ᠶᠤᠸᠠᠨ ᠪᠦᠦ ᠱᠠᠨ ᠲᠣᠭᠤᠷᠢᠭ ᠳᠠᠩᠰᠠ ᠡᠪᠬᠡᠮᠡᠯ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/5/31
   
1_副本.jpg
       5 ᠰᠠᠷ᠎ᠠ ᠶᠢᠨ 30᠎ ᠤ ᠡᠳᠦᠷ᠂ 17 ᠳ᠋ᠤᠭᠠᠷ ᠣᠯᠠᠨ ᠤᠯᠤᠰ ᠤᠨ ᠲᠠᠩᠰᠠ ᠡᠪᠬᠡᠮᠡᠯ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠲᠤᠭᠤᠷᠢᠭ ᠤᠨ ᠲᠠᠩᠰᠠ ᠡᠪᠬᠡᠮᠡᠯ ᠤᠨ ᠲᠣᠪᠴᠢᠶ᠎ᠠ᠂ ᠲᠠᠩᠰᠠ ᠡᠪᠬᠡᠮᠡᠯ ᠲᠡᠤᠬᠡ ᠣᠶᠢᠯᠠᠯᠭ᠎ᠠ ᠶᠢᠨ ᠰᠠᠩ ᠪᠥᠬᠦ ᠲᠤᠭᠤᠷᠢᠭ ᠤᠨ ᠲᠠᠩᠰᠠ ᠡᠪᠬᠡᠮᠡᠯ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠶᠢ ᠡᠷᠭᠢᠯᠡᠵᠦ᠂ ᠶᠡᠷᠦᠩᠬᠡᠶ ᠱᠦᠵᠢ ᠰᠢ ᠶᠢᠨ ᠫᠢᠩ ᠤᠨ ᠲᠠᠩᠰᠠ ᠡᠪᠬᠡᠮᠡᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠲᠠᠩᠰᠠ ᠡᠪᠬᠡᠮᠡᠯ ᠤᠨ ᠠᠵᠢᠯ ᠤᠨ ︽ᠳᠥᠷᠪᠡᠨ ᠰᠠᠶᠢᠨ︾ ︽ᠬᠤᠶᠠᠷ ᠥᠢᠯᠡᠴᠢᠯᠡᠭᠡ︾᠎ ᠶᠢᠨ ᠬᠠᠷᠠᠯᠲᠠ ᠡᠭᠦᠷᠭᠡ ᠶᠢᠨ ᠱᠠᠭᠠᠷᠳᠠᠯᠭ᠎ᠠ ᠶᠢ ᠥᠢᠯᠡᠳᠥᠯᠭᠡᠵᠢᠭᠦᠯᠵᠦ᠂ ᠲᠠᠩᠰᠠ ᠡᠪᠬᠡᠮᠡᠯ ᠤᠨ ᠠᠵᠢᠯ ᠤᠨ ᠵᠢᠷᠤᠮᠵᠢᠭᠰᠠᠨ᠂ ᠨᠠᠷᠢᠯᠢᠭᠵᠢᠭᠰᠠᠨ᠂ ᠲᠤᠰᠬᠠᠶᠢᠵᠢᠭᠰᠠᠨ ᠬᠠᠮᠢᠶᠠᠷᠤᠯᠲᠠ ᠶᠢ ᠠᠬᠢᠭᠤᠯᠪᠠ᠃ ᠪᠥᠬᠦ ᠲᠤᠭᠤᠷᠢᠭ ᠤᠨ ᠡᠯ᠎ᠡ ᠨᠢᠭᠡᠴᠢ ᠶᠢᠨ ᠲᠠᠩᠰᠠ ᠡᠪᠬᠡᠮᠡᠯ ᠤᠨ ᠠᠵᠢᠯᠲᠠᠳ ᠪᠣᠯᠪᠠᠰᠤᠷᠠᠯ ᠳᠤ ᠣᠷᠣᠯᠴᠠᠪᠠ᠃
2_副本.jpg
3_副本.jpg
       ᠲᠣᠰ ᠤᠳᠠᠭᠠᠨ ᠤ ᠪᠣᠯᠪᠠᠰᠤᠷᠠᠯ ᠨᠢ ︽ᠰᠣᠯᠢᠯᠴᠠᠨ ᠶᠠᠷᠢᠯᠴᠠᠬᠤ + ᠣᠨᠣᠯ ᠤᠨ ᠲᠠᠶᠢᠯᠤᠮᠵᠢ + ᠪᠣᠳᠠᠲᠤ ᠠᠵᠢᠯᠯᠠᠭᠠᠨ ᠤ ᠦᠵᠡᠭᠦᠯᠭᠡ︾᠎ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠣᠳᠣᠬᠠᠨ ᠤ ᠲᠠᠩᠰᠠ ᠡᠪᠬᠡᠮᠡᠯ ᠤᠨ ᠠᠵᠢᠯ ᠤᠨ ᠣᠳᠣᠬᠢ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠭᠤᠤᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ ᠰᠣᠯᠢᠯᠴᠠᠨ ᠪᠠᠶᠢᠷᠢᠯᠠᠭᠤᠯᠵᠤ᠂ ᠲᠠᠩᠰᠠ ᠡᠪᠬᠡᠮᠡᠯ ᠢ ᠴᠤᠭᠯᠠᠭᠤᠯᠤᠨ ᠡᠮᠬᠢᠯᠡᠬᠦ᠂ ᠴᠠᠭᠠᠰᠤᠨ ᠲᠠᠩᠰᠠ ᠡᠪᠬᠡᠮᠡᠯ ᠢ ᠲᠣᠭᠠᠵᠢᠭᠤᠯᠤᠨ ᠡᠳ᠋ᠰᠢᠭᠦᠯᠬᠦ ᠶᠠᠪᠤᠴᠠ ᠵᠡᠷᠭᠡ ᠠᠭᠤᠯᠭ᠎ᠠ ᠶᠢᠨ ᠲᠤᠬᠠᠶ ᠨᠠᠷᠢᠨ ᠲᠠᠶᠢᠯᠪᠤᠷᠢᠯᠠᠬᠤ ᠶᠢᠨ ᠬᠠᠮᠲᠤ ᠳᠤᠭᠤᠶᠢᠯᠠᠩ ᠬᠤᠪᠢᠶᠠᠨ ᠪᠣᠳᠠᠲᠠᠶ ᠬᠢᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠪᠣᠯᠪᠠᠰᠤᠷᠠᠯ ᠳᠤ ᠣᠷᠣᠯᠴᠠᠭᠰᠠᠳ ᠢ ᠰᠤᠷᠤᠭᠰᠠᠨ ᠣᠨᠤᠯ ᠢᠶᠠᠨ ᠥᠢᠯᠡᠳᠥᠯᠭᠡ ᠶᠢᠨ ᠬᠡᠷᠡᠭᠯᠡᠯᠲᠡ ᠪᠣᠯᠭᠠᠨ ᠬᠤᠪᠢᠷᠠᠭᠤᠯᠵᠤ᠂ ᠪᠣᠯᠪᠠᠰᠤᠷᠠᠯ ᠤᠨ ᠬᠠᠨᠳᠤᠯᠭᠠᠲᠤ ᠴᠢᠨᠠᠷ᠂ ᠪᠣᠳᠠᠲᠤ ᠦᠷ᠎ᠡ ᠪᠦᠲᠦᠮᠵᠢᠲᠦ ᠴᠢᠨᠠᠷ ᠢ ᠦᠨᠡᠨ ᠬᠦ ᠳᠡᠭᠡᠭᠰᠢᠯᠡᠭᠦᠯᠦᠨ᠂ ᠪᠥᠬᠦ ᠲᠣᠭᠤᠷᠢᠭ ᠤᠨ ᠲᠠᠩᠰᠠ ᠡᠪᠬᠡᠮᠡᠯ ᠤᠨ ᠠᠵᠢᠯᠲᠠᠳ ᠤᠨ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠲᠠᠷᠠᠭᠠᠴᠢ ᠶᠢᠨ ᠠᠯᠬᠤᠮ ᠳᠤ ᠲᠠᠩᠰᠠ ᠡᠪᠬᠡᠮᠡᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1