ᠶᠤᠸᠠᠨ ᠪᠦᠦ ᠱᠠᠨ ᠲᠣᠭᠤᠷᠢᠭ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠬᠠᠤᠯᠢ ᠪᠠᠷ ᠵᠠᠰᠠᠬᠤ ᠮᠡᠳᠡᠯᠭᠡ ᠶᠢᠨ ᠠᠯᠬᠤᠭ᠎ᠠ ᠤᠷᠤᠯᠳᠤᠭᠠᠨ ᠤ ᠮᠥᠷᠦ᠋ᠢᠴᠡᠭᠡᠨ ᠢ ᠡᠷᠬᠢᠯᠡᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/5/30
   
1_副本.jpg
       5 ᠰᠠᠷ᠎ᠠ ᠶᠢᠨ 28᠎ ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠫᠢᠩᠵᠤᠸᠠᠩ ᠤᠨ ᠭᠥ᠋ ᠱᠠᠨ ᠣᠶ ᠰᠢᠭᠤᠶ ᠶᠢᠨ ᠴᠡᠴᠡᠷᠯᠢᠭ ᠲᠤ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠤᠷᠤᠭᠰᠢᠯᠠᠬᠤ︾ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠬᠠᠤᠯᠢ ᠪᠠᠷ ᠵᠠᠰᠠᠬᠤ ᠮᠡᠳᠡᠯᠭᠡ ᠶᠢᠨ ᠠᠯᠬᠤᠭ᠎ᠠ ᠤᠷᠤᠯᠳᠤᠭᠠᠨ ᠤ ᠮᠥᠷᠦ᠋ᠢᠴᠡᠭᠡᠨ ᠢ ᠡᠷᠬᠢᠯᠡᠨ ᠶᠠᠪᠤᠭᠳᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠤᠬᠠᠭᠤᠯᠤᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠬᠠᠤᠯᠢ ᠳᠥᠷᠢᠮ ᠤᠨ ᠤᠬᠠᠭᠤᠯᠭ᠎ᠠ ᠶᠢ ᠭᠦᠨᠵᠡᠭᠡᠶᠢᠷᠡᠭᠦᠯᠪᠡ᠃
2_副本.jpg
3_副本.jpg
        ᠲᠤᠰ ᠤᠳᠠᠭᠠᠨ ᠤ ᠠᠯᠬᠤᠭ᠎ᠠ ᠤᠷᠤᠯᠳᠤᠭᠠᠨ ᠤ ᠮᠥᠷᠦ᠋ᠢᠴᠡᠭᠡᠨ ᠨᠢ ᠶᠤᠸᠠᠨ ᠪᠦᠦ ᠱᠠᠨ ᠲᠣᠭᠤᠷᠢᠭ ᠤᠨ 12 ᠪᠠᠯᠭᠠᠰᠤ ᠰᠢᠶᠠᠩ ᠵᠡᠭᠡᠯᠢ ᠪᠠ ᠬᠡᠰᠡᠭ ᠪᠠᠶᠢᠭᠤᠯᠭ᠎ᠠ ᠨᠢᠭᠡᠴᠢ ᠪᠠᠷ ᠪᠦᠷᠢᠯᠳᠦᠵᠦ᠂ ᠮᠥᠷᠦ᠋ᠢᠴᠡᠭᠡᠨ ᠨᠢ ︽ᠤᠬᠠᠭᠤᠯᠭ᠎ᠠ + ᠠᠯᠬᠤᠭ᠎ᠠ ᠤᠷᠤᠯᠳᠤᠭᠠᠨ + ᠰᠡᠳᠦᠪ ᠬᠠᠷᠢᠭᠤᠯᠬᠤ︾ ᠵᠠᠭᠪᠤᠷ ᠢ ᠬᠡᠷᠡᠭᠯᠡᠵᠦ᠂ ᠡᠯ᠎ᠡ ᠡᠩᠨᠡᠭᠡ ᠨᠢ ᠡᠬᠢᠯᠡᠯᠲᠡ ᠶᠢᠨ ᠴᠡᠭ ᠠᠴᠠ ᠮᠣᠷᠳᠠᠵᠤ᠂ ᠪᠤᠴᠠᠵᠤ ᠢᠷᠡᠬᠦ ᠴᠡᠭ ᠲᠤ ᠬᠥᠷᠥᠭᠰᠡᠨ ᠤ ᠳᠠᠷᠠᠭ᠎ᠠ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠰᠢᠯᠭᠠᠯᠲᠠ ᠶᠢᠨ ᠬᠠᠭᠤᠳᠠᠰᠤ ᠶᠢ ᠠᠪᠴᠤ᠂ ᠲᠤᠬᠠᠢ ᠶᠢᠨ ᠲᠠᠯᠠᠪᠤᠷ ᠲᠤ ᠰᠡᠳᠦᠪ ᠬᠠᠷᠢᠭᠤᠯᠵᠤ ᠳᠠᠭᠤᠰᠤᠭᠰᠠᠨ ᠤ ᠳᠠᠷᠠᠭ᠎ᠠ ᠡᠬᠢᠯᠡᠯᠲᠡ ᠶᠢᠨ ᠴᠡᠭ ᠲᠤ ᠪᠠᠨ ᠪᠣᠴᠠᠵᠤ ᠢᠷᠡᠬᠦ ᠶᠢ ᠱᠠᠭᠠᠷᠳᠠᠪᠠ᠃
4_副本.jpg
        ᠮᠥᠷᠦ᠋ᠢᠴᠡᠭᠡᠨ ᠢ ᠡᠷᠬᠢᠯᠡᠨ ᠶᠠᠪᠤᠭᠳᠠᠭᠤᠯᠤᠭᠰᠠᠨ ᠨᠢ ᠺᠠᠳ᠋ᠷ ᠠᠵᠢᠯᠲᠠᠳ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠮᠡᠳᠡᠯᠭᠡ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠪᠠᠲᠤᠳᠬᠠᠵᠤ᠂ ᠦᠨᠳᠦᠰᠦᠲᠡᠨ ᠤ ᠪᠦᠯᠬᠦᠮᠳᠡᠯ ᠤᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠦᠨᠳᠦᠰᠦᠲᠡᠨ ᠨᠦᠭᠦᠳ ᠤᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠤ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠴᠠᠭᠠᠵᠠ ᠬᠠᠤᠯᠢ ᠳᠥᠷᠢᠮ ᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠤ ᠤᠯᠤᠰ ᠤᠨ ᠤᠬᠠᠮᠰᠠᠷ᠂ ᠠᠷᠠᠳ ᠢᠷᠭᠡᠳ ᠤᠨ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ ᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠤ ᠡᠳᠦᠷ ᠲᠤᠲᠤᠮ ᠤᠨ ᠠᠮᠢᠳᠤᠷᠠᠯ ᠳᠤᠮᠳᠠ ᠪᠠᠨ ᠦᠷᠭᠦᠯᠵᠢᠯᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠠᠬᠢᠭᠤᠯᠪᠠ᠃
5_副本.jpg
        ᠮᠥᠷᠦ᠋ᠢᠴᠡᠭᠡᠨ ᠠᠴᠠ ᠡᠮᠦᠨ᠎ᠡ᠂ ᠪᠥᠬᠦ ᠬᠥᠮᠦᠰ ᠪᠠᠰᠠ ᠭᠥ᠋ ᠱᠠᠨ ᠤ ᠡᠷᠲᠡ ᠶᠢᠨ ᠵᠠᠬ᠎ᠠ ᠳᠡᠯᠭᠡᠭᠦᠷ ᠲᠤ ᠬᠥᠷᠴᠦ ᠬᠤᠳᠠᠯᠳᠤᠭᠠᠴᠢᠨ ᠡᠷᠦᠬᠡ ᠪᠣᠯᠤᠨ ᠣᠯᠠᠨ ᠲᠦᠮᠡᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠠᠷᠮᠠᠨ ᠪᠢᠴᠢᠭ︾ ᠵᠡᠷᠭᠡ ᠤᠬᠠᠭᠤᠯᠭ᠎ᠠ ᠶᠢᠨ ᠪᠣᠳᠠᠰ ᠢ 500 ᠭᠠᠷᠤᠶ ᠬᠤᠪᠢ ᠲᠠᠷᠬᠠᠭᠠᠪᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1