| | | 5 ᠰᠠᠷ᠎ᠠ ᠶᠢᠨ 29 ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠪᠠ ᠪᠠᠯᠠ | ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ | ᠬᠡᠯᠲᠡᠰ᠂ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠪᠠ ᠲᠣᠭᠤᠷᠢᠭ ᠤᠨ ᠡᠪᠯᠡᠯ ᠤᠨ ᠬᠤᠷᠢᠶᠠᠨ ᠤ | ᠡᠷᠭᠢᠯᠡᠭᠰᠡᠨ ᠪᠥᠬᠦ ᠲᠣᠭᠤᠷᠢᠭ ᠤᠨ ᠬᠤᠶᠠᠳᠤᠭᠠᠷ ᠬᠤᠭᠤᠴᠠᠭᠠᠨ ᠤ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ | ᠪᠣᠯᠪᠠᠰᠤᠷᠠᠯ ᠤᠨ ᠠᠩᠭᠢ ᠶᠤᠸᠠᠨ ᠪᠦᠦ ᠱᠠᠨ ᠤ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ | ᠨᠡᠪᠴᠢᠭᠦᠯᠭᠡ ᠶᠢᠨ ᠰᠠᠭᠤᠷᠢᠨ ᠭᠠᠵᠠᠷ ᠲᠤ ᠬᠢᠴᠢᠶᠡᠯ ᠡᠬᠢᠯᠡᠵᠦ᠂ ᠪᠥᠬᠦ ᠲᠣᠭᠤᠷᠢᠭ ᠤᠨ ᠠᠵᠤ ᠠᠬᠤᠶᠢᠯᠠᠯ ᠤᠨ | ᠬᠠᠷᠢᠭᠤᠴᠠᠯᠭᠠᠲᠠᠨ᠂ ᠰᠦᠯᠵᠢᠶᠡᠨ ᠣᠳᠤ᠂ ᠰᠢᠯᠢᠳᠡᠭ ᠡᠯᠧᠺᠳ᠋ᠷᠣᠨ ᠬᠤᠳᠠᠯᠳᠤᠭ᠎ᠠ ᠵᠡᠷᠭᠡ 100 ᠭᠠᠷᠤᠶ ᠬᠥᠮᠥᠰ | ᠣᠷᠤᠯᠴᠠᠪᠠ᠃ | ᠪᠣᠯᠪᠠᠰᠤᠷᠠᠯ ᠤᠨ ᠬᠤᠷᠠᠯ ᠳᠡᠭᠡᠷ᠎ᠡ᠂ ᠬᠢᠴᠢᠶᠡᠯᠯᠡᠭᠴᠢ ᠪᠠᠭᠰᠢ ︽ᠣᠨᠣᠯ + ᠪᠣᠳᠠᠲᠤ ᠠᠵᠢᠯᠯᠠᠭ᠎ᠠ︾ ᠶᠢᠨ | ᠬᠡᠯᠪᠡᠷᠢ ᠪᠠᠷ ᠣᠬᠤᠷ ᠸᠢᠳᠢᠤ᠋ ᠰᠡᠭᠦᠳᠡᠷᠯᠡᠨ ᠨᠠᠶᠢᠷᠠᠭᠤᠯᠬᠤ᠂ ᠣᠬᠤᠷ ᠸᠢᠳᠢᠤ᠋ ᠶᠢᠨ ᠠᠭᠤᠯᠭ᠎ᠠ ᠶᠢ ᠲᠥᠯᠥᠪᠯᠡᠬᠦ᠂ ᠲᠢᠺ | ᠲᠤᠺ ᠸᠢᠳᠢᠣ᠋ ᠨᠡᠶᠢᠲᠡᠯᠡᠬᠦ᠂ ᠢᠵᠢᠯ ᠬᠤᠲᠠ ᠶᠢᠨ ᠪᠠᠭᠠᠵᠢ ᠶᠢ ᠬᠡᠷᠡᠭᠯᠡᠬᠦ ᠵᠡᠷᠭᠡ ᠠᠭᠤᠯᠭ᠎ᠠ ᠳᠤ ᠴᠢᠭᠯᠡᠭᠦᠯᠦᠨ ᠨᠠᠷᠢᠨ | ᠲᠠᠶᠢᠯᠤᠮᠵᠢ ᠬᠢᠭᠰᠡᠨ ᠪᠥᠭᠡᠳ ᠰᠤᠷᠤᠯᠴᠠᠭᠴᠢᠳ ᠤᠨ ᠮᠠᠳᠠᠭ ᠲᠠᠢ ᠠᠰᠠᠭᠤᠯᠲᠠ ᠨᠤᠭᠤᠳ ᠢ ᠨᠢᠭᠤᠷᠳᠠᠨ | ᠲᠠᠶᠢᠯᠪᠤᠷᠢᠯᠠᠨ ᠥᠭᠴᠦ᠂ ᠰᠤᠷᠤᠯᠴᠠᠭᠴᠢᠳ ᠤᠨ ᠡᠯᠧᠺᠳ᠋ᠷᠣᠨ ᠬᠤᠳᠠᠯᠳᠤᠭᠠᠨ ᠤ ᠬᠡᠷᠡᠭᠯᠡᠭᠡᠨ ᠤ ᠤᠷ᠎ᠠ ᠴᠢᠳᠠᠪᠤᠷᠢ ᠶᠢ | ᠣᠯᠠᠨ ᠲᠠᠯ᠎ᠠ ᠪᠠᠷ ᠳᠡᠭᠡᠭᠰᠢᠯᠡᠭᠦᠯᠪᠡ᠃ | | | | ᠲᠣᠰ ᠤᠳᠠᠭᠠᠨ ᠤ ᠪᠣᠯᠪᠠᠰᠤᠷᠠᠯ ᠤᠨ ᠵᠣᠷᠢᠯᠭ᠎ᠠ ᠨᠢ ᠪᠥᠬᠦ ᠲᠣᠭᠤᠷᠢᠭ ᠤᠨ ᠡᠯᠧᠺᠳ᠋ᠷᠣᠨ ᠬᠤᠳᠠᠯᠳᠤᠭᠠᠨ ᠤ | ᠶᠠᠪᠤᠳᠠᠯ ᠤᠨ ᠠᠵᠢᠯ ᠡᠷᠭᠢᠯᠡᠭᠰᠡᠳ ᠤᠨ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ | ᠡᠯᠧᠺᠳ᠋ᠷᠣᠨ ᠬᠤᠳᠠᠯᠳᠤᠭᠠᠨ ᠤ ᠴᠢᠳᠠᠪᠤᠷᠢᠲᠠᠨ ᠤ ᠡᠩᠨᠡᠭᠡ ᠶᠢ ᠪᠤᠵᠠᠭᠠᠶᠢᠷᠠᠭᠤᠯᠤᠨ᠂ ᠤᠯᠠᠮᠵᠢᠯᠠᠯᠲᠤ ᠠᠷᠠᠯᠵᠢᠶ᠎ᠠ | ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠬᠤᠪᠢᠷᠠᠯᠲᠠ ᠪᠠᠷ ᠲᠠᠰ | ᠳᠡᠪᠰᠢᠬᠦ ᠶᠢ ᠵᠣᠷᠢᠭᠵᠢᠭᠤᠯᠬᠤ ᠶᠢᠨ ᠲᠥᠯᠥᠭᠡ ᠶᠤᠮ᠃ ᠰᠤᠷᠤᠯᠴᠠᠭᠴᠢᠳ᠂ ᠲᠤᠰ ᠤᠳᠠᠭᠠᠨ ᠤ ᠪᠣᠯᠪᠠᠰᠤᠷᠠᠯ ᠤᠨ | ᠠᠩᠭᠢ ᠳᠤ ᠣᠷᠤᠯᠴᠠᠭᠠᠳ ᠡᠯᠧᠺᠳ᠋ᠷᠣᠨ ᠬᠤᠳᠠᠯᠳᠤᠭᠠᠨ ᠤ ᠬᠥᠭᠵᠢᠯᠲᠡ ᠶᠢᠨ ᠰᠢᠨ᠎ᠡ ᠣᠶᠢᠯᠠᠭᠠᠭᠳᠠᠬᠤᠨ ᠲᠠᠢ ᠪᠣᠯᠵᠤ | ᠂ ᠠᠵᠢᠯ ᠣᠯᠵᠤ ᠦᠢᠯᠡᠰ ᠪᠤᠰᠬᠠᠬᠤ ᠤᠷ᠎ᠠ ᠴᠢᠳᠠᠪᠤᠷᠢ ᠳᠡᠭᠡᠭᠰᠢᠯᠡᠪᠡ ᠭᠡᠵᠦ ᠢᠯᠡᠳᠬᠡᠵᠡᠭᠡᠨ᠎ᠡ᠃ | ᠳᠠᠷᠠᠭᠠᠴᠢ ᠶᠢᠨ ᠠᠯᠬᠤᠮ ᠳᠤ᠂ ᠶᠤᠸᠠᠨ ᠪᠦᠦ ᠱᠠᠨ ᠲᠣᠭᠤᠷᠢᠭ ᠵᠠᠰᠠᠭ ᠤᠨ ᠣᠷᠳᠣᠨ ᠤ ᠦᠢᠯᠡᠴᠢᠯᠡᠭᠡᠨ ᠤ | ᠠᠵᠢᠯ ᠢ ᠦᠷᠭᠦᠯᠵᠢᠯᠡᠨ ᠴᠢᠩᠭᠠᠳᠬᠠᠵᠤ᠂ ᠡᠯᠧᠺᠳ᠋ᠷᠣᠨ ᠬᠤᠳᠠᠯᠳᠤᠭᠠᠨ ᠤ ᠴᠢᠳᠠᠪᠤᠷᠢᠲᠠᠨ ᠢ ᠲᠡᠳᠬᠦᠬᠦ ᠡᠷᠴᠢᠮ ᠢᠶᠠᠨ | ᠴᠢᠩᠭᠠᠷᠠᠭᠤᠯᠵᠤ᠂ ᠠᠵᠤ ᠦᠢᠯᠡᠰ ᠤᠨ ᠬᠡᠯᠪᠡᠷᠢ ᠶᠢᠨ ᠰᠢᠭᠤᠳ ᠨᠡᠪᠲᠡᠷᠡᠭᠦᠯᠭᠡ ᠶᠢᠨ ᠠᠮᠢ ᠠᠬᠤᠢ ᠶᠢᠨ | ᠬᠥᠭᠵᠢᠯᠲᠡ ᠶᠢᠨ ᠰᠦᠪᠡᠭᠴᠢᠯᠡᠯᠲᠡ ᠶᠢ ᠲᠠᠰᠤᠷᠠᠯᠲᠠ ᠦᠭᠡᠢ ᠬᠢᠵᠦ᠂ ᠪᠦᠬᠦ ᠲᠣᠭᠤᠷᠢᠭ ᠤᠨ ᠤᠯᠠᠨ ᠲᠦᠮᠡᠨ ᠤ | ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠠᠬᠢᠭᠤᠯᠤᠨ᠎ᠠ᠃ | |