ᠼᠤᠤ ᡁᠢ ᠶᠦᠩ ᠶᠤᠸᠠᠨ ᠪᠦᠦ ᠱᠠᠨ ᠤ ᠠᠵᠤ ᠦᠢᠯᠡᠰ ᠤᠨ ᠬᠦᠷᠢᠶᠡᠯᠡᠩ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/5/28
    5 ᠰᠠᠷ᠎ᠠ ᠶᠢᠨ 27᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠶᠤᠸᠠᠨ ᠪᠦᠦ ᠱᠠᠨ ᠤ ᠠᠵᠤ ᠦᠢᠯᠡᠰ ᠤᠨ ᠬᠦᠷᠢᠶᠡᠯᠡᠩ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢ ᡁᠢ ᠭᠠᠩ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ᠂ ᠶᠤᠸᠠᠨ ᠪᠦᠦ ᠱᠠᠨ ᠤ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ ᠯᠢ ᠸᠧᠢ᠂ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠶᠤᠸᠠᠨ ᠪᠦᠦ ᠱᠠᠨ ᠪᠠᠯᠭᠠᠰᠤᠨ ᠤ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠪᠠᠶᠢᠴᠠᠭᠠᠨ ᠰᠣᠳᠤᠯᠪᠠ᠃    ᠼᠤᠤ ᡁᠢ ᠶᠦᠩ ᠤᠷᠢᠳ ᠬᠤᠵᠢᠳ ᠶᠤᠸᠠᠨ ᠵᠢᠩ ᠨᠡᠭᠦᠷᠡᠰᠦᠲᠥ᠋ᠷᠥᠭᠴᠢ ᠥᠬᠡᠶ ᠮᠡᠷᠭᠡᠵᠢᠯ ︵ᠤᠯᠠᠭᠠᠨᠬᠠᠳᠠ︶᠎ ᠤᠨ ᠬᠢᠵᠠᠭᠠᠷᠲᠤ ᠺᠣᠮᠫᠠᠨᠢ ᠶᠢᠨ ᠬᠡᠷᠡᠯ ᠴᠡᠨᠡᠭ ᠤᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠪᠠᠷᠢᠯᠭ᠎ᠠ ᠶᠢᠨ ᠲᠤᠬᠠᠶ ᠶᠢᠨ ᠲᠠᠯᠠᠪᠤᠷ᠂ ᠮᠦ ᠹᠠᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ︵ᠤᠯᠠᠭᠠᠨᠬᠠᠳᠠ︶᠎ ᠤᠨ ᠬᠢᠵᠠᠭᠠᠷᠲᠤ ᠺᠣᠮᠫᠠᠨᠢ ᠶᠢᠨ ᠲᠥᠯᠥᠪᠵᠢᠭᠦᠯᠭᠡ ᠶᠢᠨ ᠲᠠᠯᠠᠪᠤᠷ᠂ ᠵᠥᠩ ᠺᠧ ᠷᠥᠨ ᠽᠢ ︵ᠤᠯᠠᠭᠠᠨᠬᠠᠳᠠ︶ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠶ ᠴᠠᠷᠳᠠᠭᠤᠯ ᠤᠨ ᠲᠥᠷᠥᠯ ᠵᠦᠢᠯ ᠤᠨ ᠣᠷᠣᠵᠤ ᠰᠠᠭᠤᠭᠰᠠᠨ ᠣᠷᠣᠨ ᠪᠦᠰᠡ᠂ ᠤᠯᠠᠭᠠᠨᠬᠠᠳᠠ ᠶᠢᠨ ᠱᠦᠨ ᠱᠸᠥ ᠵᠢᠩ ᠲᠦᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠡᠰ ᠤᠨ ᠦᠨᠡᠰᠦᠨ ᠰᠢᠭᠠᠷᠤ ᠶᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠤᠨ ᠪᠠᠷᠢᠯᠭ᠎ᠠ ᠶᠢᠨ ᠲᠤᠬᠠᠶ ᠶᠢᠨ ᠲᠠᠯᠠᠪᠤᠷ᠂ ᠤᠯᠠᠭᠠᠨᠬᠠᠳᠠ ᠶᠢᠨ ᠲᠦᠩ ᠷᠦᠢ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠰᠢᠲᠠᠮᠠᠬᠠᠶ ᠬᠡᠶ ᠶᠢᠨ ᠬᠤᠭᠤᠯᠠᠶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠶᠢᠨ ᠲᠤᠬᠠᠶ ᠶᠢᠨ ᠲᠠᠯᠠᠪᠤᠷ ᠲᠤ ᠬᠦᠷᠴᠦ᠂ ᠲᠥᠷᠥᠯ ᠵᠦᠢᠯ ᠤᠨ ᠭᠠᠵᠠᠷ ᠬᠡᠷᠡᠭᠯᠡᠬᠦ᠂ ᠭᠠᠷᠳᠠᠮ ᠭᠦᠢᠴᠡᠳᠬᠡᠬᠦ᠂ ᠥᠨᠳᠥᠷ ᠳᠠᠷᠤᠯᠲᠠᠲᠤ ᠤᠳᠠᠰᠤ ᠶᠢ ᠥᠭᠡᠷᠡᠴᠢᠯᠡᠨ ᠨᠡᠭᠦᠯᠭᠡᠬᠦ ᠵᠢᠴᠢ ᠲᠥᠷᠥᠯ ᠵᠦᠢᠯ ᠤᠨ ᠪᠠᠷᠢᠯᠭ᠎ᠠ ᠶᠢᠨ ᠠᠬᠢᠴᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃    ᠼᠤᠤ ᡁᠢ ᠶᠦᠩ ᠴᠢᠬᠤᠯᠠᠴᠢᠯᠠᠭᠰᠠᠨ ᠨᠢ᠂ ᠠᠵᠤ ᠠᠬᠤᠶᠢᠯᠠᠯ ᠤᠨ ᠬᠢᠨ ᠪᠦᠳᠦᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠵᠦ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠪᠣᠯᠤᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢ ᠴᠢᠩᠭ᠎ᠠ ᠠᠩᠬᠠᠷᠴᠤ᠂ ᠪᠠᠷᠢᠯᠭ᠎ᠠ ᠶᠢᠨ ᠲᠥᠰᠦᠯ ᠢᠶᠠᠨ ᠰᠢᠯᠢᠳᠡᠭᠵᠢᠭᠦᠯᠵᠦ᠂ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ᠂ ᠥᠨᠳᠥᠷ ᠦᠷ᠎ᠡ ᠪᠦᠲᠦᠮᠵᠢᠲᠡᠢ ᠠᠬᠢᠭᠤᠯᠬᠤ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠬᠠᠷᠢᠶ᠎ᠠ ᠭᠠᠵᠠᠷ ᠤᠨ ᠬᠢᠨ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠡᠵᠡᠮᠰᠢᠵᠦ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠲᠤᠯᠭᠠᠷᠠᠭᠰᠠᠨ ᠬᠦᠴᠢᠷ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠪᠦᠬᠦ ᠶᠠᠪᠤᠴᠠ᠂ ᠪᠦᠬᠦ ᠲᠠᠯ᠎ᠠ ᠶᠢᠨ ᠦᠢᠯᠡᠴᠢᠯᠡᠭᠡ ᠬᠠᠩᠭᠠᠵᠤ᠂ ᠲᠦᠷᠦᠯ ᠵᠦᠢᠯ ᠤᠨ ᠡᠷᠲᠡᠬᠡᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠡᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1