ᠼᠤᠤ ᡁᠢ ᠶᠦᠩ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/5/31
    5 ᠰᠠᠷ᠎ᠠ ᠶᠢᠨ 30᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠯᠢ ᡁᠢ ᠭᠠᠩ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠵᠢᠴᠢ ᠬᠠᠮᠢᠶ᠎ᠠ ᠪᠥᠬᠦᠶ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠨᠥᠭᠡᠴᠡᠯᠡᠬᠦ ᠬᠥᠮᠥᠷᠭᠡ ᠳᠤ᠂ ᠼᠤᠤ ᡁᠢ ᠶᠦᠩ ᠨᠥᠭᠡᠴᠡᠯᠡᠬᠦ ᠬᠥᠮᠥᠷᠭᠡ ᠶᠢᠨ ᠥᠭᠡᠷᠡᠴᠢᠯᠡᠯᠲᠡ ᠶᠢᠨ ᠠᠬᠢᠴᠠ ᠵᠢᠴᠢ ᠡᠯ᠎ᠡ ᠲᠦᠷᠦᠯ ᠤᠨ ᠪᠠᠴᠢᠮ ᠪᠠᠶᠢᠳᠠᠯ ᠢ ᠠᠷᠭᠠᠴᠠᠭᠠᠬᠤ᠂ ᠭᠠᠮᠰᠢᠭ ᠠᠴᠠ ᠠᠪᠤᠷᠠᠬᠤ ᠡᠳ᠋ ᠪᠣᠳᠠᠰ ᠤᠨ ᠨᠥᠭᠡᠴᠡᠯᠡᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠪᠠᠷᠢᠯᠭ᠎ᠠ ᠶᠢᠨ ᠠᠬᠢᠴᠠ ᠶᠢ ᠲᠦᠷᠭᠡᠳᠬᠡᠨ᠂ ᠡᠳ᠋ ᠪᠣᠳᠠᠰ ᠬᠠᠳᠠᠭᠠᠯᠠᠬᠤ ᠨᠥᠬᠦᠴᠡᠯ ᠢ ᠰᠢᠯᠢᠳᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠨᠥᠭᠡᠴᠡᠯᠡᠬᠦ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠴᠢᠩᠭᠠᠳᠬᠠᠬᠤ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠡᠳᠦᠷ ᠲᠤᠲᠤᠮ ᠤᠨ ᠬᠠᠮᠢᠶᠠᠷᠤᠯᠲᠠ ᠪᠠ ᠬᠠᠮᠠᠭᠠᠯᠠᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠬᠤᠳᠠᠯᠳᠤᠨ ᠠᠪᠬᠤ᠂ ᠲᠣᠭᠠᠯᠠᠨ ᠪᠦᠷᠢᠳᠬᠡᠬᠦ᠂ ᠡᠭᠡᠯᠵᠢᠯᠡᠨ ᠰᠣᠯᠢᠬᠤ ᠠᠵᠢᠯ ᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠭᠠᠵᠤ ᠭᠠᠮᠰᠢᠭ ᠠᠴᠠ ᠠᠪᠤᠷᠠᠬᠤ ᠡᠳ᠋ ᠪᠣᠳᠠᠰ ᠤᠨ ᠬᠠᠮᠢᠶᠠᠷᠤᠯᠲᠠ ᠬᠡᠷᠡᠭᠯᠡᠯᠲᠡ ᠶᠢ ᠥᠨᠳᠥᠷ ᠪᠦᠲᠦᠮᠵᠢᠲᠡᠶ ᠪᠥᠭᠡᠳ ᠡᠮᠬᠢ ᠵᠢᠷᠤᠮ ᠲᠠᠢ ᠪᠠᠶᠢᠯᠭᠠᠬᠤ ᠶᠢ ᠦᠨᠡᠨᠬᠦ ᠪᠠᠲᠤᠯᠠᠵᠤ᠂ ᠪᠡᠯᠡᠳᠬᠡᠯ ᠲᠠᠢ ᠪᠣᠯ ᠪᠠᠯᠠᠳᠠᠬᠤ ᠥᠬᠡᠶ ᠪᠠᠶᠢᠬᠤ ᠶᠢ ᠦᠨᠡᠨᠬᠦ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠵᠠᠢ᠃    ᠤᠯᠠᠭᠠᠨᠬᠠᠳᠠ ᠬᠤᠲᠠ ᠶᠢᠨ ᠵᠢᠶᠠᠨ ᠴᠠᠩ ᠶᠢᠩ ᠨᠡᠭᠦᠷᠡᠰᠦᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠤᠯᠠᠭᠠᠨᠬᠠᠳᠠ ᠶᠢᠨ ᠰᠢᠶᠠᠩ ᠶᠠᠩ ᠨᠡᠭᠦᠷᠡᠰᠦᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ᠂ ᠼᠤᠤ ᡁᠢ ᠶᠦᠩ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠭᠦᠨᠵᠡᠭᠡᠢ ᠶᠠᠷᠢᠯᠴᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠵᠢᠴᠢ ᠠᠵᠢᠯ ᠢᠶᠠᠨ ᠰᠡᠷᠭᠦᠭᠡᠵᠦ ᠪᠦᠲᠦᠭᠡᠨ ᠪᠠᠶᠢᠭᠤᠯᠬᠤ ᠠᠬᠢᠴᠠ ᠶᠢ ᠨᠠᠷᠢᠨ ᠣᠶᠢᠯᠠᠭᠠᠪᠠ᠃ ᠲᠡᠷᠡ᠂ ᠦᠢᠯᠡᠳᠪᠦᠷᠢᠯᠡᠵᠦ ᠪᠠᠶᠢᠭ᠎ᠠ ᠠᠵᠤ ᠠᠬᠤᠶᠢᠯᠠᠯ ᠤᠨ ᠬᠢᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠶᠤᠯᠭᠦᠢ ᠦᠢᠯᠡᠳᠪᠦᠷᠢᠯᠡᠯ ᠤᠨ ᠲᠦᠷᠢᠮ ᠲᠣᠭᠲᠠᠭᠠᠯ ᠪᠣᠯᠤᠨ ᠠᠵᠢᠯᠯᠠᠭᠠᠨ ᠤ ᠶᠠᠪᠤᠴᠠ ᠶᠢ ᠴᠢᠩᠭ᠎ᠠ ᠬᠡᠷᠡᠭᠵᠢᠭᠦᠯᠵᠦ᠂ ᠠᠵᠢᠯᠯᠠᠵᠤ ᠪᠠᠶᠢᠭ᠎ᠠ ᠬᠥᠮᠦᠰ ᠤᠨ ᠠᠮᠤᠷ ᠲᠦᠪᠰᠢᠨ ᠤ ᠪᠣᠯᠪᠠᠰᠤᠷᠠᠯ ᠢ ᠴᠢᠩᠭᠠᠳᠬᠠᠵᠤ᠂ ᠪᠦᠬᠦ ᠲᠤᠭᠤᠷᠢᠭ ᠤᠨ ᠨᠡᠭᠦᠷᠡᠰᠦᠨ ᠤ ᠠᠵᠤ ᠦᠢᠯᠡᠰ ᠤᠨ ᠠᠮᠤᠷ ᠲᠦᠪᠰᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠠᠵᠢᠯ ᠢᠶᠠᠨ ᠰᠡᠷᠭᠦᠭᠡᠭᠰᠡᠨ ᠠᠵᠤ ᠠᠬᠤᠶᠢᠯᠠᠯ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠠᠭᠤᠷᠬᠠᠢ ᠶᠢᠨ ᠬᠤᠳᠳᠤᠭ ᠤᠨ ᠪᠠᠷᠢᠯᠭ᠎ᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠡᠷᠲᠡᠬᠡᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠬᠤ ᠶᠢ ᠪᠠᠲᠤᠯᠠᠬᠤ ᠬᠡᠷᠡᠭᠲᠡᠢ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠢᠨᠠᠨ ᠵᠢᠯᠣᠭᠤᠳᠴᠤ ᠪᠠᠶᠢᠴᠠᠭᠠᠬᠤ ᠪᠠᠨ ᠴᠢᠩᠭᠠᠳᠬᠠᠨ᠂ ᠠᠶᠤᠯ ᠲᠦᠭᠰᠢᠭᠦᠷᠢ ᠶᠢᠨ ᠭᠡᠮ ᠰᠤᠭᠤᠭ ᠢ ᠴᠢᠩᠭ᠎ᠠ ᠨᠢᠮᠪᠠᠶ ᠵᠢᠭᠰᠠᠭᠠᠨ ᠪᠠᠶᠢᠴᠠᠭᠠᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠪᠥᠬᠦ ᠬᠦᠴᠦᠨ ᠢᠶᠠᠷ ᠢᠶᠠᠨ ᠰᠡᠷᠭᠡᠶᠢᠯᠡᠨ ᠬᠤᠷᠢᠭᠯᠠᠬᠤ ᠬᠡᠷᠡᠭᠲᠡᠶ ᠭᠡᠵᠦ ᠴᠢᠬᠤᠯᠠᠴᠢᠯᠠᠵᠠᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1