ᠶᠤᠸᠠᠨ ᠪᠤᠤ ᠱᠠᠨ ᠲᠣᠭᠤᠷᠢᠭ ᠤᠨ ᠬᠤᠶᠠᠳᠤᠭᠠᠷ ᠬᠤᠭᠤᠴᠠᠭᠠᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠪᠣᠯᠪᠠᠰᠤᠷᠠᠯ ᠤᠨ ᠠᠩᠭᠢ ᠡᠬᠢᠯᠡᠪᠡ
ᠨᠡᠶᠢᠲᠡᠯᠡᠭᠰᠡᠨ ᠴᠠᠭ᠄
2024/5/31
   
1_副本.jpg
       5 ᠰᠠᠷ᠎ᠠ ᠶᠢᠨ 29᠎ ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠪᠠ ᠲᠣᠭᠤᠷᠢᠭ ᠤᠨ ᠡᠪᠯᠡᠯ ᠤᠨ ᠬᠤᠷᠢᠶᠠᠨ ᠤ ᠡᠷᠭᠢᠯᠡᠭᠰᠡᠨ ᠪᠥᠬᠦ ᠲᠣᠭᠤᠷᠢᠭ ᠤᠨ ᠬᠤᠶᠠᠳᠤᠭᠠᠷ ᠬᠤᠭᠤᠴᠠᠭᠠᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠪᠣᠯᠪᠠᠰᠤᠷᠠᠯ ᠤᠨ ᠠᠩᠭᠢ ᠶᠤᠸᠠᠨ ᠪᠦᠦ ᠱᠠᠨ ᠤ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠨᠡᠪᠴᠢᠭᠦᠯᠭᠡ ᠶᠢᠨ ᠰᠠᠭᠤᠷᠢᠨ ᠭᠠᠵᠠᠷ ᠲᠤ ᠬᠢᠴᠢᠶᠡᠯ ᠡᠬᠢᠯᠡᠵᠦ᠂ ᠪᠥᠬᠦ ᠲᠣᠭᠤᠷᠢᠭ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠰᠦᠯᠵᠢᠶᠡᠨ ᠣᠳᠤ᠂ ᠰᠢᠯᠢᠳᠡᠭ ᠡᠯᠧᠺᠲᠷᠣᠨ ᠬᠤᠳᠠᠯᠳᠤᠭ᠎ᠠ ᠵᠡᠷᠭᠡ 100 ᠭᠠᠷᠤᠶ ᠬᠥᠮᠥᠰ ᠣᠷᠤᠯᠴᠠᠪᠠ᠃    ᠪᠣᠯᠪᠠᠰᠤᠷᠠᠯ ᠤᠨ ᠬᠤᠷᠠᠯ ᠳᠡᠭᠡᠷ᠎ᠡ᠂ ᠬᠢᠴᠢᠶᠡᠯᠯᠡᠭᠴᠢ ᠪᠠᠭᠰᠢ ︽ᠣᠨᠣᠯ + ᠪᠣᠳᠠᠲᠤ ᠠᠵᠢᠯᠯᠠᠭ᠎ᠠ︾᠎ ᠶᠢᠨ ᠬᠡᠯᠪᠡᠷᠢ ᠪᠠᠷ ᠣᠬᠤᠷ ᠸᠢᠳᠢᠤ᠋ ᠰᠡᠭᠦᠳᠡᠷᠯᠡᠨ ᠨᠠᠶᠢᠷᠠᠭᠤᠯᠬᠤ᠂ ᠣᠬᠤᠷ ᠸᠢᠳᠢᠤ᠋ ᠶᠢᠨ ᠠᠭᠤᠯᠭ᠎ᠠ ᠶᠢ ᠲᠥᠯᠥᠪᠯᠡᠬᠦ᠂ ᠲᠢᠺ ᠲᠤᠺ ᠸᠢᠳᠢᠣ᠋ ᠨᠡᠶᠢᠲᠡᠯᠡᠬᠦ᠂ ᠢᠵᠢᠯ ᠬᠤᠲᠠ ᠶᠢᠨ ᠪᠠᠭᠠᠵᠢ ᠶᠢ ᠬᠡᠷᠡᠭᠯᠡᠬᠦ ᠵᠡᠷᠭᠡ ᠠᠭᠤᠯᠭ᠎ᠠ ᠳᠤ ᠴᠢᠭᠯᠡᠭᠦᠯᠦᠨ ᠨᠠᠷᠢᠨ ᠲᠠᠶᠢᠯᠤᠮᠵᠢ ᠬᠢᠭᠰᠡᠨ ᠪᠥᠭᠡᠳ ᠰᠤᠷᠤᠯᠴᠠᠭᠴᠢᠳ ᠤᠨ ᠮᠠᠳᠠᠭ ᠲᠠᠢ ᠠᠰᠠᠭᠤᠯᠲᠠ ᠨᠤᠭᠤᠳ ᠢ ᠨᠢᠭᠤᠷᠳᠠᠨ ᠲᠠᠶᠢᠯᠪᠤᠷᠢᠯᠠᠨ ᠥᠭᠴᠦ᠂ ᠰᠤᠷᠤᠯᠴᠠᠭᠴᠢᠳ ᠤᠨ ᠡᠯᠧᠺᠲᠷᠣᠨ ᠬᠤᠳᠠᠯᠳᠤᠭᠠᠨ ᠤ ᠬᠡᠷᠡᠭᠯᠡᠭᠡᠨ ᠤ ᠤᠷ᠎ᠠ ᠴᠢᠳᠠᠪᠤᠷᠢ ᠶᠢ ᠣᠯᠠᠨ ᠲᠠᠯ᠎ᠠ ᠪᠠᠷ ᠳᠡᠭᠡᠭᠰᠢᠯᠡᠭᠦᠯᠪᠡ᠃
2_副本.jpg
        ᠲᠣᠰ ᠤᠳᠠᠭᠠᠨ ᠤ ᠪᠣᠯᠪᠠᠰᠤᠷᠠᠯ ᠤᠨ ᠵᠣᠷᠢᠯᠭ᠎ᠠ ᠨᠢ ᠪᠥᠬᠦ ᠲᠣᠭᠤᠷᠢᠭ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠢᠯ ᠡᠷᠭᠢᠯᠡᠭᠰᠡᠳ ᠤᠨ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠡᠯᠧᠺᠲᠷᠣᠨ ᠬᠤᠳᠠᠯᠳᠤᠭᠠᠨ ᠤ ᠴᠢᠳᠠᠪᠤᠷᠢᠲᠠᠨ ᠤ ᠡᠩᠨᠡᠭᠡ ᠶᠢ ᠪᠤᠵᠠᠭᠠᠶᠢᠷᠠᠭᠤᠯᠤᠨ᠂ ᠤᠯᠠᠮᠵᠢᠯᠠᠯᠲᠤ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠬᠤᠪᠢᠷᠠᠯᠲᠠ ᠪᠠᠷ ᠲᠠᠰ ᠳᠡᠪᠰᠢᠬᠦ ᠶᠢ ᠵᠣᠷᠢᠭᠵᠢᠭᠤᠯᠬᠤ ᠶᠢᠨ ᠲᠥᠯᠥᠭᠡ ᠶᠤᠮ᠃ ᠰᠤᠷᠤᠯᠴᠠᠭᠴᠢᠳ᠂ ᠲᠤᠰ ᠤᠳᠠᠭᠠᠨ ᠤ ᠪᠣᠯᠪᠠᠰᠤᠷᠠᠯ ᠤᠨ ᠠᠩᠭᠢ ᠳᠤ ᠣᠷᠤᠯᠴᠠᠭᠠᠳ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢᠨ ᠰᠢᠨ᠎ᠡ ᠣᠶᠢᠯᠠᠭᠠᠭᠳᠠᠬᠤᠨ ᠲᠠᠢ ᠪᠣᠯᠵᠤ ᠂ ᠠᠵᠢᠯ ᠣᠯᠵᠤ ᠦᠢᠯᠡᠰ ᠪᠤᠰᠬᠠᠬᠤ ᠤᠷ᠎ᠠ ᠴᠢᠳᠠᠪᠤᠷᠢ ᠳᠡᠭᠡᠭᠰᠢᠯᠡᠪᠡ ᠭᠡᠵᠦ ᠢᠯᠡᠳᠬᠡᠵᠡᠭᠡᠨ᠎ᠡ᠃    ᠳᠠᠷᠠᠭᠠᠴᠢ ᠶᠢᠨ ᠠᠯᠬᠤᠮ ᠳᠤ᠂ ᠶᠤᠸᠠᠨ ᠪᠦᠦ ᠱᠠᠨ ᠲᠣᠭᠤᠷᠢᠭ ᠵᠠᠰᠠᠭ ᠤᠨ ᠣᠷᠳᠣᠨ ᠤ ᠦᠢᠯᠡᠴᠢᠯᠡᠭᠡᠨ ᠤ ᠠᠵᠢᠯ ᠢ ᠦᠷᠭᠦᠯᠵᠢᠯᠡᠨ ᠴᠢᠩᠭᠠᠳᠬᠠᠵᠤ᠂ ᠡᠯᠧᠺᠲᠷᠣᠨ ᠬᠤᠳᠠᠯᠳᠤᠭᠠᠨ ᠤ ᠴᠢᠳᠠᠪᠤᠷᠢᠲᠠᠨ ᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠠᠵᠤ ᠦᠢᠯᠡᠰ ᠤᠨ ᠬᠡᠯᠪᠡᠷᠢ ᠶᠢᠨ ᠰᠢᠭᠤᠳ ᠨᠡᠪᠲᠡᠷᠡᠭᠦᠯᠭᠡ ᠶᠢᠨ ᠠᠮᠢ ᠠᠬᠤᠢ ᠶᠢᠨ ᠬᠥᠭᠵᠢᠯᠲᠡ ᠶᠢᠨ ᠰᠦᠪᠡᠭᠴᠢᠯᠡᠯᠲᠡ ᠶᠢ ᠲᠠᠰᠤᠷᠠᠯᠲᠠ ᠦᠭᠡᠢ ᠬᠢᠵᠦ᠂ ᠪᠦᠬᠦ ᠲᠣᠭᠤᠷᠢᠭ ᠤᠨ ᠤᠯᠠᠨ ᠲᠦᠮᠡᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠠᠬᠢᠭᠤᠯᠤᠨ᠎ᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1