ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠶᠤᠸᠠᠨ ᠪᠦᠦ ᠱᠠᠨ ᠲᠣᠭᠤᠷᠢᠭ ᠲᠤ ᠢᠷᠡᠵᠦ ᠭᠠᠳᠠᠭᠠᠳᠤ ᠠᠷᠠᠯᠵᠢᠶᠠᠨ ᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/5/26
   
1_副本.jpg
       ᠣᠶᠢᠷ᠎ᠠ ᠳᠤ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠯᠢ ᠶᠠᠨ ᠭᠤᠸᠠᠩ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠶᠤᠸᠠᠨ ᠪᠦᠦ ᠱᠠᠨ ᠲᠣᠭᠤᠷᠢᠭ ᠲᠤ ᠢᠷᠡᠵᠦ ᠭᠠᠳᠠᠭᠠᠳᠤ ᠠᠷᠠᠯᠵᠢᠶᠠᠨ ᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠶᠤᠸᠠᠨ ᠪᠦᠦ ᠱᠠᠨ ᠤ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠬᠡᠷ᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠪᠠᠶᠢᠴᠠᠭᠠᠨ ᠰᠣᠳᠤᠯᠪᠠ᠃    ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠡᠩ ᠲᠡᠷᠢᠭᠦᠨ ᠳᠤ ᠶᠤᠸᠠᠨ ᠪᠦᠦ ᠱᠠᠨ ᠲᠣᠭᠤᠷᠢᠭ ᠤᠨ ᠠᠵᠤ ᠦᠢᠯᠡᠰ ᠤᠨ ᠬᠦᠷᠢᠶᠡᠯᠡᠩ ᠳᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠭᠠᠳᠠᠭᠠᠳᠤ ᠠᠷᠠᠯᠵᠢᠶᠠᠨ ᠤ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠰᠠᠭᠤᠷᠢᠨ ᠭᠠᠵᠠᠷ ︵ᠲᠤᠰᠬᠠᠶ ᠬᠢᠮᠢ ᠶᠢᠨ ᠠᠵᠤ ᠦᠢᠯᠡᠳᠪᠦᠷᠢ︶᠎ ᠤᠨ ᠪᠥᠲᠥᠭᠡᠨ ᠪᠠᠶᠢᠭᠤᠯᠤᠯᠲᠠ᠂ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ᠂ ᠰᠠᠭᠤᠷᠢᠨ ᠭᠠᠵᠠᠷ ᠤᠨ ᠳᠣᠲᠣᠷᠠᠬᠢ ᠠᠵᠤ ᠠᠬᠤᠶᠢᠯᠠᠯ ᠤᠨ ᠭᠠᠳᠠᠭᠠᠳᠤ ᠠᠷᠠᠯᠵᠢᠶᠠᠨ ᠤ ᠲᠤᠬᠠᠶᠢᠯᠠᠭᠰᠠᠨ ᠠᠵᠢᠯ ᠤᠨ ᠬᠡᠪᠴᠢᠶ᠎ᠡ ᠶᠢ ᠳᠡᠭᠡᠭᠰᠢᠯᠡᠭᠦᠯᠬᠦ᠂ ᠰᠠᠭᠤᠷᠢᠨ ᠭᠠᠵᠠᠷ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠥᠷᠭᠡᠴᠡ ᠪᠠ ᠭᠦᠨᠴᠡ ᠶᠢ ᠥᠷᠭᠡᠳᠬᠡᠬᠦ ᠵᠡᠷᠭᠡ ᠲᠠᠯ᠎ᠠ ᠪᠠᠷ ᠵᠢᠯᠣᠭᠤᠳᠬᠤ ᠰᠠᠨᠠᠭᠤᠯᠭ᠎ᠠ ᠳᠤᠷᠠᠳᠪᠠ᠃ ᠳᠠᠷᠠᠭ᠎ᠠ ᠨᠢ᠂ ᠪᠠᠶᠢᠴᠠᠭᠠᠨ ᠰᠤᠳᠤᠯᠬᠤ ᠳᠤᠭᠤᠶᠢᠯᠠᠩ ᠳ᠋ᠠ ᠳ᠋ᠢ ᠶᠦᠨ ᠲᠢᠶᠠᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠫᠦ᠋ ᠯᠢ ᠲᠠᠢ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠷᠦᠢ ᠶᠠᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠳᠤ ᠬᠦᠷᠴᠦ᠂ ᠶᠤᠸᠠᠨ ᠪᠦᠦ ᠱᠠᠨ ᠲᠣᠭᠤᠷᠢᠭ ᠤᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠤᠯᠠᠨ ᠤᠯᠤᠰ ᠤᠨ ᠵᠠᠬ᠎ᠠ ᠳᠡᠯᠭᠡᠭᠦᠷ ᠤᠨ ᠨᠡᠭᠡᠭᠡᠯᠲᠡ᠂ ᠭᠠᠳᠠᠭᠠᠳᠤ ᠠᠷᠠᠯᠵᠢᠶᠠᠨ ᠤ ᠲᠦᠷᠦᠯ ᠵᠦᠢᠯ ᠤᠨ ᠨᠥᠭᠡᠴᠡ ᠵᠡᠷᠭᠡ ᠲᠠᠯ᠎ᠠ ᠶᠢᠨ ᠪᠠᠶᠢᠳᠠᠯ ᠢ ᠭᠦᠨᠵᠡᠭᠡᠢ ᠣᠶᠢᠯᠠᠭᠠᠬᠤ ᠶᠢᠨ ᠬᠠᠮᠲᠤ ᠠᠵᠤ ᠠᠬᠤᠶᠢᠯᠠᠯ ᠤᠨ ᠡᠳ᠋ᠰᠢᠭᠦᠯᠦᠨ ᠪᠣᠯᠪᠠᠰᠤᠷᠠᠭᠤᠯᠬᠤ ᠠᠷᠠᠯᠵᠢᠶ᠎ᠠ ᠥᠷᠨᠢᠭᠦᠯᠬᠦ᠂ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭ᠎ᠠ ᠵᠡᠷᠭᠡ ᠠᠷᠭ᠎ᠠ ᠬᠡᠯᠪᠡᠷᠢ ᠪᠠᠷ ᠭᠠᠳᠠᠭᠠᠳᠤ ᠠᠷᠠᠯᠵᠢᠶᠠᠨ ᠤ ᠬᠡᠪᠴᠢᠶ᠎ᠡ ᠪᠠᠨ ᠥᠷᠭᠡᠳᠬᠡᠬᠦ ᠶᠢ ᠵᠣᠷᠢᠭᠵᠢᠭᠤᠯᠪᠠ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠶᠤᠸᠠᠨ ᠪᠦᠦ ᠱᠠᠨ ᠲᠣᠭᠤᠷᠢᠭ ᠤᠨ ᠭᠠᠳᠠᠭᠠᠳᠤ ᠠᠷᠠᠯᠵᠢᠶᠠᠨ ᠤ ᠠᠵᠢᠯ ᠢ ᠭᠦᠢᠴᠡᠳ ᠨᠤᠲᠠᠯᠠᠬᠤ ᠶᠢᠨ ᠬᠠᠮᠲᠤ᠂ ᠤᠯᠠᠮᠵᠢᠯᠠᠯᠲᠤ ᠭᠠᠳᠠᠭᠠᠳᠤ ᠠᠷᠠᠯᠵᠢᠶᠠᠨ ᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ ᠰᠠᠶᠢᠲᠤᠷ ᠬᠢᠬᠦ ᠶᠢᠨ ᠬᠠᠮᠲᠤ᠂ ᠦᠢᠯᠡᠴᠢᠯᠡᠭᠡᠨ ᠤ ᠠᠷᠠᠯᠵᠢᠶ᠎ᠠ᠂ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭ᠎ᠠ ᠵᠡᠷᠭᠡ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠵᠠᠭᠪᠤᠷ ᠤᠨ ᠬᠥᠭᠵᠢᠯᠲᠡ ᠶᠢ ᠠᠬᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠪᠠᠶᠢᠴᠠᠭᠠᠨ ᠰᠤᠳᠤᠯᠵᠤ ᠲᠥᠯᠥᠪᠵᠢᠭᠦᠯᠬᠦ ᠠᠵᠢᠯ ᠢ ᠤᠷᠢᠳᠴᠢᠯᠠᠨ ᠰᠠᠶᠢᠲᠤᠷ ᠬᠢᠵᠦ᠂ ᠭᠠᠳᠠᠭᠠᠳᠤ ᠠᠷᠠᠯᠵᠢᠶᠠᠨ ᠤ ᠲᠦᠷᠦᠯ ᠵᠦᠢᠯ ᠢ ᠨᠥᠭᠡᠴᠡᠯᠡᠬᠦ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠢ ᠢᠳᠡᠪᠬᠢᠲᠡᠢ ᠬᠦᠳᠦᠯᠦᠨ ᠵᠢᠯᠣᠭᠤᠳᠴᠤ ᠪᠠᠶᠢᠭᠠᠳ ᠡᠯ᠎ᠡ ᠱᠠᠲᠤᠨ ᠤ ᠭᠠᠳᠠᠭᠠᠳᠤ ᠠᠷᠠᠯᠵᠢᠶᠠᠨ ᠤ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠰᠠᠶᠢᠲᠤᠷ ᠠᠰᠢᠭᠯᠠᠵᠤ᠂ ᠠᠵᠤ ᠠᠬᠤᠶᠢᠯᠠᠯ ᠤᠨ ᠤᠯᠠᠨ ᠤᠯᠤᠰ ᠤᠨ ᠵᠠᠬ᠎ᠠ ᠳᠡᠯᠭᠡᠭᠦᠷ ᠢ ᠨᠡᠭᠡᠭᠡᠬᠦ᠂ ᠭᠠᠳᠠᠭᠠᠳᠤ ᠠᠷᠠᠯᠵᠢᠶᠠᠨ ᠤ ᠲᠤᠬᠠᠶᠢᠯᠠᠭᠰᠠᠨ ᠠᠵᠢᠯ ᠢ ᠥᠷᠭᠡᠳᠬᠡᠬᠦ ᠴᠢᠳᠠᠪᠤᠷᠢ ᠪᠣᠯᠤᠨ ᠢᠲᠡᠭᠡᠯ ᠢ ᠳᠡᠭᠡᠭᠰᠢᠯᠡᠭᠦᠯᠬᠦ ᠬᠡᠷᠡᠭᠲᠡᠢ᠃ ᠦᠢᠯᠡᠴᠢᠯᠡᠭᠡᠨ ᠤ ᠲᠦᠪᠰᠢᠨ ᠢᠶᠠᠨ ᠳᠡᠭᠡᠭᠰᠢᠯᠡᠭᠦᠯᠵᠦ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠴᠠᠭ ᠲᠤᠬᠠᠢ ᠳᠤᠨᠢ ᠣᠶᠢᠯᠠᠭᠠᠵᠤ᠂ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠰᠢᠢᠳᠪᠦᠷᠢᠯᠡᠵᠦ ᠥᠭᠬᠦ ᠬᠡᠷᠡᠭᠲᠡᠢ ᠭᠡᠵᠦ ᠴᠢᠬᠤᠯᠠᠴᠢᠯᠠᠵᠠᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1