ᠼᠤᠤ ᡁᠢ ᠶᠦᠩ ᠶᠤᠸᠠᠨ ᠪᠦᠦ ᠱᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠷᠠᠳ ᠤᠨ ᠠᠮᠢᠳᠤᠷᠠᠯ ᠤᠨ ᠲᠥᠷᠥᠯ ᠵᠦᠢᠯ ᠵᠢᠴᠢ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/5/30
    5 ᠰᠠᠷ᠎ᠠ ᠶᠢᠨ 28᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠮᠠᠨ ᠤ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠷᠠᠳ ᠤᠨ ᠠᠮᠢᠳᠤᠷᠠᠯ ᠤᠨ ᠲᠥᠷᠥᠯ ᠵᠦᠢᠯ ᠵᠢᠴᠢ ᠠᠶᠤᠯᠭᠦᠶ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶᠤᠤ ᠴᠢᠩ ᠳ᠋ᠦᠩ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢ ᡁᠢ ᠭᠠᠩ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠵᠢᠴᠢ ᠬᠠᠮᠢᠶ᠎ᠠ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃    ᠼᠤᠤ ᡁᠢ ᠶᠦᠩ ᠤᠷᠢᠳ ᠬᠤᠵᠢᠳ ᠪᠦᠦ ᠱᠠᠨ ᠵᠠᠮ᠂ ᠲᠠᠢ ᠱᠠᠨ ᠵᠠᠮ ᠤᠨ ᠬᠤᠭᠤᠯᠠᠢ ᠲᠣᠣᠷ ᠤᠨ ᠢᠨᠵᠧᠨᠧᠷᠢᠩ᠂ ᠫᠢᠩᠵᠤᠸᠠᠩ ᠤᠨ ᠳ᠋ᠦᠩ ᠴᠧᠩ ᠵᠡᠭᠡᠯᠢ ᠭᠤᠳᠤᠮᠵᠢ ᠶᠢᠨ ᠫᠢᠩᠵᠤᠸᠠᠩ ᠲᠣᠰᠬᠤᠨ ᠤ ᠳᠥᠭᠦᠮ ᠪᠦᠳᠦᠴᠡᠳᠤ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠵᠠᠰᠠᠬᠤ ︵ᠳ᠋ᠦᠩ ᠹᠠᠩ ᠵᠢᠶᠠ ᠶᠤᠸᠠᠨ ABC ᠲᠣᠭᠤᠷᠢᠭ︶ ᠲᠦᠷᠦᠯ ᠵᠦᠢᠯ᠂ ᠶᠤᠸᠠᠨ ᠪᠤᠤ ᠱᠠᠨ ᠪᠠᠯᠭᠠᠰᠤᠨ ᠤ ᠳ᠋ᠦᠩ ᠹᠠᠩ ᠬᠤᠷᠢᠶᠠᠯᠠᠯ ᠤᠨ ᠬᠠᠭᠤᠴᠢᠨ ᠬᠤᠷᠢᠶᠠᠯᠠᠯ ᠤᠨ ᠢᠵᠢ ᠪᠥᠷᠢᠳᠥᠭᠰᠡᠨ ᠰᠠᠭᠤᠷᠢ ᠲᠥᠬᠦᠭᠡᠷᠦᠮᠵᠢ ᠶᠢ ᠥᠭᠡᠷᠡᠴᠢᠯᠡᠨ ᠪᠠᠢᠭᠤᠯᠬᠤ ᠢᠨᠵᠧᠨᠧᠷᠢᠩ᠂ ᠶᠤᠸᠠᠨ ᠪᠦᠦ ᠱᠠᠨ ᠤ ᠬᠤᠳᠠ ᠶᠢᠨ ᠲᠣᠭᠤᠷᠢᠭ ᠤᠨ ᠵᠠᠮ ᠢ ᠬᠠᠲᠠᠭᠤᠷᠠᠭᠤᠯᠬᠤ ᠢᠨᠵᠧᠨᠧᠷᠢᠩ᠂ ᠳ᠋ᠦᠩ ᠳ᠋ᠢᠶᠠᠨ ᠪᠠᠭ᠎ᠠ ᠲᠣᠭᠤᠷᠢᠭ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠢᠨᠵᠧᠨᠧᠷᠢᠩ᠂ ᠶᠤᠸᠠᠨ ᠪᠦᠦ ᠱᠠᠨ ᠲᠣᠭᠤᠷᠢᠭ ᠤᠨ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠲᠠᠯᠠᠪᠠᠢ ᠶᠢᠨ ᠲᠥᠷᠥᠯ ᠵᠦᠢᠯ᠂ ᠶᠢᠨ ᠾᠧ ᠯᠢ ᠵᠢᠩ ᠲᠥᠷᠥᠯ ᠵᠦᠢᠯ ᠤᠨ ᠪᠠᠷᠢᠯᠭ᠎ᠠ ᠶᠢᠨ ᠲᠤᠬᠠᠶ ᠶᠢᠨ ᠲᠠᠯᠠᠪᠤᠷ ᠲᠤ ᠭᠦᠨᠵᠡᠭᠡᠶᠢᠷᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠦᠷᠦᠯ ᠵᠦᠢᠯ ᠤᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ᠂ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠠᠬᠢᠴᠠ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠬᠦ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠠᠢ᠃    ᠼᠤᠤ ᡁᠢ ᠶᠦᠩ ᠴᠢᠬᠤᠯᠠᠴᠢᠯᠠᠭᠰᠠᠨ ᠨᠢ᠂ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ ᠨᠢ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠢ ᠬᠤᠯᠪᠣᠭᠳᠠᠨ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ︽ᠬᠠᠶᠢᠷ᠎ᠠ ᠬᠠᠯᠠᠮᠵᠢ ᠶᠢᠨ ᠢᠨᠵᠧᠨᠧᠷᠢᠩ︾᠂ ᠬᠠᠭᠤᠴᠢᠨ ᠬᠤᠷᠢᠶᠠᠯᠠᠯ ᠤᠨ ᠥᠭᠡᠷᠡᠴᠢᠯᠡᠯᠲᠡ᠂ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠵᠡᠷᠭᠡ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠠᠰᠠᠭᠤᠳᠠᠯ ᠢ ᠴᠢᠩᠭ᠎ᠠ ᠠᠩᠬᠠᠷᠴᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠭᠲᠠ ᠬᠠᠮᠵᠢᠯᠴᠠᠵᠤ᠂ ᠬᠤᠳᠠ ᠶᠢᠨ ᠴᠢᠳᠠᠮᠵᠢ ᠵᠢᠴᠢ ᠣᠷᠴᠢᠨ ᠲᠣᠭᠤᠷᠢᠨ ᠤ ᠳᠦᠷᠰᠦ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠬᠤ ᠶᠢ ᠦᠨᠡᠨᠬᠦ ᠠᠬᠢᠭᠤᠯᠬᠤ ᠬᠡᠷᠡᠭᠲᠡᠢ᠃ ᠡᠯ᠎ᠡ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠲᠤᠬᠠᠢ ᠶᠢᠨ ᠲᠠᠯᠠᠪᠤᠷ ᠤᠨ ᠬᠥᠮᠦᠰ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠪᠠᠷᠢᠯᠭ᠎ᠠ ᠪᠠᠷᠢᠬᠤ ᠨᠢᠭᠡᠴᠢ ᠪᠥᠲᠥᠭᠡᠨ ᠪᠠᠶᠢᠭᠤᠯᠤᠯᠲᠠ ᠶᠢᠨ ᠬᠠᠷᠠᠯᠲᠠ ᠪᠠᠨ ᠴᠢᠩᠭ᠎ᠠ ᠠᠩᠬᠠᠷᠴᠤ᠂ ᠲᠥᠰᠦᠯ ᠢᠶᠠᠨ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠢᠵᠢ ᠪᠥᠷᠢᠳᠥᠭᠦᠯᠥᠨ ᠲᠡᠭᠦᠯᠳᠡᠷᠵᠢᠭᠦᠯᠵᠦ᠂ ᠲᠥᠷᠥᠯ ᠵᠦᠢᠯ ᠤᠨ ᠪᠠᠷᠢᠯᠭ᠎ᠠ ᠶᠢᠨ ᠰᠢᠵᠢᠷ ᠠᠯᠲᠠᠨ ᠬᠤᠭᠤᠴᠠᠭ᠎ᠠ ᠶᠢ ᠠᠮᠵᠢᠨ ᠠᠳᠬᠤᠵᠤ᠂ ᠪᠠᠷᠢᠯᠭ᠎ᠠ ᠪᠠᠷᠢᠬᠤ ᠠᠮᠤᠷ ᠲᠦᠪᠰᠢᠨ ᠪᠠ ᠪᠠᠷᠢᠯᠭ᠎ᠠ ᠶᠢᠨ ᠶᠠᠰᠤ ᠴᠢᠨᠠᠷ ᠢ ᠴᠢᠩᠭ᠎ᠠ ᠡᠵᠡᠮᠳᠡᠵᠦ᠂ ᠡᠷᠲᠡ ᠪᠥᠲᠥᠭᠡᠨ ᠪᠠᠶᠢᠭᠤᠯᠬᠤ᠂ ᠡᠷᠲᠡ ᠠᠵᠢᠯ ᠳᠠᠭᠤᠰᠬᠠᠬᠤ᠂ ᠡᠷᠲᠡ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠶ ᠭᠡᠵᠡᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1