ᠵᠠᠩ ᡁᠢ ᠸᠧᠶ ᠶᠤᠸᠠᠨ ᠪᠦᠦ ᠱᠠᠨ ᠤ ᠠᠵᠤ ᠦᠢᠯᠡᠰ ᠤᠨ ᠬᠦᠷᠢᠶᠡᠯᠡᠩ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠣᠳᠤᠯᠪᠠ
ᠨᠡᠶᠢᠲᠡᠯᠡᠭᠰᠡᠨ ᠴᠠᠭ᠄
2024/5/7
    5 ᠰᠠᠷ᠎ᠠ ᠶᠢᠨ 6᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ ᠶᠤᠸᠠᠨ ᠪᠦᠦ ᠱᠠᠨ ᠤ ᠠᠵᠤ ᠦᠢᠯᠡᠰ ᠤᠨ ᠬᠦᠷᠢᠶᠡᠯᠡᠩ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠣᠳᠤᠯᠪᠠ᠃    ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ᠂ ᠶᠤᠸᠠᠨ ᠪᠦᠦ ᠱᠠᠨ ᠤ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠬᠡᠷ ᠤᠨ ᠡᠷᠬᠢᠯᠡᠭᠴᠢ ᠯᠢ ᠸᠧᠶ᠂ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ ᠶᠠᠩ ᠰᠢᠨ ᠢᠦᠶ᠂ ᠲᠤᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠪᠠᠯᠭᠠᠰᠤ ᠵᠢᠴᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠪᠠᠶᠢᠴᠠᠭᠠᠨ ᠰᠣᠳᠤᠯᠪᠠ᠃    ᠵᠠᠩ ᡁᠢ ᠸᠧᠢ ᠤᠷᠢᠳ ᠬᠤᠵᠢᠳ ᠶᠤᠸᠠᠨ ᠵᠢᠩ ᠨᠡᠭᠦᠷᠡᠰᠦᠲᠥ᠋ᠷᠥᠭᠴᠢ ᠦᠭᠡᠢ ᠤᠰᠤᠲᠥ᠋ᠷᠥᠭᠴᠢ ᠰᠢᠪᠲᠦᠷ ᠢ ᠨᠢᠭᠡ ᠴᠤᠬᠴᠠᠵᠢᠭᠤᠯᠤᠬᠰᠠᠨ ᠵᠢᠱᠢᠶ᠎ᠡ ᠦᠵᠡᠭᠦᠯᠬᠦ ᠭᠡᠷᠡᠯ ᠴᠡᠨᠡᠭ ᠤᠨ ᠲᠦᠷᠦᠯ ᠵᠦᠢᠯ᠂ ᠮᠦ ᠹᠠᠨ ᠡᠨᠧᠷᠭᠢ ᠶᠢᠨ ᠤᠰᠤᠲᠥ᠋ᠷᠥᠭᠴᠢ ᠰᠢᠪᠲᠦᠷ ᠤᠨ ᠬᠡᠢ ᠲᠦᠷᠪᠢᠨᠲᠤ ᠮᠠᠰᠢᠨ ᠤ ᠳᠤᠭᠤᠶᠢᠯᠠᠩ ᠤᠨ ᠲᠦᠷᠦᠯ ᠵᠦᠢᠯ᠂ ᠱᠥᠨ ᠱᠸᠥ ᠵᠢᠩ ᠲᠥᠩ ᠵᠡᠰ ᠤᠨ ᠬᠠᠶᠢᠯᠤᠰᠢ ᠶᠢ ᠶᠡᠷᠦᠩᠬᠡᠶᠢᠯᠡᠨ ᠠᠰᠢᠭᠯᠠᠬᠤ ᠲᠦᠷᠦᠯ ᠵᠦᠢᠯ ᠵᠢᠴᠢ ᠵᠦᠩ ᠺᠧ ᠿᠥᠨ ᠽᠢ ᠤᠮᠠᠷᠠᠲᠤ ᠶᠢᠨ ᠬᠡᠢ ᠡᠭᠡᠳᠡᠭᠦᠯᠬᠦ ᠴᠠᠪᠠᠤ ᠶᠢᠨ ᠠᠵᠤ ᠦᠢᠯᠡᠰ ᠤᠨ ᠰᠠᠭᠤᠷᠢᠨ ᠭᠠᠵᠠᠷ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠵᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠦᠷᠦᠯ ᠵᠦᠢᠯ ᠤᠨ ᠲᠥᠯᠥᠪᠵᠢᠭᠦᠯᠭᠡ᠂ ᠪᠠᠷᠢᠯᠭ᠎ᠠ ᠶᠢᠨ ᠣᠷᠣᠵᠤ ᠰᠠᠭᠤᠬᠤ᠂ ᠪᠦᠳᠦᠭᠡᠨ ᠪᠠᠶᠢᠭᠤᠯᠤᠯᠲᠠ ᠶᠢᠨ ᠠᠬᠢᠴᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠠᠬᠤᠢ ᠲᠠᠯᠠᠪᠠᠢ ᠳᠤ ᠠᠯᠪᠠᠯᠠᠵᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠴᠢᠷᠳᠡᠯ ᠢ ᠰᠢᠢᠳᠪᠦᠷᠢᠯᠡᠪᠡ᠃    ᠵᠠᠩ ᡁᠢ ᠸᠧᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠢᠭᠲᠠ ᠬᠠᠮᠵᠢᠯᠴᠠᠵᠤ᠂ ᠰᠠᠨᠠᠭᠠᠴᠢᠯᠠᠭ᠎ᠠ ᠠᠴᠠ ᠪᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠮᠤᠭ ᠤᠨ ᠣᠬᠤᠷ ᠬᠤᠭᠤᠴᠠᠭᠠᠨ ᠳᠤ ᠲᠦᠷᠦᠯ ᠵᠦᠢᠯ ᠤᠨ ᠠᠵᠢᠯ ᠡᠬᠢᠯᠡᠬᠦ ᠠᠴᠠ ᠡᠮᠦᠨ᠎ᠡ ᠣᠷᠣᠰᠢᠵᠤ ᠪᠠᠶᠢᠭ᠎ᠠ ᠭᠠᠷ ᠭᠦᠢᠴᠡᠳᠬᠡᠯ ᠢ ᠭᠦᠢᠴᠡᠳᠬᠡᠬᠦ᠂ ᠡᠯᠧᠮᠧᠨ᠋ᠲ ᠢ ᠪᠠᠲᠤᠯᠠᠬᠤ ᠵᠡᠷᠭᠡ ᠲᠠᠯ᠎ᠠ ᠶᠢᠨ ᠠᠰᠠᠭᠤᠳᠠᠯ ᠢ ᠰᠢᠢᠳᠪᠦᠷᠢᠯᠡᠵᠦ᠂ ᠲᠦᠷᠦᠯ ᠵᠦᠢᠯ ᠢ ᠡᠷᠲᠡᠬᠡᠨ ᠡᠬᠢᠯᠡᠭᠦᠯᠬᠦ ᠪᠠᠷ ᠴᠢᠷᠮᠠᠶᠢᠬᠤ ᠬᠡᠷᠡᠭᠲᠡᠢ ᠃ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠲᠠᠢ ᠤᠯᠤᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠣᠶᠢᠯᠠᠭᠠᠵᠤ᠂ ᠠᠵᠤ ᠠᠬᠤᠶᠢᠯᠠᠯ ᠤᠨ ᠬᠥᠭᠵᠢᠯᠲᠡ ᠪᠣᠯᠤᠨ ᠲᠦᠷᠦᠯ ᠵᠦᠢᠯ ᠢ ᠬᠡᠷᠡᠭᠵᠢᠭᠦᠯᠬᠦ ᠪᠦᠬᠦ ᠶᠠᠪᠤᠴᠠ ᠶᠢᠨ ᠲᠣᠭᠤᠷᠢᠨ ᠳᠤ ᠴᠢᠨᠠᠷ ᠰᠠᠶᠢᠲᠠᠢ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ ᠠᠵᠤ ᠠᠬᠤᠶᠢᠯᠠᠯ ᠤᠨ ᠬᠢᠨ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠵᠢᠷᠤᠮᠯᠠᠨ᠂ ᠪᠦᠳᠦᠭᠡᠨ ᠪᠠᠶᠢᠭᠤᠯᠤᠯᠲᠠ ᠶᠢᠨ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠵᠦ᠂ ᠲᠦᠷᠦᠯ ᠵᠦᠢᠯ ᠢ ᠡᠷᠲᠡ ᠠᠵᠢᠯ ᠡᠬᠢᠯᠡᠭᠦᠯᠵᠦ᠂ ᠡᠷᠲᠡ ᠠᠰᠢᠭᠯᠠᠯᠲᠠ ᠳᠤ ᠣᠷᠣᠭᠤᠯᠵᠤ᠂ ᠡᠷᠲᠡ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠵᠠᠢ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1