ᠮᠠ ᠯᠢᠨ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ᠪᠠᠶᠢᠴᠠᠭᠠᠨ ᠰᠤᠳᠤᠯᠬᠤ ᠬᠥᠳᠡᠯᠭᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2024/5/26
    5 ᠰᠠᠷ᠎ᠠ ᠶᠢᠨ 23᠎ ᠤ ᠡᠳᠦᠷ᠂ ᠮᠠ ᠯᠢᠨ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠪᠣᠯᠤᠨ ᠲᠣᠭᠤᠷᠢᠭ ᠤᠨ ᠲᠣᠰ ᠱᠠᠲᠤᠨ ᠤ ᠭᠤᠷᠪᠠᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ᠂ ᠮᠠ ᠯᠢᠨ ᠵᠡᠭᠡᠯᠢ ᠭᠤᠳᠤᠮᠵᠢ ᠶᠢᠨ ᠭᠤᠣᠯᠳᠠᠯᠭ᠎ᠠ ᠲᠠᠢ ᠠᠵᠢᠯ ᠳᠤ ᠲᠥᠪᠯᠡᠷᠡᠭᠦᠯᠦᠨ ᠪᠠᠶᠢᠴᠠᠭᠠᠨ ᠰᠤᠳᠤᠯᠬᠤ ᠬᠥᠳᠡᠯᠭᠡᠭᠡᠨ ᠥᠷᠨᠢᠭᠦᠯᠵᠦ᠂ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠥᠯᠥᠭᠡᠯᠡᠭᠴᠢᠳ ᠤᠨ ᠦᠢᠯᠡᠳᠦᠯ ᠢ ᠪᠠᠳᠠᠷᠠᠭᠤᠯᠤᠨ᠂ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠲᠥᠯᠬᠢᠨ ᠠᠬᠢᠭᠤᠯᠵᠤ᠂ ᠨᠡᠶᠢᠭᠡᠮ ᠲᠣᠭᠤᠷᠢᠭ ᠪᠣᠯᠤᠨ ᠠᠵᠤ ᠥᠢᠯᠡᠰ ᠤᠨ ᠬᠦᠷᠢᠶᠡᠯᠡᠩ ᠤᠨ ᠬᠥᠭᠵᠢᠯᠲᠡ ᠶᠢᠨ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠤᠨ᠂ ᠵᠡᠭᠡᠯᠢ ᠭᠤᠳᠤᠮᠵᠢ ᠶᠢᠨ ᠡᠯ᠎ᠡ ᠵᠦᠢᠯ ᠤᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠴᠤ᠂ ᠳᠠᠬᠢᠨ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠣᠯᠤᠨ ᠶᠤᠸᠠᠨ ᠪᠦᠦ ᠱᠠᠨ ᠤ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠥᠳᠡᠯᠭᠡᠭᠡᠨ ᠳᠤ ᠣᠷᠣᠯᠴᠠᠪᠠ᠃
1_副本.jpg
        ᠲᠣᠰ ᠤᠳᠠᠭᠠᠨ ᠤ ᠬᠥᠳᠡᠯᠭᠡᠭᠡᠨ ᠢ ︽ᠲᠥᠪᠯᠡᠷᠡᠭᠦᠯᠦᠨ ᠰᠤᠷᠤᠯᠴᠠᠬᠤ + ᠪᠠᠶᠢᠴᠠᠭᠠᠨ ᠰᠤᠳᠤᠯᠬᠤ︾ ᠬᠡᠯᠪᠡᠷᠢ ᠪᠠᠷ ᠥᠷᠨᠢᠭᠦᠯᠪᠡ᠃ ᠲᠥᠯᠥᠭᠡᠯᠡᠭᠴᠢᠳ ᠡᠩ ᠲᠡᠷᠢᠭᠦᠨ ᠳᠤ ᠮᠠ ᠯᠢᠨ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠭᠡᠷ ᠲᠤ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ︽ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2024 ᠣᠨ ᠤ ᠠᠵᠢᠯ ᠤᠨ ᠭᠤᠣᠯᠳᠠᠯᠭ᠎ᠠ︾ ᠵᠡᠷᠭᠡ ᠠᠭᠤᠯᠭ᠎ᠠ ᠶᠢ ᠲᠥᠪᠯᠡᠷᠡᠭᠦᠯᠦᠨ ᠰᠤᠷᠤᠯᠴᠠᠪᠠ᠃
2_副本.jpg
        ᠳᠠᠷᠠᠭ᠎ᠠ ᠳᠤᠨᠢ᠂ ᠲᠥᠯᠥᠭᠡᠯᠡᠭᠴᠢᠳ ᠮᠠ ᠯᠢᠨ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠬᠦᠷᠴᠦ ᠲᠥᠪ ᠢ ᠥᠭᠡᠷᠡᠴᠢᠯᠡᠨ ᠳᠡᠰ ᠳᠡᠪᠰᠢᠭᠦᠯᠬᠦ᠂ ᠨᠡᠶᠢᠭᠡᠮ ᠲᠣᠭᠤᠷᠢᠭ ᠤᠨ ᠬᠤᠭᠤᠯᠠᠨ ᠭᠡᠷ ᠤᠨ ᠪᠦᠲᠦᠭᠡᠨ ᠪᠠᠶᠢᠭᠤᠯᠤᠯᠲᠠ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠵᠡᠷᠭᠡ ᠠᠭᠤᠯᠭ᠎ᠠ ᠶᠢᠨ ᠲᠤᠬᠠᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠡᠷᠬᠢᠨ ᠦᠨᠳᠦᠰᠦᠨ ᠱᠠᠲᠤᠨ ᠤ ᠵᠠᠰᠠᠯᠲᠠ ᠶᠢᠨ ᠳᠤᠮᠳᠠ ᠦᠢᠯᠡᠳᠦᠯ ᠢᠶᠠᠨ ᠪᠠᠳᠠᠷᠠᠭᠤᠯᠬᠤ︾ ᠲᠣᠭᠤᠷᠢᠨ ᠳᠤ ᠰᠠᠨᠠᠯ ᠢᠶᠠᠨ ᠰᠣᠯᠢᠯᠴᠠᠨ ᠶᠠᠷᠢᠯᠴᠠᠪᠠ᠃    ᠲᠣᠰ ᠤᠳᠠᠭᠠᠨ ᠤ ᠪᠠᠶᠢᠴᠠᠭᠠᠨ ᠦᠵᠡᠬᠦ ᠠᠵᠢᠯᠯᠠᠭ᠎ᠠ ᠪᠠᠷ ᠳᠠᠮᠵᠢᠭᠤᠯᠤᠨ᠂ ᠲᠥᠯᠥᠭᠡᠯᠡᠭᠴᠢᠳ ᠲᠤ ᠮᠠ ᠯᠢᠨ ᠵᠡᠭᠡᠯᠢ ᠭᠤᠳᠤᠮᠵᠢ ᠶᠢᠨ ᠦᠨᠳᠦᠰᠦᠨ ᠱᠠᠲᠤᠨ ᠤ ᠵᠠᠰᠠᠯᠲᠠ᠂ ᠲᠥᠷᠥᠯ ᠵᠥᠢᠯ ᠢ ᠠᠬᠢᠭᠤᠯᠬᠤ᠂ ᠠᠵᠤ ᠥᠢᠯᠡᠰ ᠤᠨ ᠬᠥᠭᠵᠢᠯᠲᠡ᠂ ᠠᠶᠤᠯᠭᠦᠶ ᠥᠢᠯᠡᠳᠪᠥᠷᠢᠯᠡᠯ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠡᠯ᠎ᠡ ᠵᠥᠢᠯ ᠤᠨ ᠭᠤᠤᠯᠳᠠᠯᠭ᠎ᠠ ᠲᠠᠢ ᠠᠵᠢᠯ ᠢ ᠠᠬᠢᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠡᠯᠢᠶᠡᠳ ᠪᠥᠬᠦ ᠲᠠᠯ᠎ᠠ ᠪᠠᠷ ᠣᠶᠢᠯᠠᠭᠠᠭᠤᠯᠵᠤ᠂ ᠲᠥᠯᠥᠭᠡᠯᠡᠭᠴᠢᠳ ᠤᠨ ᠡᠭᠦᠷᠭᠡ ᠬᠠᠷᠢᠭᠤᠴᠠᠯᠭ᠎ᠠ ᠪᠠᠨ ᠭᠥᠢᠴᠡᠳᠬᠡᠬᠦ ᠬᠠᠯᠠᠭᠤᠨ ᠰᠡᠳᠬᠢᠯᠭᠡ ᠶᠢ ᠬᠥᠭᠵᠢᠭᠡᠭᠰᠡᠨ ᠪᠠᠶᠢᠨ᠎ᠠ᠃ ᠲᠥᠯᠥᠭᠡᠯᠡᠭᠴᠢᠳ ᠠᠴᠠ᠂ ᠲᠤᠰ ᠤᠳᠠᠭᠠᠨ ᠤ ᠪᠠᠶᠢᠴᠠᠭᠠᠨ ᠰᠤᠳᠤᠯᠤᠯᠲᠠ ᠰᠤᠷᠤᠯᠴᠠᠯᠭ᠎ᠠ ᠳᠤ᠂ ᠣᠯᠤᠯᠲᠠ ᠤᠯᠠᠨ ᠪᠠᠶᠢᠵᠤ᠂ ᠬᠤᠶᠢᠰᠢᠳᠠ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠵᠢᠯ ᠤᠨ ᠳᠤᠮᠳᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠤᠯᠠᠨ ᠲᠦᠮᠡᠨ ᠲᠠᠢ ᠬᠠᠷᠢᠯᠴᠠᠬᠤ ᠳᠠᠪᠠᠭᠤᠯᠢᠭ ᠢ ᠢᠳᠡᠪᠬᠢᠲᠡᠢ ᠪᠠᠳᠠᠷᠠᠭᠤᠯᠵᠤ᠂ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠬᠦ ᠪᠠ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠠᠯ᠎ᠠ ᠪᠠᠷ ︽ᠢᠳᠡᠯᠡᠬᠦ︾᠎ ᠶᠢ ᠴᠢᠬᠤᠯᠠᠴᠢᠯᠠᠵᠤ᠂ ᠡᠨᠧᠷᠭᠢ ᠬᠤᠷᠠᠮᠳᠤᠭᠤᠯᠤᠨ ᠬᠦᠴᠦᠨ ᠬᠠᠳᠠᠭᠠᠯᠠᠭᠰᠠᠨ ︽ᠬᠦᠴᠦᠷᠬᠡᠭ ᠰᠣᠷᠢᠨᠵᠢᠨ ᠣᠷᠣᠨ︾᠎ ᠢ ᠬᠦᠴᠦᠯᠡᠨ ᠪᠠᠶᠢᠭᠤᠯᠵᠤ᠂ ᠠᠵᠤ ᠦᠢᠯᠡᠰ ᠤᠨ ᠬᠥᠭᠵᠢᠯᠲᠡ ᠶᠢᠨ ︽ᠰᠢᠨ᠎ᠡ ᠬᠥᠳᠡᠯᠭᠡᠭᠦᠷ︾᠎ ᠢ ᠡᠭᠦᠳᠦᠨ᠎ᠡ ᠭᠡᠵᠦ ᠢᠯᠡᠷᠬᠡᠶᠢᠯᠡᠵᠡᠢ᠃    ᠲᠠᠷᠠᠭᠠᠴᠢ ᠶᠢᠨ ᠠᠯᠬᠤᠮ ᠳᠤ᠂ ᠮᠠ ᠯᠢᠨ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠢᠮᠠᠭᠲᠠ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠠᠮᠤᠭ ᠤᠨ ᠳᠡᠭᠡᠳᠦ ᠤᠯᠤᠰ ᠲᠥᠷᠥ ᠶᠢᠨ ᠵᠠᠷᠴᠢᠮ ᠪᠠ ᠦᠨᠳᠦᠰᠦᠨ ᠵᠢᠷᠤᠮᠯᠠᠯ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠮᠠ ᠯᠢᠨ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ︽1244 ᠠᠵᠢᠯ ᠤᠨ ᠠᠷᠭ᠎ᠠ︾᠎ ᠶᠢ ᠭᠦᠨᠵᠡᠭᠡᠶ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠬᠡᠷ ᠢᠶᠠᠷ ᠲᠣᠭᠤᠷᠢᠭ ᠤᠨ ᠲᠥᠪ ᠪᠣᠯᠭᠠᠵᠤ᠂ ᠮᠠ ᠯᠢᠨ ᠵᠡᠭᠡᠯᠢ ᠭᠤᠳᠤᠮᠵᠢ᠂ ᠶᠤᠸᠠᠨ ᠪᠦᠦ ᠱᠠᠨ ᠤ ᠠᠵᠤ ᠦᠢᠯᠡᠰ ᠤᠨ ᠬᠦᠷᠢᠶᠡᠯᠡᠩ ᠢᠶᠠᠷ ᠲᠣᠭᠤᠷᠢᠭ ᠤᠨ ᠷᠠᠳᠢᠤᠰ ᠪᠣᠯᠭᠠᠵᠤ᠂ ᠵᠡᠭᠡᠯᠢ ᠭᠤᠳᠤᠮᠵᠢ᠂ ᠠᠵᠤ ᠥᠢᠯᠡᠰ ᠤᠨ ᠬᠥᠷᠢᠶᠡᠯᠡᠩ ᠤᠨ ᠬᠤᠶᠠᠷ ᠲᠠᠯ᠎ᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠷ ᠲᠣᠭᠤᠷᠢᠭ ᠤᠨ ᠨᠢᠭᠤᠷ ᠪᠣᠯᠭᠠᠵᠤ᠂ ︽ᠨᠡᠶᠢᠭᠡᠮ ᠲᠣᠭᠤᠷᠢᠭ ᠠᠵᠤ ᠥᠢᠯᠡᠰ ᠤᠨ ᠬᠥᠷᠢᠶᠡᠯᠡᠩ ᠢ ᠨᠢᠭᠡ ᠴᠤᠭᠴᠠᠵᠢᠭᠤᠯᠬᠤ︾᠎ ᠪᠠᠷ ᠠᠴᠢᠶᠠᠯᠠᠪᠤᠷᠢ ᠪᠣᠯᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠲᠠᠰᠤᠷᠠᠯᠲᠠ ᠥᠬᠡᠶ ᠨᠢᠭᠲᠠᠷᠠᠭᠤᠯᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠪᠠ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠠᠵᠢᠯᠲᠠᠳ ᠲᠠᠢ ᠨᠢᠭᠲᠠ ᠬᠠᠷᠢᠯᠴᠠᠵᠤ᠂ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠤᠯᠠᠮ ᠨᠢᠭᠡ ᠠᠯᠬᠤᠮ ᠳᠥᠯᠭᠢᠨ ᠠᠬᠢᠭᠤᠯᠤᠨ᠎ᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1