᠷ ᠨᠡᠮᠡᠭᠳᠡᠪᠡ᠃ 4 ᠰᠠᠷ᠎ᠠ ᠶᠢᠨ ᠰᠡᠭᠦᠯᠴᠢ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ 349.60 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 1.6%᠎ ᠪᠠᠷ ᠨᠡᠮᠡᠭᠳᠡᠵᠡᠶ᠂ ᠡᠭᠦᠨ ᠳᠤ᠄ ᠰᠠᠭᠤᠭᠠᠯᠢ ᠡᠷᠦᠬᠡ ᠶᠢᠨ ᠬᠠᠳᠠᠭᠠᠯᠠᠮᠵᠢ ᠶᠢᠨ ᠦᠯᠡᠳᠡᠪᠦᠷᠢ 314.76 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 2.7%᠎ ᠪᠠᠷ ᠨᠡᠮᠡᠭᠳᠡᠪᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ 264.40 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 3.4%᠎ ᠪᠠᠷ ᠨᠡᠮᠡᠭᠳᠡᠪᠡ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1