ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠪᠠᠶᠢᠴᠠᠭᠠᠬᠤ ᠳᠤᠭᠤᠶᠢᠯᠠᠩ ᠶᠤᠸᠠᠨ ᠪᠦᠦ ᠱᠠᠨ ᠲᠣᠭᠤᠷᠢᠭ ᠲᠤ ᠢᠷᠡᠵᠦ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2024/5/31
    5 ᠰᠠᠷ᠎ᠠ ᠶᠢᠨ 30᠎ ᠤ ᠡᠳᠦᠷ᠂ ᠤᠯᠠᠭᠠᠨᠬᠠᠳᠠ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ ᠸᠠᠩ ᠭᠦᠸᠧ ᠯᠢᠶᠠᠩ ᠪᠠᠶᠢᠴᠠᠭᠠᠬᠤ ᠳᠤᠭᠤᠶᠢᠯᠠᠩ ᠳᠠᠭᠠᠭᠤᠯᠤᠨ ᠶᠤᠸᠠᠨ ᠪᠦᠦ ᠱᠠᠨ ᠲᠣᠭᠤᠷᠢᠭ ᠲᠤ ᠢᠷᠡᠵᠦ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃ ᠶᠤᠸᠠᠨ ᠪᠦᠦ ᠱᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠪᠣᠯᠤᠨ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠪᠠ᠃
1_副本.jpg
        ᠪᠠᠶᠢᠴᠠᠭᠠᠬᠤ ᠳᠤᠭᠤᠶᠢᠯᠠᠩ ᠤᠷᠢᠳ ᠬᠤᠵᠢᠳ ᠶᠤᠸᠠᠨ ᠪᠦᠦ ᠱᠠᠨ ᠤ ᠭᠦᠸᠧ ᠱᠧᠨ ᠲᠣᠮᠣ ᠠᠰᠠᠷ᠂ ᠰᠢᠨ ᠬᠠᠩ ᠰᠢᠶᠠᠩ ᠭᠠᠷ ᠳᠠᠮᠵᠢᠭᠰᠠᠨ ᠮᠠᠰᠢᠨ ᠲᠡᠷᠭᠡ᠂ ᠯᠢ ᠰᠢᠶᠤᠤ ᠺᠦᠨ ᠬᠠᠶᠠᠭᠳᠠᠮᠠᠯ ᠬᠠᠭᠤᠴᠢᠨ ᠡᠳ᠋ ᠬᠤᠷᠢᠶᠠᠨ ᠠᠪᠬᠤ ᠭᠠᠵᠠᠷ᠂ ᠰᠢᠨ ᠹᠠ ᠳ᠋ᠢ ᠵᠠᠬ᠎ᠠ ᠳᠡᠯᠭᠡᠭᠦᠷ ᠵᠡᠷᠭᠡ ᠠᠵᠤ ᠠᠬᠤᠶᠢᠯᠠᠯ ᠳᠤ ᠬᠦᠷᠴᠦ᠂ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠲᠦᠷᠢᠮ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠵᠤ᠂ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠢ ᠠᠵᠤ ᠠᠬᠤᠶᠢᠯᠠᠯ ᠢ ᠲᠡᠷᠡ ᠳᠠᠷᠤᠶ ᠳᠤᠨᠢ ᠴᠡᠭᠴᠡᠯᠡᠨ ᠰᠠᠶᠢᠵᠢᠷᠠᠭᠤᠯᠵᠤ᠂ ᠠᠮᠤᠷ ᠲᠦᠪᠰᠢᠨ ᠤ ᠭᠡᠮ ᠰᠤᠭᠤᠭ ᠢ ᠠᠷᠢᠯᠭᠠᠬᠤ ᠬᠡᠷᠡᠭᠲᠡᠶ ᠭᠡᠵᠦ ᠱᠠᠭᠠᠷᠳᠠᠪᠠ᠃ ᠪᠠᠶᠢᠴᠠᠭᠠᠬᠤ ᠳᠤᠭᠤᠶᠢᠯᠠᠩ ᠠᠴᠠ᠂ ᠠᠵᠤ ᠠᠬᠤᠶᠢᠯᠠᠯ ᠤᠨ ᠬᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠤᠨ ᠤᠬᠠᠮᠰᠠᠷ᠂ ᠠᠶᠤᠯ ᠲᠦᠭᠰᠢᠭᠦᠷᠢ ᠶᠢᠨ ᠤᠬᠠᠮᠰᠠᠷ ᠪᠣᠯᠤᠨ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠳᠠᠷᠤᠯᠲᠠ ᠶᠢ ᠭᠥᠢᠴᠡᠳ ᠳᠠᠮᠵᠢᠭᠤᠯᠵᠤ ᠂ ᠭᠡᠮ ᠰᠣᠭᠤᠭ ᠢ ᠭᠥᠢᠴᠡᠳ ᠪᠠᠶᠢᠴᠠᠭᠠᠵᠤ᠂ ᠠᠰᠠᠭᠤᠳᠠᠯ ᠢ ᠭᠥᠢᠴᠡᠳ ᠴᠡᠭᠴᠡᠯᠡᠨ ᠰᠠᠶᠢᠵᠢᠷᠠᠭᠤᠯᠵᠤ᠂ ᠡᠳᠦᠷ ᠲᠤᠳᠤᠮ ᠤᠨ ᠡᠵᠡᠩᠨᠡᠯᠲᠡ ᠶᠢᠨ ᠲᠠᠯᠠᠪᠤᠷ ᠤᠨ ᠠᠮᠤᠷ ᠲᠦᠪᠰᠢᠨ ᠳᠤ ᠠᠳᠡᠯ ᠭᠠᠷᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃    ᠳᠠᠷᠠᠭᠠᠴᠢ ᠶᠢᠨ ᠠᠯᠬᠤᠮ ᠳᠤ᠂ ᠶᠤᠸᠠᠨ ᠪᠦᠦ ᠱᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠪᠣᠯᠤᠨ ᠪᠡᠯᠡ ᠣᠷᠣᠭᠤᠯᠤᠯᠲᠠ ᠶᠢ ᠠᠬᠢᠭᠤᠯᠬᠤ ᠲᠤᠪᠴᠢᠶ᠎ᠠ ᠠᠷᠠᠯᠵᠢᠶ᠎ᠠ ᠬᠤᠳᠠᠯᠳᠤᠭᠠᠨ ᠤ ᠬᠦᠷᠢᠶᠡᠨ ᠤ ᠠᠶᠤᠯᠭᠦᠢ ᠦᠢᠯᠡᠳᠪᠦᠷᠢᠯᠡᠯ ᠢ ᠬᠢᠨᠠᠨ ᠵᠢᠯᠣᠭᠤᠳᠴᠤ ᠪᠠᠶᠢᠴᠠᠭᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠰᠠᠭᠤᠷᠢ ᠶᠢ ᠲᠠᠰᠤᠷᠠᠯᠳᠡ ᠦᠭᠡᠢ ᠪᠠᠬᠢᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠦᠭᠡᠢ ᠪᠠᠶᠢᠬᠤ ᠶᠢ ᠪᠠᠲᠤᠯᠠᠨ᠎ᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1