ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠪᠢᠴᠢᠭ ᠮᠠᠲ᠋ᠧᠷᠢᠶᠠᠯ | ᠶᠤᠸᠠᠨ ᠪᠣᠥ ᠱᠠᠨ ᠵᠠᠰᠠᠭ ᠠᠯᠪᠠᠨ ᠥᠰᠥᠭ 2024〔11 ᠳ᠋ᠣᠭᠡᠷ ᠲᠣᠭᠠᠲᠤ〕 | | ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ | ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠵᠥᠪᠯᠡᠯ ᠠᠯᠪᠠᠨ ᠭᠡᠷ ᠲᠣᠪᠴᠢᠶ᠎ᠠ ᠳᠤ᠄ | ᠡᠳᠦᠭᠡ ᠶᠤᠸᠠᠨ ᠪᠦᠦ ᠱᠠᠨ ᠲᠣᠭᠤᠷᠢᠭ ᠤᠨ ᠭᠠᠵᠠᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ | ᠪᠡᠯᠡᠳᠬᠡᠯ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ | ᠬᠢᠨᠠᠮᠠᠭᠠᠶ ᠰᠠᠶᠢᠲᠤᠷ ᠠᠳᠬᠤᠲᠤᠭᠠᠶ᠃ | 2024 ᠣᠨ ᠤ 4 ᠰᠠᠷ᠎ᠠ ᠶᠢᠨ 30 ᠤ ᠡᠳᠦᠷ | | ᠶᠤᠸᠠᠨ ᠪᠦᠦ ᠱᠠᠨ ᠲᠣᠭᠤᠷᠢᠭ ᠤᠨ ᠭᠡᠨᠡᠳᠲᠡ ᠡᠭᠦᠰᠦᠭᠰᠡᠨ ᠭᠠᠵᠠᠷ ᠤᠨ ᠭᠠᠮᠰᠢᠭ ᠤᠨ ᠪᠠᠴᠢᠮ ᠪᠠᠶᠢᠳᠠᠯ ᠢ | ᠠᠷᠭᠠᠴᠠᠭᠠᠬᠤ ᠪᠡᠯᠡᠳᠬᠡᠯ ᠲᠥᠰᠦᠯ | | ᠨᠢᠭᠡ᠂ ᠶᠡᠷᠦᠩᠬᠡᠢ ᠲᠦᠷᠢᠮ | ︵ᠨᠢᠭᠡ︶ ᠨᠠᠶᠢᠷᠠᠭᠤᠯᠤᠨ ᠵᠣᠬᠢᠶᠠᠬᠤ ᠵᠣᠷᠢᠯᠭ᠎ᠠ ᠪᠠ ᠦᠨᠳᠦᠰᠦᠯᠡᠯ | ᠭᠡᠨᠡᠳᠲᠡ ᠶᠢᠨ ᠭᠠᠵᠠᠷ ᠤᠨ ᠭᠠᠶ ᠭᠠᠮᠰᠢᠭ ᠢ ᠠᠷᠭᠠᠴᠠᠭᠠᠬᠤ ᠪᠠ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ | ᠭᠡᠨᠡᠳᠲᠡ ᠶᠢᠨ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠪᠠᠴᠢᠮ ᠪᠠᠶᠢᠳᠠᠯ ᠢ ᠠᠷᠭᠠᠴᠠᠬᠤ ᠠᠵᠢᠯ ᠤᠨ | ᠥᠨᠳᠥᠷ ᠪᠦᠲᠦᠮᠵᠢᠲᠡᠶ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠵᠤ᠂ ᠭᠠᠮᠰᠢᠭ ᠠᠴᠠ ᠪᠣᠯᠵᠣ ᠬᠤᠬᠢᠷᠠᠯ | ᠤᠴᠠᠷᠠᠭᠤᠯᠬᠤ ᠠᠴᠠ ᠵᠠᠶᠢᠯᠠᠰᠬᠢᠬᠦ ᠪᠤᠶᠤ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠠᠷᠠᠳ ᠲᠦᠮᠡᠨ ᠤ ᠠᠮᠢ | ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠶᠢᠨ | ᠲᠥᠯᠥᠭᠡ ᠶᠤᠮ᠃ | ︽ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠲᠦᠷᠢᠮ︾ ︽ᠤᠯᠤᠰ ᠤᠨ ᠭᠡᠨᠡᠳᠲᠡ ᠶᠢᠨ ᠭᠠᠵᠠᠷ ᠤᠨ | ᠭᠠᠶ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ︾ ᠢ ᠦᠨᠳᠦᠰᠦᠯᠡᠨ ᠮᠠᠨ ᠤ ᠣᠷᠣᠨ ᠤ | ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠪᠡᠯᠡᠳᠬᠡᠯ ᠲᠥᠰᠦᠯ ᠢ ᠣᠨᠴᠠᠭᠠᠶᠢᠯᠠᠨ ᠲᠣᠭᠲᠠᠭᠠᠪᠠ᠃ | ︵ᠬᠤᠶᠠᠷ︶ ᠲᠤᠬᠢᠷᠠᠬᠤ ᠬᠡᠪᠴᠢᠶ᠎ᠠ | ᠲᠣᠰ ᠪᠡᠯᠡᠳᠬᠡᠯ ᠲᠥᠰᠦᠯ ᠨᠢ ᠲᠣᠰ ᠣᠷᠣᠨ ᠤ ᠬᠢᠯᠢ ᠳᠣᠲᠣᠷᠠᠬᠢ ᠪᠠᠶᠢᠭᠠᠯᠢ ᠶᠢᠨ ᠬᠦᠴᠦᠨ ᠵᠦᠢᠯ ᠪᠤᠶᠤ | ᠵᠣᠷᠢᠭᠤᠳᠠ ᠶᠢᠨ ᠠᠵᠢᠯᠯᠠᠭ᠎ᠠ ᠠᠴᠠ ᠪᠣᠯᠤᠭᠰᠠᠨ ᠠᠷᠠᠳ ᠲᠦᠮᠡᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ | ᠲᠦᠪᠰᠢᠨ ᠳᠤ ᠬᠤᠤᠷ ᠬᠥᠨᠥᠭᠡᠯ ᠤᠴᠠᠷᠠᠭᠤᠯᠤᠭᠰᠠᠨ ᠠᠭᠤᠯᠠ ᠨᠤᠷᠠᠬᠤ᠂ ᠶᠡᠭᠦᠷᠡᠬᠦ᠂ ᠰᠢᠪᠠᠷ ᠴᠢᠯᠠᠭᠤᠨ ᠤ | ᠤᠷᠤᠰᠬᠠᠯ᠂ ᠭᠠᠵᠠᠷ ᠤᠨ ᠭᠠᠳᠠᠷᠭᠤ ᠴᠥᠮᠥᠷᠡᠬᠦ ᠵᠡᠷᠭᠡ ᠭᠠᠵᠠᠷ ᠰᠢᠨᠵᠢᠯᠡᠭᠡᠨ ᠤ ᠦᠶ᠋ᠯᠡᠳᠦᠯ ᠲᠠᠢ ᠬᠤᠯᠪᠣᠭᠳᠠᠬᠤ | ᠭᠠᠵᠠᠷ ᠰᠢᠨᠵᠢᠯᠡᠭᠡᠨ ᠤ ᠭᠠᠶ ᠭᠠᠮᠰᠢᠭ ᠢ ᠰᠢᠢᠳᠪᠦᠷᠢᠯᠡᠬᠦ ᠳᠤ ᠳᠣᠭᠢᠷᠠᠨ᠎ᠠ᠃ | ︵ᠭᠤᠷᠪᠠ︶ ᠠᠵᠢᠯ ᠤᠨ ᠵᠠᠷᠴᠢᠮ | ᠰᠡᠷᠭᠡᠶᠢᠯᠡᠬᠦ ᠪᠠᠷ ᠭᠤᠣᠯ ᠪᠣᠯᠭᠠᠵᠤ᠂ ᠬᠥᠮᠦᠨ ᠢᠶᠠᠷ ᠦᠨᠳᠦᠰᠦ ᠪᠣᠯᠭᠠᠨ᠎ᠠ᠃ ᠤᠯᠠᠨ ᠢᠶᠠᠷ ᠢᠶᠠᠨ ᠬᠡᠮᠵᠢᠵᠦ | ᠤᠯᠠᠨ ᠢᠶᠠᠷ ᠢᠶᠠᠨ ᠰᠡᠷᠭᠡᠶᠢᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠭᠡᠨᠡᠳᠲᠡ ᠶᠢᠨ ᠭᠠᠵᠠᠷ ᠤᠨ | ᠭᠠᠮᠰᠢᠭ ᠠᠴᠠ ᠪᠣᠯᠤᠭᠰᠠᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠠᠷᠠᠳ ᠤᠯᠠᠨ ᠤ ᠠᠮᠢ | ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠶᠢ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ | ᠡᠭᠦᠰᠭᠡᠯ ᠪᠠ ᠲᠡᠭᠦᠰᠬᠡᠯ ᠪᠣᠯᠭᠠᠨ᠎ᠠ᠃ | ᠨᠢᠭᠡᠳᠦᠯᠲᠡᠢ ᠤᠳᠤᠷᠢᠳᠴᠤ᠂ ᠠᠵᠢᠯ ᠬᠤᠪᠢᠶᠠᠨ ᠬᠠᠷᠢᠭᠤᠴᠠᠵᠤ᠃ ᠲᠤᠭᠤᠷᠢᠭ ᠤᠨ ᠨᠠᠮ ᠤᠨ ᠬᠤᠷᠢᠶ᠎ᠠ᠂ | ᠲᠤᠭᠤᠷᠢᠭ ᠤᠨ ᠵᠠᠰᠠᠭ ᠤᠨ ᠣᠷᠳᠣᠨ ᠤ ᠨᠢᠭᠡᠳᠦᠯᠲᠡᠶ ᠤᠳᠤᠷᠢᠳᠤᠯᠭ᠎ᠠ ᠳᠣᠤᠷ᠎ᠠ᠂ ᠲᠤᠭᠤᠷᠢᠭ ᠤᠨ ᠵᠠᠰᠠᠭ ᠤᠨ | ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠨᠢᠭᠲᠠ ᠬᠠᠮᠵᠢᠯᠴᠠᠨ᠂ | ᠭᠡᠨᠡᠳᠲᠡ ᠶᠢᠨ ᠭᠠᠵᠠᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠨ ᠰᠡᠷᠭᠡᠶᠢᠯᠡᠨ ᠵᠠᠰᠠᠬᠤ ᠠᠵᠢᠯ ᠢ | ᠬᠠᠮᠲᠤᠪᠠᠷ ᠰᠠᠶᠢᠲᠤᠷ ᠬᠢᠬᠦ ᠬᠡᠷᠡᠭᠲᠡᠶ᠃ | ᠱᠠᠲᠤ ᠬᠤᠪᠢᠶᠠᠨ ᠬᠠᠮᠢᠶᠠᠷᠴᠤ᠂ ᠬᠠᠷᠢᠶ᠎ᠠ ᠣᠷᠣᠨ ᠢᠶᠠᠷ ᠭᠤᠣᠯ ᠪᠣᠯᠭᠠᠨ᠎ᠠ᠃ ᠭᠠᠮᠰᠢᠭ ᠤᠨ ᠳᠡᠰ ᠬᠤᠪᠢᠶᠠᠨ | ᠬᠠᠮᠢᠶᠠᠷᠬᠤ᠂ ᠰᠢᠰᠲ᠋ᠧᠮ ᠪᠠ ᠬᠡᠰᠡᠭ ᠢ ᠤᠶᠠᠯᠳᠤᠭᠤᠯᠤᠭᠰᠠᠨ᠂ ᠬᠡᠷᠡᠭ ᠭᠠᠷᠤᠭᠰᠠᠨ ᠭᠠᠵᠠᠷ ᠤᠨ ᠵᠠᠰᠠᠭ ᠤᠨ | ᠣᠷᠳᠣᠨ ᠢᠶᠠᠷ ᠭᠤᠤᠯ ᠪᠣᠯᠭᠠᠭᠰᠠᠨ ᠬᠠᠮᠢᠶᠠᠷᠤᠯᠲᠠ ᠶᠢᠨ ᠪᠠᠶᠢᠭᠤᠯᠤᠯ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ | ᠬᠤᠶᠠᠷ᠂ ᠵᠣᠬᠢᠶᠠᠨ ᠪᠠᠶᠢᠭᠤᠯᠤᠨ ᠵᠢᠯᠣᠭᠤᠳᠬᠤ ᠰᠢᠰᠲ᠋ᠧᠮᠵᠢ ᠪᠠ ᠡᠭᠦᠷᠭᠡ ᠬᠠᠷᠢᠭᠤᠴᠠᠯᠭ᠎ᠠ | ᠲᠣᠰ ᠲᠣᠭᠤᠷᠢᠭ ᠤᠨ ᠬᠢᠯᠢ ᠳᠣᠲᠣᠷ᠎ᠠ ᠭᠠᠵᠠᠷ ᠤᠨ ᠭᠠᠶ ᠭᠠᠮᠰᠢᠭ ᠤᠨ ᠪᠠᠶᠢᠳᠠᠯ ᠪᠤᠶᠤ ᠲᠦᠭᠰᠢᠭᠦᠷᠢᠲᠦ | ᠪᠠᠶᠢᠳᠠᠯ ᠡᠭᠦᠰᠬᠦ ᠦᠶ᠎ᠡ ᠳᠤ᠂ ᠲᠣᠭᠤᠷᠢᠭ ᠤᠨ ᠵᠠᠰᠠᠭ ᠤᠨ ᠣᠷᠳᠣᠨ ᠭᠠᠵᠠᠷ ᠤᠨ ᠭᠠᠶ ᠭᠠᠮᠰᠢᠭ ᠠᠴᠠ ᠠᠪᠤᠷᠠᠨ | ᠭᠠᠮᠰᠢᠭ ᠠᠴᠠ ᠠᠪᠤᠷᠬᠠᠤ ᠬᠡᠷᠡᠭᠴᠡᠭᠡ ᠶᠢ ᠦᠨᠳᠦᠰᠦᠯᠡᠨ ᠶᠤᠸᠠᠨ ᠪᠦᠦ ᠱᠠᠨ ᠲᠣᠭᠤᠷᠢᠭ ᠤᠨ ᠭᠠᠵᠠᠷ ᠤᠨ ᠭᠠᠶ | ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠰᠡᠷᠭᠡᠶᠢᠯᠡᠨ ᠵᠠᠰᠠᠬᠤ ᠵᠢᠯᠣᠭᠤᠳᠬᠤ ᠭᠠᠵᠠᠷ ︵ᠳᠣᠷᠣᠭᠰᠢ | ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠭᠡᠵᠦ ᠲᠣᠪᠴᠢᠯᠠᠨ᠎ᠠ︶ ᠢ ᠪᠠᠶᠢᠭᠤᠯᠵᠤ᠂ | ᠭᠠᠵᠠᠷ ᠤᠨ ᠭᠠᠶ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠵᠤ ᠰᠡᠷᠭᠡᠶᠢᠯᠡᠨ ᠵᠠᠰᠠᠬᠤ ᠠᠵᠢᠯ ᠤᠨ ᠵᠢᠯᠣᠭᠤᠳᠣᠯᠭ᠎ᠠ | ᠪᠠ ᠪᠠᠶᠢᠷᠢᠯᠠᠭᠤᠯᠤᠯᠲᠠ ᠶᠢ ᠬᠠᠷᠢᠭᠤᠴᠠᠨ᠎ᠠ᠃ | ︵ᠨᠢᠭᠡ︶ ᠲᠣᠭᠤᠷᠢᠭ ᠤᠨ ᠪᠠᠴᠢᠮ ᠪᠠᠢᠳᠠᠯ ᠢ ᠠᠷᠭᠠᠴᠠᠬᠤ ᠵᠢᠯᠣᠭᠤᠳᠬᠤ ᠭᠠᠵᠠᠷ | ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠪᠦᠷᠢᠯᠳᠦᠯ᠄ | ᠡᠷᠬᠢᠯᠡᠭᠴᠢ᠄ ᠯᠢ ᠸᠧᠶ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠨᠡᠷ᠎ᠡ ᠳᠤᠷᠠᠳᠤᠭᠳᠠᠭᠰᠠᠨ | ᠵᠢᠱᠢᠭᠳᠡᠭᠴᠢ᠂ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ᠂ ᠶᠤᠸᠠᠨ ᠪᠦᠦ ᠱᠠᠨ ᠤ ᠠᠵᠤ ᠦᠢᠯᠡᠰ | ᠴᠡᠴᠡᠷᠯᠢᠭ ᠤᠨ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ | ᠳᠡᠳ᠋ ᠡᠷᠬᠢᠯᠡᠭᠴᠢ᠄ ᠯᠢ ᠭᠦᠸᠧ ᡁᠢ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ | ᠲᠣᠪᠴᠢᠶᠠᠨ ᠤ ᠳᠠᠷᠤᠭ᠎ᠠ | ᠯᠢ ᠰᠢᠶᠤᠤ ᠶᠠᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ | ᠳᠠᠷᠤᠭ᠎ᠠ | ᠪᠦᠷᠢᠯᠳᠦᠭᠦᠨ᠄ ᠲᠤᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠤᠰᠤᠨ ᠠᠰᠢᠭᠯᠠᠯᠲᠠ ᠶᠢᠨ ᠲᠣᠪᠴᠢᠶ᠎ᠠ᠂ ᠵᠠᠮ ᠲᠡᠭᠡᠭᠡᠪᠦᠷᠢ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ | ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠰᠣᠶᠣᠯ ᠵᠢᠭᠤᠯᠴᠢᠯᠠᠯ | ᠪᠡᠶ᠎ᠡ ᠶᠢᠨ ᠲᠠᠮᠢᠷ ᠤᠨ ᠲᠣᠪᠴᠢᠶ᠎ᠠ᠂ ᠤᠯᠤᠰ ᠤᠨ ᠴᠠᠬᠢᠯᠭᠠᠨ ᠲᠣᠤᠷ ᠤᠨ ᠶᠤᠸᠠᠨ ᠪᠦᠦ ᠱᠠᠨ ᠤ ᠴᠠᠬᠢᠯᠭᠠᠨ | ᠬᠠᠩᠭᠠᠬᠤ ᠺᠣᠮᠫᠠᠨᠢ᠂ ᠴᠠᠭ ᠠᠭᠤᠷ ᠤᠨ ᠬᠤᠪᠢᠶᠠᠷᠢ ᠲᠣᠪᠴᠢᠶ᠎ᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ | ᠨᠢᠭᠡᠴᠡ ᠶᠢᠨ ᠬᠠᠷᠢᠭᠤᠴᠠᠯᠭᠠᠲᠠᠨ ᠨᠥᠬᠦᠳ᠃ | ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠡᠭᠦᠷᠭᠡ ᠬᠠᠷᠢᠭᠤᠴᠠᠯᠭ᠎ᠠ᠄ | ᠲᠣᠭᠤᠷᠢᠭ ᠤᠨ ᠨᠠᠮ ᠤᠨ ᠬᠤᠷᠢᠶ᠎ᠠ᠂ ᠣᠷᠣᠨ ᠤ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠭᠠᠵᠠᠷ ᠤᠨ | ᠭᠠᠶ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠵᠢᠭᠠᠪᠤᠷᠢ ᠶᠢᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠲᠣᠭᠤᠷᠢᠭ ᠤᠨ ᠬᠡᠪᠴᠢᠶᠡᠨ ᠳᠣᠲᠣᠷᠠᠬᠢ ᠬᠦᠨᠳᠦ ᠶᠡᠭᠡ | ᠭᠠᠵᠠᠷ ᠤᠨ ᠭᠠᠶ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠰᠡᠷᠭᠡᠶᠢᠯᠡᠨ ᠵᠠᠰᠠᠬᠤ ᠪᠠ ᠠᠶᠤᠯ ᠭᠠᠮᠰᠢᠭ ᠠᠴᠠ | ᠠᠪᠤᠷᠬᠠᠤ ᠠᠵᠢᠯ ᠢ ᠵᠣᠬᠢᠶᠠᠨ ᠪᠠᠶᠢᠭᠤᠯᠤᠨ ᠤᠳᠤᠷᠢᠳᠴᠤ᠂ ᠵᠢᠯᠣᠭᠤᠳᠴᠤ᠂ ᠵᠣᠬᠢᠴᠠᠭᠤᠯᠤᠨ᠎ᠠ︔ ᠰᠠᠯᠠᠭ᠎ᠠ ᠮᠥᠴᠢᠷ | ᠠᠯᠤᠰᠯᠠᠭᠰᠠᠨ ᠪᠠᠴᠢᠮ ᠠᠪᠤᠷᠠᠨ ᠲᠤᠰᠠᠯᠠᠬᠤ ᠶᠢ ᠪᠠᠶᠢᠷᠢᠯᠠᠭᠤᠯᠬᠤ ᠪᠠ ᠵᠣᠬᠢᠶᠠᠨ ᠪᠠᠶᠢᠭᠤᠯᠤᠨ᠎ᠠ︔ ᠭᠠᠵᠠᠷ ᠤᠨ ᠭᠠᠶ | ᠭᠠᠮᠰᠢᠭ ᠢ ᠰᠡᠷᠭᠡᠶᠢᠯᠡᠨ ᠵᠠᠰᠠᠬᠤ ᠪᠠ ᠭᠠᠮᠰᠢᠭ ᠠᠴᠠ ᠠᠪᠤᠷᠠᠬᠤ ᠶᠢᠨ ᠪᠤᠰᠤᠳ ᠴᠢᠬᠤᠯᠠ ᠠᠵᠢᠯ ᠢ ᠰᠢᠢᠳᠪᠦᠷᠢᠯᠡᠨ᠎ᠡ᠃ | ︵ᠬᠤᠶᠠᠷ︶ ᠲᠣᠭᠤᠷᠢᠭ ᠤᠨ ᠪᠠᠴᠢᠮ ᠪᠠᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠭᠡᠷ | ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠢᠶᠠᠷ ᠪᠦᠷᠢᠯᠳᠦᠨ᠎ᠡ᠄ | ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠢ ᠲᠣᠭᠤᠷᠢᠭ ᠤᠨ | ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠳᠤ ᠪᠠᠶᠢᠷᠢᠯᠠᠭᠤᠯᠵᠤ᠂ ᠡᠳᠦᠷ ᠲᠤᠲᠤᠮ ᠤᠨ ᠠᠵᠢᠯ ᠢ | ᠪᠣᠳᠠᠲᠠᠶ ᠬᠠᠷᠢᠭᠤᠴᠠᠨ᠎ᠠ᠃ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠲᠣᠭᠤᠷᠢᠭ ᠤᠨ ᠪᠠᠶᠢᠭᠠᠯᠢ ᠶᠢᠨ ᠡᠬᠢ | ᠪᠠᠶᠠᠯᠢᠭ ᠤᠨ ᠬᠤᠪᠢᠶᠠᠷᠢ ᠲᠣᠪᠴᠢᠶᠠᠨ ᠤ ᠳᠠᠷᠤᠭ᠎ᠠ ᠬᠠᠪᠰᠤᠷᠭᠠᠨ ᠬᠠᠷᠢᠭᠤᠴᠠᠨ᠎ᠠ᠃ | ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠤᠨ ᠡᠭᠦᠷᠭᠡ | ᠬᠠᠷᠢᠭᠤᠴᠠᠯᠭ᠎ᠠ᠄ | ᠪᠥᠬᠦ ᠲᠣᠭᠤᠷᠢᠭ ᠤᠨ ᠭᠠᠵᠠᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠰᠡᠷᠭᠡᠶᠢᠯᠡᠨ ᠵᠠᠰᠠᠬᠤ | ᠠᠵᠢᠯ ᠤᠨ ᠵᠣᠬᠢᠶᠠᠨ ᠪᠠᠶᠢᠭᠤᠯᠬᠤ᠂ ᠵᠣᠬᠢᠴᠠᠭᠤᠯᠬᠤ᠂ ᠵᠢᠯᠣᠭᠤᠳᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠨ᠎ᠠ︔ | ᠲᠦᠭᠰᠢᠭᠦᠷᠢᠲᠦ ᠪᠠᠶᠢᠳᠠᠯ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠬᠢᠴᠠ ᠶᠢᠨ ᠪᠠᠶᠢᠳᠠᠯ ᠢ | ᠴᠤᠭᠯᠠᠭᠤᠯᠤᠨ ᠳᠡᠭᠡᠭᠰᠢ ᠮᠡᠳᠡᠭᠦᠯᠦᠨ᠎ᠡ︔ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠣᠳᠠᠲᠠᠶ ᠲᠥᠰᠦᠯ ᠪᠠ | ᠠᠷᠭ᠎ᠠ ᠬᠡᠮᠵᠢᠶ᠎ᠡ ᠶᠢᠨ ᠰᠠᠨᠠᠭᠤᠯᠭ᠎ᠠ ᠳᠤᠷᠠᠳᠤᠨ᠎ᠠ︔ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ | ᠭᠠᠵᠠᠷ ᠤᠨ ᠵᠢᠭᠠᠪᠤᠷᠢ ᠪᠠ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ ᠂ ᠲᠣᠭᠤᠷᠢᠭ ᠤᠨ ᠪᠠᠴᠢᠮ ᠪᠠᠶᠢᠳᠠᠯ ᠢ | ᠠᠷᠭᠠᠴᠠᠭᠠᠬᠤ ᠵᠢᠯᠣᠭᠤᠳᠬᠤ ᠭᠠᠵᠠᠷ ᠤᠨ ᠪᠦᠷᠢᠯᠳᠦᠬᠦᠨ ᠨᠢᠭᠡᠴᠡ ᠶᠢᠨ ᠬᠤᠭᠤᠷᠣᠨᠳᠣᠬᠢ ᠪᠠᠴᠢᠮ ᠪᠠᠶᠢᠳᠠᠯ ᠢ | ᠠᠷᠭᠠᠴᠠᠬᠤ ᠠᠵᠢᠯ ᠢ ᠵᠣᠬᠢᠴᠠᠭᠤᠯᠤᠨ᠎ᠠ︔ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠲᠤᠰᠬᠠᠶ ᠮᠡᠷᠭᠡᠵᠢᠯᠲᠡᠨ ᠢ | ᠵᠣᠬᠢᠶᠠᠨ ᠪᠠᠶᠢᠭᠤᠯᠤᠨ ᠭᠠᠮᠰᠢᠭ ᠤᠨ ᠬᠥᠭᠵᠢᠯᠲᠡ ᠶᠢᠨ ᠬᠠᠨᠳᠤᠰᠢ ᠶᠢ ᠵᠠᠳᠠᠯᠵᠤ᠂ ᠭᠠᠮᠰᠢᠭ ᠤᠨ ᠬᠤᠬᠢᠷᠠᠯ ᠵᠢᠴᠢ | ᠨᠥᠯᠥᠭᠡ ᠶᠢ ᠦᠨᠡᠯᠡᠨ ᠵᠢᠱᠢᠵᠦ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ | ᠰᠢᠢᠳᠪᠥᠷᠢᠲᠥ ᠪᠣᠳᠣᠯᠭ᠎ᠠ ᠲᠣᠭᠲᠠᠭᠠᠬᠤ ᠳᠤ ᠦᠨᠳᠦᠰᠦᠯᠡᠯ ᠬᠠᠩᠭᠠᠨ᠎ᠠ︔ ᠲᠣᠭᠤᠷᠢᠭ ᠤᠨ ᠪᠠᠴᠢᠮ ᠪᠠᠶᠢᠳᠠᠯ ᠢ | ᠠᠷᠭᠠᠴᠠᠭᠠᠬᠤ ᠵᠢᠯᠣᠭᠤᠳᠬᠤ ᠭᠠᠵᠠᠷ ᠤᠨ ᠡᠳᠦᠷ ᠲᠤᠲᠤᠮ ᠤᠨ ᠬᠡᠷᠡᠭ ᠶᠠᠪᠤᠳᠠᠯ ᠪᠠ ᠲᠤᠰᠢᠶᠠᠨ ᠭᠦᠢᠴᠡᠳᠬᠡᠯᠭᠡᠬᠦ | ᠪᠤᠰᠤᠳ ᠠᠵᠢᠯ ᠢ ᠡᠭᠦᠷᠭᠡᠯᠡᠨ᠎ᠡ᠃ | ᠭᠤᠷᠪᠠ᠂ ᠤᠷᠢᠳᠴᠢᠯᠠᠨ ᠰᠡᠷᠭᠡᠶᠢᠯᠡᠬᠦ ᠪᠠ ᠰᠡᠷᠡᠮᠵᠢᠯᠡᠭᠦᠯᠬᠦ ᠲᠣᠭᠲᠠᠴᠠ | ︵ᠨᠢᠭᠡ︶ ᠤᠷᠢᠳᠴᠢᠯᠠᠨ ᠰᠡᠷᠭᠡᠶᠢᠯᠡᠬᠦ ᠤᠷᠢᠳᠴᠢᠯᠠᠨ ᠮᠡᠳᠡᠭᠡᠯᠡᠬᠦ ᠰᠡᠷᠡᠮᠵᠢᠯᠡᠭᠦᠯᠬᠦ ᠮᠡᠳᠡᠭᠡ ᠵᠠᠩᠭᠢ | ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮᠵᠢ ᠶᠢᠨ | ᠪᠠᠶᠢᠭᠤᠯᠤᠯᠲᠠ ᠶᠢ ᠴᠢᠩᠭᠠᠳᠬᠠᠨ᠎ᠠ᠃ ᠪᠦᠬᠦ ᠲᠣᠭᠤᠷᠢᠭ ᠤᠨ ᠴᠢᠨᠠᠷᠲᠠᠶ ᠭᠠᠵᠠᠷ ᠤᠨ ᠭᠠᠮᠰᠢᠭ ᠢ ᠬᠢᠨᠠᠨ ᠬᠡᠮᠵᠢᠬᠦ᠂ | ᠤᠷᠢᠳᠴᠢᠯᠠᠨ ᠮᠡᠳᠡᠭᠡᠯᠡᠬᠦ᠂ ᠰᠡᠷᠡᠮᠵᠢᠯᠡᠭᠦᠯᠬᠦ ᠰᠢᠰᠲ᠋ᠧᠮᠵᠢ ᠶᠢ ᠪᠠᠶᠢᠭᠤᠯᠵᠤ᠂ ᠭᠠᠵᠠᠷ ᠤᠨ ᠭᠠᠮᠰᠢᠭ ᠢ | ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ ᠲᠣᠤᠷ ᠰᠦᠯᠵᠢᠶ᠎ᠡ ᠪᠣᠯᠤᠨ ᠲᠤᠰᠬᠠᠶ ᠬᠢᠨᠠᠨ ᠬᠡᠮᠵᠢᠬᠦ | ᠲᠣᠤᠷ ᠰᠦᠯᠵᠢᠶ᠎ᠡ ᠶᠢ ᠪᠠᠶᠢᠭᠤᠯᠬᠤ ᠬᠡᠷᠡᠭᠲᠡᠶ᠃ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ᠂ ᠤᠰᠤᠨ | ᠠᠰᠢᠭᠯᠠᠯᠲᠠ᠂ ᠴᠠᠭ ᠠᠭᠤᠷ ᠤᠨ ᠰᠠᠯᠠᠭ᠎ᠠ ᠮᠥᠴᠢᠷ ᠤᠳ ᠨᠢᠭᠲᠠ ᠬᠠᠮᠲᠤᠷᠠᠯᠴᠠᠵᠤ᠂ ᠭᠠᠵᠠᠷ ᠤᠨ ᠭᠠᠶ ᠭᠠᠮᠰᠢᠭ ᠤᠨ | ᠲᠦᠭᠰᠢᠭᠦᠷᠢᠲᠦ ᠪᠠᠶᠢᠳᠠᠯ ᠬᠢᠭᠡᠳ ᠭᠠᠮᠰᠢᠭ ᠤᠨ ᠪᠠᠶᠢᠳᠠᠯ᠂ ᠦᠶᠡᠷ ᠤᠨ ᠪᠠᠶᠢᠳᠠᠯ ᠪᠠ ᠴᠠᠭ ᠠᠭᠤᠷ ᠤᠨ ᠮᠡᠳᠡᠭᠡ | ᠵᠠᠩᠭᠢ ᠶᠢ ᠴᠠᠭ ᠲᠤᠬᠠᠶ ᠳᠤᠨᠢ ᠳᠠᠮᠵᠢᠭᠤᠯᠬᠤ ᠬᠡᠷᠡᠭᠲᠡᠶ᠃ | ᠮᠡᠳᠡᠭᠡ ᠵᠠᠩᠭᠢ ᠴᠤᠭᠯᠠᠬᠤᠯᠬᠤ ᠪᠠ ᠵᠠᠳᠠᠯᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠭᠠᠵᠠᠷ ᠤᠨ ᠭᠠᠶ | ᠭᠠᠮᠰᠢᠭ ᠢ ᠬᠢᠨᠠᠨ ᠬᠡᠮᠵᠢᠬᠦ ᠠᠵᠢᠯ ᠢ ᠬᠠᠷᠢᠭᠤᠴᠠᠵᠤ ᠪᠠᠶᠢᠭ᠎ᠠ ᠨᠢᠭᠡᠴᠢ ᠨᠦᠭᠦᠳ ᠭᠡᠨᠡᠳᠲᠡ ᠶᠢᠨ ᠭᠠᠵᠠᠷ ᠤᠨ ᠭᠠᠶ | ᠭᠠᠮᠰᠢᠭ ᠢ ᠤᠷᠢᠳᠴᠢᠯᠠᠨ ᠰᠡᠷᠭᠡᠶᠢᠯᠡᠵᠦ ᠤᠷᠢᠳᠴᠢᠯᠠᠨ ᠰᠡᠷᠡᠮᠵᠢᠯᠡᠭᠦᠯᠬᠦ ᠯᠦᠭᠡ ᠬᠤᠯᠪᠣᠭᠳᠠᠬᠤ ᠲᠤᠭ᠎ᠠ ᠪᠠᠷᠢᠮᠲᠠ ᠶᠢᠨ | ᠮᠠᠲ᠋ᠧᠷᠢᠶᠠᠯ ᠪᠠ ᠮᠡᠳᠡᠭᠡ ᠵᠠᠩᠭᠢ ᠶᠢ ᠥᠷᠭᠡᠨ ᠢᠶᠠᠷ ᠴᠤᠭᠯᠠᠭᠤᠯᠤᠨ ᠡᠮᠬᠢᠳᠬᠡᠵᠦ᠂ ᠭᠠᠵᠠᠷ ᠤᠨ ᠭᠠᠶ ᠭᠠᠮᠰᠢᠭ ᠤᠨ | ᠬᠠᠨᠳᠤᠰᠢ ᠶᠢ ᠲᠥᠰᠦᠭᠡᠯᠡᠬᠦ ᠬᠡᠷᠡᠭᠲᠡᠶ᠃ | ︵ᠬᠤᠶᠠᠷ︶ ᠤᠷᠢᠳᠴᠢᠯᠠᠨ ᠰᠡᠷᠭᠡᠶᠢᠯᠡᠬᠦ ᠪᠠ ᠰᠡᠷᠡᠮᠵᠢᠯᠡᠭᠦᠯᠬᠦ ᠠᠵᠢᠯᠯᠠᠭ᠎ᠠ | ᠣᠨ ᠤ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠲᠥᠰᠦᠯ ᠢ ᠨᠠᠶᠢᠷᠠᠭᠤᠯᠤᠨ ᠵᠣᠬᠢᠶᠠᠬᠤ ᠬᠡᠷᠡᠭᠲᠡᠶ᠃ | ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠨᠢ ᠣᠷᠣᠨ ᠤ ᠭᠠᠵᠠᠷ ᠤᠨ ᠭᠠᠮᠰᠢᠭ ᠢ | ᠰᠡᠷᠭᠡᠶᠢᠯᠡᠨ ᠵᠠᠰᠠᠬᠤ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠭᠠᠵᠠᠷ ᠤᠨ | ᠪᠦᠷᠢᠯᠳᠦᠬᠦᠨ ᠨᠢᠭᠡᠴᠢ ᠲᠠᠢ ᠬᠠᠮᠲᠤᠷᠠᠨ᠂ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠶᠢ | ᠦᠨᠳᠦᠰᠦᠯᠡᠨ᠂ ᠵᠢᠯ ᠪᠦᠷᠢ ᠶᠢᠨ ᠵᠢᠯ ᠤᠨ ᠡᠬᠢᠨ ᠳᠤ ᠲᠤᠰ ᠵᠢᠯ ᠤᠨ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ | ᠲᠥᠰᠦᠯ ᠢ ᠲᠤᠭᠤᠷᠪᠢᠨ ᠲᠣᠭᠲᠠᠭᠠᠨ᠎ᠠ᠃ ᠣᠨ ᠤ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠲᠥᠰᠦᠯ ᠳᠤ ᠲᠤᠰ | ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠭᠤᠤᠯ ᠪᠣᠯᠬᠤ ᠭᠠᠮᠰᠢᠭ ᠤᠨ ᠴᠢᠭ ᠤᠨ ᠲᠠᠷᠬᠠᠯᠲᠠ ᠶᠢᠨ ᠴᠢᠭ ᠤᠨ | ᠲᠠᠷᠬᠠᠯᠲᠠ ᠶᠢᠨ ᠪᠠᠶᠢᠳᠠᠯ ᠢ ᠲᠣᠳᠣᠷᠬᠠᠶᠢᠯᠠᠵᠤ᠂ ᠭᠤᠤᠯ ᠪᠣᠯᠬᠤ ᠭᠠᠮᠰᠢᠭ ᠤᠨ ᠴᠢᠭ ᠤᠨ ᠰᠦᠷᠳᠡᠭᠦᠯᠦᠯ ᠤᠨ | ᠡᠲᠡᠭᠡᠳ ᠪᠣᠯᠤᠨ ᠬᠡᠪᠴᠢᠶ᠎ᠡ ᠶᠢ ᠲᠣᠳᠣᠷᠬᠠᠶᠢᠯᠠᠵᠤ᠂ ᠭᠤᠤᠯᠳᠠᠯᠭ᠎ᠠ ᠲᠠᠢ ᠰᠡᠷᠭᠡᠶᠢᠯᠡᠬᠦ ᠬᠤᠭᠤᠴᠠᠭ᠎ᠠ ᠶᠢ | ᠲᠣᠳᠣᠷᠬᠠᠶᠢᠯᠠᠨ᠂ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠪᠣᠳᠠᠲᠠᠶ ᠪᠦᠲᠦᠮᠵᠢᠲᠡᠶ ᠠᠷᠭ᠎ᠠ ᠬᠡᠮᠵᠢᠶ᠎ᠡ ᠶᠢ | ᠲᠣᠭᠲᠠᠭᠠᠵᠤ᠂ ᠭᠠᠵᠠᠷ ᠤᠨ ᠭᠠᠮᠰᠢᠭ ᠢ ᠬᠢᠨᠠᠨ ᠬᠡᠮᠵᠢᠬᠦ᠂ ᠰᠡᠷᠭᠡᠶᠢᠯᠡᠬᠦ ᠬᠠᠷᠢᠭᠤᠴᠠᠯᠭ᠎ᠠ ᠡᠭᠦᠷᠭᠡᠯᠡᠭᠴᠢ ᠶᠢ | ᠲᠣᠭᠲᠠᠭᠠᠬᠤ ᠬᠡᠷᠡᠭᠲᠡᠶ᠃ | ᠭᠠᠵᠠᠷ ᠰᠢᠨᠵᠢᠯᠡᠭᠡᠨ ᠤ ᠭᠠᠢ ᠭᠠᠮᠰᠢᠭ ᠤᠨ ᠲᠦᠭᠰᠢᠭᠦᠷᠢᠲᠦ ᠪᠠᠢᠳᠠᠯ ᠤᠨ ᠲᠣᠭᠤᠷᠢᠨ ᠪᠠᠢᠴᠠᠭᠠᠯᠲᠠ᠃ | ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠨᠢ ᠭᠠᠵᠠᠷ ᠰᠢᠨᠵᠢᠯᠡᠭᠡᠨ ᠤ ᠭᠠᠮᠰᠢᠭ ᠢ | ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ ᠪᠠ ᠲᠤᠰᠬᠠᠶ ᠬᠢᠨᠠᠨ ᠬᠡᠮᠵᠢᠬᠦ ᠲᠣᠤᠷ ᠰᠦᠯᠵᠢᠶ᠎ᠡ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠ ᠲᠣᠭᠲᠠᠮᠠᠯ ᠪᠤᠰᠤ | ᠬᠤᠭᠤᠴᠠᠭ᠎ᠠ ᠲᠠᠢ ᠪᠠᠷ ᠪᠠᠶᠢᠴᠠᠭᠠᠵᠤ᠂ ᠭᠠᠵᠠᠷ ᠰᠢᠨᠵᠢᠯᠡᠭᠡᠨ ᠤ ᠭᠠᠮᠰᠢᠭ ᠤᠨ ᠭᠤᠤᠯᠳᠠᠯᠭ᠎ᠠ ᠲᠠᠢ ᠭᠠᠵᠠᠷ ᠣᠷᠣᠨ ᠢ | ᠬᠢᠨᠠᠨ ᠬᠡᠮᠵᠢᠬᠦ ᠪᠠ ᠰᠡᠷᠭᠡᠶᠢᠯᠡᠬᠦ ᠶᠢ ᠴᠢᠩᠭᠠᠳᠬᠠᠵᠤ᠂ ᠲᠦᠭᠰᠢᠭᠦᠷᠢᠲᠦ ᠪᠠᠶᠢᠳᠠᠯ ᠢ ᠣᠯᠵᠤ ᠮᠡᠳᠡᠪᠡᠯ᠂ ᠴᠠᠭ | ᠲᠤᠬᠠᠶ ᠳᠤᠨᠢ ᠲᠤᠭᠤᠷᠢᠭ ᠤᠨ ᠵᠠᠰᠠᠭ ᠤᠨ ᠣᠷᠳᠣᠨ ᠪᠠ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ ᠳᠤ ᠮᠡᠳᠡᠭᠦᠯᠬᠦ ᠬᠡᠷᠡᠭᠲᠡᠶ᠃ ᠭᠠᠵᠠᠷ ᠤᠨ ᠭᠠᠶ ᠭᠠᠮᠰᠢᠭ ᠢ ᠰᠡᠷᠭᠡᠶᠢᠯᠡᠬᠦ ᠬᠠᠷᠢᠭᠤᠴᠠᠯᠭᠠᠲᠤ | ᠨᠢᠭᠡᠴᠡ ᠨᠦᠭᠦᠳ ᠭᠠᠶ ᠭᠠᠮᠰᠢᠭ ᠤᠨ ᠠᠶᠤᠯᠲᠤ ᠣᠷᠣᠨ ᠢ ᠴᠠᠭ ᠲᠤᠬᠠᠶ ᠳᠤᠨᠢ ᠬᠤᠪᠢᠶᠠᠷᠢᠯᠠᠨ ᠲᠣᠭᠲᠠᠭᠠᠵᠤ᠂ | ᠠᠶᠤᠯᠲᠠᠶ ᠣᠷᠣᠨ ᠤ ᠰᠡᠷᠡᠮᠵᠢᠯᠡᠭᠦᠯᠬᠦ ᠲᠡᠮᠳᠡᠭ ᠪᠠᠶᠢᠷᠢᠯᠠᠭᠤᠯᠤᠨ᠂ ᠰᠡᠷᠡᠮᠵᠢᠯᠡᠭᠦᠯᠬᠦ ᠳᠣᠬᠢᠶ᠎ᠠ ᠪᠠ ᠵᠠᠶᠢᠯᠠᠭᠤᠯᠬᠤ ᠵᠠᠮ | ᠱᠤᠭᠤᠮ ᠢ ᠲᠣᠭᠲᠠᠭᠠᠬᠤ ᠬᠡᠷᠡᠭᠲᠡᠶ᠃ ᠲᠦᠭᠰᠢᠭᠦᠷᠢ ᠶᠢᠨ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ ᠪᠠᠴᠢᠮ | ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠳᠤᠷᠠᠳᠴᠤ᠂ ᠣᠯᠠᠨ ᠲᠦᠮᠡᠨ ᠢ ᠵᠣᠬᠢᠶᠠᠨ | ᠪᠠᠶᠢᠭᠤᠯᠤᠨ ᠰᠢᠯᠵᠢᠭᠦᠯᠦᠨ ᠵᠠᠶᠢᠯᠠᠭᠤᠯᠬᠤ ᠪᠤᠶᠤ ᠠᠶᠤᠯ ᠢ ᠠᠷᠢᠯᠭᠠᠨ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠠᠪᠴᠤ | ᠂ ᠪᠠᠶᠢᠳᠠᠯ ᠪᠠᠴᠢᠮ ᠲᠦᠭᠰᠢᠭᠦᠷᠢᠲᠡᠶ ᠦᠶ᠎ᠡ ᠳᠤ᠂ ᠭᠠᠵᠠᠷ ᠤᠨ ᠭᠠᠮᠰᠢᠭ ᠤᠨ ᠰᠦᠷᠳᠡᠭᠦᠯᠦᠯ ᠳᠤ ᠤᠴᠠᠷᠠᠭᠰᠠᠨ | ᠬᠥᠮᠦᠰ ᠢ ᠭᠠᠮᠰᠢᠭ ᠠᠴᠠ ᠵᠠᠶᠢᠯᠠᠭᠤᠯᠤᠨ ᠲᠠᠷᠬᠠᠭᠠᠬᠤ ᠶᠢ ᠠᠯᠪᠠᠳᠠᠯᠭ᠎ᠠ ᠶᠢᠨ ᠴᠢᠨᠠᠷᠲᠠᠶ ᠪᠠᠷ ᠵᠣᠬᠢᠶᠠᠨ ᠪᠠᠶᠢᠭᠤᠯᠬᠤ | ᠬᠡᠷᠡᠭᠲᠡᠶ᠃ | ︽ᠭᠠᠮᠰᠢᠭ ᠢ ᠰᠡᠷᠭᠡᠢᠯᠡᠬᠦ ᠲᠣᠳᠣᠷᠬᠠᠢ ᠺᠠᠷᠲ︾ ᠢ ᠲᠠᠷᠬᠠᠭᠠᠬᠤ᠃ ᠣᠯᠠᠨ ᠲᠦᠮᠡᠨ ᠤ ᠭᠠᠮᠰᠢᠭ ᠢ ᠰᠡᠷᠭᠡᠶᠢᠯᠡᠬᠦ | ᠤᠬᠠᠮᠰᠠᠷ ᠪᠠ ᠴᠢᠳᠠᠪᠤᠷᠢ ᠶᠢ ᠴᠢᠩᠭᠠᠳᠬᠠᠬᠤ ᠶᠢᠨ ᠲᠥᠯᠥᠭᠡ᠂ ᠡᠯ᠎ᠡ ᠰᠢᠶᠠᠩ ᠪᠠᠯᠭᠠᠰᠤᠨ ᠤ ᠵᠠᠰᠠᠭ ᠤᠨ ᠣᠷᠳᠣᠨ | ᠲᠤᠬᠠᠶ ᠶᠢᠨ ᠭᠠᠵᠠᠷ ᠤᠨ ᠨᠢᠭᠡᠨᠲᠡ ᠪᠠᠶᠢᠴᠠᠭᠠᠨ ᠭᠠᠷᠭᠠᠭᠰᠠᠨ ᠭᠠᠵᠠᠷ ᠤᠨ ᠭᠠᠶ ᠭᠠᠮᠰᠢᠭ ᠤᠨ ᠠᠶᠤᠯᠲᠤ ᠴᠡᠭ᠂ | ᠳᠠᠯᠳᠠ ᠭᠡᠮ ᠤᠨ ᠴᠡᠭ ᠢ ᠦᠨᠳᠦᠰᠦᠯᠡᠨ᠂ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ ᠠᠵᠢᠯ ᠢ | ᠰᠢᠶᠠᠩ ᠪᠠᠯᠭᠠᠰᠤᠨ ᠤ ᠳᠠᠷᠤᠭ᠎ᠠ ᠪᠠ ᠲᠣᠰᠬᠤᠨ ︵ᠰᠠᠭᠤᠭᠠᠯᠢ ᠠᠷᠠᠳ︶ ᠤ ᠵᠥᠪᠯᠡᠯ ᠤᠨ ᠡᠷᠬᠢᠯᠡᠭᠴᠢ ᠵᠢᠴᠢ ᠭᠠᠶ | ᠭᠠᠮᠰᠢᠭ ᠤᠨ ᠳᠠᠯᠳᠠ ᠭᠡᠮ ᠤᠨ ᠴᠡᠭ ᠤᠨ ᠰᠦᠷᠳᠡᠭᠦᠯᠦᠯ ᠳᠤ ᠤᠴᠠᠷᠠᠭᠰᠠᠨ ᠲᠣᠰᠬᠤᠨ ︵ᠰᠠᠭᠤᠭᠠᠯᠢ ᠠᠷᠠᠳ︶ ᠤ | ᠠᠷᠠᠳ ᠲᠤ ᠨᠠᠶᠢᠳᠠᠪᠤᠷᠢᠵᠢᠭᠤᠯᠵᠤ᠂ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠠᠭᠤᠯᠭ᠎ᠠ ᠳᠤ | ᠬᠤᠯᠪᠣᠭᠳᠠᠬᠤ ︽ᠭᠠᠮᠰᠢᠭ ᠢ ᠰᠡᠷᠭᠡᠶᠢᠯᠡᠬᠦ ᠲᠣᠳᠣᠷᠬᠠᠶ ᠺᠠᠷᠲ︾ ᠢ ᠲᠣᠰᠬᠤᠨ ︵ᠰᠠᠭᠤᠭᠠᠯᠢ ᠠᠷᠠᠳ︶ ᠤ | ᠠᠷᠠᠳ ᠤᠨ ᠭᠠᠷ ᠲᠤ ᠲᠠᠷᠬᠠᠭᠠᠬᠤ ᠬᠡᠷᠡᠭᠲᠡᠶ᠃ | ︵ᠭᠤᠷᠪᠠ︶ ᠭᠠᠵᠠᠷ ᠤᠨ ᠭᠠᠢ ᠭᠠᠮᠰᠢᠭ ᠢ ᠲᠦᠷᠭᠡᠨ ᠮᠡᠳᠡᠭᠦᠯᠬᠦ ᠳᠦᠷᠢᠮ | ᠲᠦᠷᠭᠡᠨ ᠮᠡᠳᠡᠭᠦᠯᠬᠦ ᠴᠠᠭ ᠤᠨ ᠬᠢᠵᠠᠭᠠᠷ ᠤᠨ ᠱᠠᠭᠠᠷᠳᠠᠯᠭ᠎ᠠ᠄ | ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠲᠤᠬᠠᠶ ᠶᠢᠨ ᠭᠠᠵᠠᠷ ᠲᠤ ᠣᠨᠴᠠ | ᠲᠣᠮᠣ ᠬᠡᠯᠪᠡᠷᠢ ᠶᠢᠨ᠂ ᠲᠣᠮᠣ ᠬᠡᠯᠪᠡᠷᠢ ᠶᠢᠨ ᠭᠠᠵᠠᠷ ᠤᠨ ᠭᠠᠶ ᠭᠠᠮᠰᠢᠭ ᠤᠨ ᠲᠦᠭᠰᠢᠭᠦᠷᠢᠲᠦ ᠪᠠᠶᠢᠳᠠᠯ ᠭᠠᠮᠰᠢᠭ ᠤᠨ | ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ᠂ ᠬᠠᠭᠠᠰ ᠴᠠᠭ ᠤᠨ ᠳᠣᠲᠣᠷ᠎ᠠ ᠲᠣᠭᠤᠷᠢᠭ ᠤᠨ ᠵᠠᠰᠠᠭ ᠤᠨ ᠣᠷᠳᠣᠨ ᠪᠠ | ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠲᠦᠷᠭᠡᠨ ᠮᠡᠳᠡᠭᠦᠯᠬᠦ ᠶᠢᠨ ᠬᠠᠮᠲᠤ ᠱᠠᠲᠤ ᠠᠯᠤᠰᠯᠠᠨ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠲᠦᠷᠭᠡᠨ ᠮᠡᠳᠡᠭᠦᠯᠬᠦ ᠬᠡᠷᠡᠭᠲᠡᠶ᠃ | ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠲᠤᠬᠠᠶ ᠶᠢᠨ ᠭᠠᠵᠠᠷ ᠲᠤ ᠪᠠᠭ᠎ᠠ | ᠬᠡᠯᠪᠡᠷᠢ ᠶᠢᠨ ᠭᠠᠵᠠᠷ ᠤᠨ ᠭᠠᠶ ᠭᠠᠮᠰᠢᠭ ᠭᠠᠷᠤᠭᠰᠠᠨ ᠤ ᠳᠠᠷᠠᠭ᠎ᠠ᠂ 2 ᠴᠠᠭ ᠤᠨ ᠳᠣᠲᠣᠷ᠎ᠠ ᠲᠣᠰ ᠱᠠᠲᠤᠨ ᠤ | ᠠᠷᠠᠳ ᠤᠨ ᠵᠠᠰᠠᠭ ᠤᠨ ᠣᠷᠳᠣᠨ ᠪᠠ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠮᠡᠳᠡᠭᠦᠯᠵᠦ᠂ | ᠬᠡᠷᠡᠭ ᠪᠠᠴᠢᠮ ᠦᠶ᠎ᠡ ᠳᠤ ᠰᠢᠭᠤᠳ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ ᠳᠤ ᠮᠡᠳᠡᠭᠦᠯᠵᠦ ᠪᠣᠯᠤᠨ᠎ᠠ᠃ | ᠲᠦᠷᠭᠡᠨ ᠰᠣᠨᠢᠨ ᠤ ᠠᠭᠤᠯᠭ᠎ᠠ᠄ | ᠭᠠᠶ ᠭᠠᠮᠰᠢᠭ ᠢ ᠲᠦᠷᠭᠡᠨ ᠮᠡᠳᠡᠭᠦᠯᠬᠦ ᠠᠭᠤᠯᠭ᠎ᠠ ᠳᠤ ᠭᠤᠤᠯᠳᠠᠭᠤ ᠭᠠᠵᠠᠷ ᠤᠨ ᠭᠠᠶ ᠭᠠᠮᠰᠢᠭ ᠤᠨ | ᠲᠦᠭᠰᠢᠭᠦᠷᠢᠲᠦ ᠪᠠᠶᠢᠳᠠᠯ ᠪᠤᠶᠤ ᠲᠦᠭᠰᠢᠭᠦᠷᠢᠲᠦ ᠪᠠᠶᠢᠳᠠᠯ ᠭᠠᠷᠤᠭᠰᠠᠨ ᠭᠠᠵᠠᠷ ᠣᠷᠣᠨ ᠪᠠ ᠴᠠᠭ ᠬᠤᠭᠤᠴᠠᠭ᠎ᠠ᠂ | ᠭᠠᠵᠠᠷ ᠤᠨ ᠭᠠᠶ ᠭᠠᠮᠰᠢᠭ ᠤᠨ ᠲᠥᠷᠥᠯ ᠬᠡᠯᠪᠡᠷᠢ᠂ ᠭᠠᠶ ᠭᠠᠮᠰᠢᠭ ᠤᠨ ᠪᠡᠶ᠎ᠡ ᠶᠢᠨ ᠬᠡᠪᠴᠢᠶ᠎ᠡ᠂ ᠡᠭᠦᠰᠴᠦ ᠮᠡᠳᠡᠬᠦ | ᠬᠦᠴᠦᠨ ᠵᠦᠶ᠋ᠯ᠂ ᠬᠥᠭᠵᠢᠯᠲᠡ ᠶᠢᠨ ᠬᠠᠨᠳᠤᠰᠢ ᠪᠠ ᠤᠴᠠᠷᠠᠭᠤᠯᠵᠤ ᠮᠡᠳᠡᠬᠦ ᠭᠠᠶ ᠭᠠᠮᠰᠢᠭ ᠤᠨ ᠦᠷ᠎ᠡ ᠳ᠋ᠦᠩ | ᠵᠡᠷᠭᠡ ᠶᠢ ᠪᠠᠭᠲᠠᠭᠠᠨ᠎ᠠ᠃ ᠨᠢᠭᠡᠨᠲᠡ ᠡᠭᠦᠰᠦᠭᠰᠡᠨ ᠭᠠᠵᠠᠷ ᠤᠨ ᠭᠠᠶ ᠭᠠᠮᠰᠢᠭ ᠢ ᠲᠦᠷᠭᠡᠨ ᠮᠡᠳᠡᠭᠦᠯᠬᠦ ᠠᠭᠤᠯᠭ᠎ᠠ ᠳᠤ | ᠪᠠᠰᠠ ᠥᠬᠦᠯ ᠰᠢᠷᠬᠠᠲᠤᠯ ᠪᠠ ᠠᠯᠠᠭ᠎ᠠ ᠪᠣᠯᠤᠭᠰᠠᠨ ᠬᠥᠮᠦᠨ ᠤ ᠲᠤᠭ᠎ᠠ᠂ ᠤᠴᠠᠷᠠᠭᠤᠯᠤᠭᠰᠠᠨ ᠰᠢᠭᠤᠳ ᠠᠵᠤ | ᠠᠬᠤᠶ ᠶᠢᠨ ᠬᠤᠬᠢᠷᠠᠯ ᠵᠢᠴᠢ ᠠᠪᠤᠭᠰᠠᠨ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠶᠢ ᠪᠠᠭᠲᠠᠭᠠᠨ᠎ᠠ᠃ | ᠳᠥᠷᠪᠡ᠂ ᠭᠠᠵᠠᠷ ᠰᠢᠨᠵᠢᠯᠡᠭᠡᠨ ᠤ ᠭᠠᠮᠰᠢᠭ ᠤᠨ ᠳᠡᠰ ᠬᠤᠪᠢᠶᠠᠬᠤ | ᠭᠠᠵᠠᠷ ᠤᠨ ᠭᠠᠶ ᠭᠠᠮᠰᠢᠭ ᠢ ᠠᠶᠤᠯ ᠤᠨ ᠬᠡᠮᠵᠢᠶ᠎ᠡ ᠪᠠ ᠬᠡᠪᠴᠢᠶ᠎ᠡ ᠶᠢᠨ ᠶᠡᠭᠡ ᠪᠠᠭ᠎ᠠ ᠪᠠᠷ ᠣᠨᠴᠠ ᠲᠣᠮᠣ ᠬᠡᠯᠪᠡᠷᠢ ᠶᠢᠨ | ᠂ ᠲᠣᠮᠣ ᠬᠡᠯᠪᠡᠷᠢ ᠶᠢᠨ᠂ ᠳᠤᠮᠳᠠ ᠬᠡᠯᠪᠡᠷᠢ ᠶᠢᠨ ᠪᠠ ᠪᠠᠭ᠎ᠠ ᠬᠡᠯᠪᠡᠷᠢ ᠶᠢᠨ ᠭᠠᠵᠠᠷ ᠤᠨ ᠭᠠᠶ ᠭᠠᠮᠰᠢᠭ ᠳᠥᠷᠪᠡᠨ | ᠳᠡᠰ ᠲᠤ ᠬᠤᠪᠢᠶᠠᠨ᠎ᠠ᠄ | ︵ᠨᠢᠭᠡ︶ ᠣᠨᠴᠠ ᠲᠣᠮᠣ ᠬᠡᠯᠪᠡᠷᠢ ᠶᠢᠨ ᠭᠠᠵᠠᠷ ᠤᠨ ᠭᠠᠮᠰᠢᠭ ︵I ᠳᠡᠰ︶ | ᠭᠠᠮᠰᠢᠭ ᠨᠢ 30 ᠬᠥᠮᠦᠨ ᠠᠴᠠ ᠳᠡᠭᠡᠭᠰᠢ ᠦᠬᠦᠭᠰᠡᠨ ᠪᠤᠶᠤ ᠰᠢᠭᠤᠳ ᠠᠵᠤ ᠠᠬᠤᠢ ᠶᠢᠨ ᠬᠤᠬᠢᠷᠠᠯ ᠨᠢ 1000 | ᠲᠦᠮᠡᠨ ᠲᠥᠭᠦᠷᠢᠭ ᠠᠴᠠ ᠳᠡᠭᠡᠭᠰᠢᠬᠢ ᠭᠠᠵᠠᠷ ᠤᠨ ᠭᠠᠮᠰᠢᠭ︔ | ᠭᠠᠵᠠᠷ ᠤᠨ ᠭᠠᠶ ᠭᠠᠮᠰᠢᠭ ᠤᠨ ᠰᠦᠷᠳᠡᠭᠦᠯᠦᠯ ᠳᠤ ᠤᠴᠠᠷᠠᠪᠠᠯ᠂ 1000 ᠬᠥᠮᠦᠨ ᠠᠴᠠ ᠳᠡᠭᠡᠭᠰᠢ ᠰᠢᠯᠵᠢᠭᠦᠯᠬᠦ | ᠴᠢᠬᠤᠯᠠᠲᠠᠶ ᠪᠤᠶᠤ ᠠᠵᠤ ᠠᠬᠤᠶ ᠶᠢᠨ ᠳᠠᠯᠳᠠ ᠬᠤᠬᠢᠷᠠᠯ ᠡᠭᠦᠰᠭᠡᠵᠦ ᠮᠡᠳᠡᠬᠦ ᠠᠵᠤ ᠠᠬᠤᠶ ᠶᠢᠨ ᠬᠤᠬᠢᠷᠠᠯ ᠨᠢ 1 | ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠠᠶ ᠭᠠᠮᠰᠢᠭ ᠤᠨ ᠲᠦᠭᠰᠢᠭᠦᠷᠢᠲᠦ ᠪᠠᠶᠢᠳᠠᠯ᠃ | ︵ᠬᠤᠶᠠᠷ︶ ᠭᠠᠵᠠᠷ ᠤᠨ ᠭᠠᠮᠰᠢᠭ ︵Ⅱ ᠳᠡᠰ︶ | ᠭᠠᠮᠰᠢᠭ ᠠᠴᠠ ᠪᠣᠯᠵᠣ 10 ᠬᠥᠮᠦᠨ ᠠᠴᠠ ᠳᠡᠭᠡᠭᠰᠢ᠂ 30 ᠬᠥᠮᠦᠨ ᠠᠴᠠ ᠳᠣᠷᠣᠭᠰᠢ ᠦᠬᠦᠵᠦ᠂ ᠡᠰᠡᠬᠦᠯ᠎ᠡ | ᠭᠠᠮᠰᠢᠭ ᠠᠴᠠ ᠪᠣᠯᠵᠣ ᠰᠢᠭᠤᠳ ᠠᠵᠤ ᠠᠬᠤᠶ ᠶᠢᠨ ᠬᠤᠬᠢᠷᠠᠯ ᠡᠭᠦᠰᠭᠡᠭᠰᠡᠨ ᠭᠠᠵᠠᠷ ᠰᠢᠨᠵᠢᠯᠡᠭᠡᠨ ᠤ ᠭᠠᠮᠰᠢᠭ︔ | ᠭᠠᠵᠠᠷ ᠤᠨ ᠭᠠᠶ ᠭᠠᠮᠰᠢᠭ ᠤᠨ ᠰᠦᠷᠳᠡᠭᠦᠯᠦᠯ ᠠᠴᠠ ᠪᠣᠯᠵᠣ᠂ ᠰᠢᠯᠵᠢᠭᠦᠯᠦᠭᠰᠡᠨ ᠬᠥᠮᠦᠨ ᠤ ᠲᠤᠭ᠎ᠠ ᠨᠢ 500 | ᠬᠥᠮᠦᠨ ᠠᠴᠠ ᠳᠡᠭᠡᠭᠰᠢ᠂ 1000 ᠬᠥᠮᠦᠨ ᠠᠴᠠ ᠳᠣᠷᠣᠭᠰᠢ ᠪᠠᠶᠢᠬᠤ ᠪᠤᠶᠤ ᠠᠵᠤ ᠠᠬᠤᠶ ᠶᠢᠨ ᠬᠤᠬᠢᠷᠠᠯ ᠨᠢ | 5000 ᠲᠦᠮᠡᠨ ᠲᠥᠭᠦᠷᠢᠭ ᠠᠴᠠ ᠳᠡᠭᠡᠭᠰᠢ᠂ 1 ᠳ᠋ᠦᠩᠰᠢᠭᠤᠷ ᠲᠥᠭᠦᠷᠢᠭ ᠠᠴᠠ ᠳᠣᠷᠣᠭᠰᠢ ᠪᠠᠶᠢᠬᠤ ᠭᠠᠶ | ᠭᠠᠮᠰᠢᠭ ᠤᠨ ᠲᠦᠭᠰᠢᠭᠦᠷᠢᠲᠦ ᠪᠠᠶᠢᠳᠠᠯ ᠳᠤ ᠪᠠᠶᠢᠬᠤ ᠬᠡᠷᠡᠭᠲᠡᠶ᠃ | ︵ᠭᠤᠷᠪᠠ︶ ᠳᠤᠮᠳᠠ ᠬᠡᠯᠪᠡᠷᠢ ᠶᠢᠨ ᠭᠠᠵᠠᠷ ᠤᠨ ᠭᠠᠮᠰᠢᠭ ︵Ⅲ ᠳᠡᠰ︶ | ᠭᠠᠮᠰᠢᠭ ᠠᠴᠠ ᠪᠣᠯᠵᠣ 3 ᠬᠥᠮᠦᠨ ᠠᠴᠠ ᠳᠡᠭᠡᠭᠰᠢ᠂ 10 ᠬᠥᠮᠦᠨ ᠠᠴᠠ ᠳᠣᠷᠣᠭᠰᠢ ᠦᠬᠦᠵᠦ᠂ ᠡᠰᠡᠬᠦᠯ᠎ᠡ | ᠭᠠᠮᠰᠢᠭ ᠠᠴᠠ ᠪᠣᠯᠵᠣ ᠰᠢᠭᠤᠳ ᠠᠵᠤ ᠠᠬᠤᠶ ᠶᠢᠨ ᠬᠤᠬᠢᠷᠠᠯ 100 ᠲᠦᠮᠡᠨ ᠲᠥᠭᠦᠷᠢᠭ ᠠᠴᠠ ᠳᠡᠭᠡᠭᠰᠢ᠂ 500 | ᠲᠦᠮᠡᠨ ᠲᠥᠭᠦᠷᠢᠭ ᠠᠴᠠ ᠳᠣᠷᠣᠭᠰᠢ ᠭᠠᠵᠠᠷ ᠤᠨ ᠭᠠᠮᠰᠢᠭ ᠤᠴᠠᠷᠠᠭᠤᠯᠤᠨ᠎ᠠ︔ | ᠭᠠᠵᠠᠷ ᠤᠨ ᠭᠠᠶ ᠭᠠᠮᠰᠢᠭ ᠤᠨ ᠰᠦᠷᠳᠡᠭᠦᠯᠦᠯ ᠠᠴᠠ ᠪᠣᠯᠵᠣ᠂ ᠰᠢᠯᠵᠢᠭᠦᠯᠦᠭᠰᠡᠨ ᠬᠥᠮᠦᠨ ᠤ ᠲᠤᠭ᠎ᠠ ᠨᠢ 100 | ᠬᠥᠮᠦᠨ ᠠᠴᠠ ᠳᠡᠭᠡᠭᠰᠢ᠂ 500 ᠬᠥᠮᠦᠨ ᠠᠴᠠ ᠳᠣᠷᠣᠭᠰᠢ ᠪᠠᠶᠢᠬᠤ ᠪᠤᠶᠤ ᠠᠵᠤ ᠠᠬᠤᠶ ᠶᠢᠨ ᠳᠠᠯᠳᠠ | ᠬᠤᠬᠢᠷᠠᠯ ᠨᠢ 500 ᠲᠦᠮᠡᠨ ᠲᠥᠭᠦᠷᠢᠭ ᠠᠴᠠ ᠳᠡᠭᠡᠭᠰᠢ᠂ 5000 ᠲᠦᠮᠡᠨ ᠲᠥᠭᠦᠷᠢᠭ ᠠᠴᠠ ᠳᠣᠷᠣᠭᠰᠢ ᠭᠠᠶ | ᠭᠠᠮᠰᠢᠭ ᠤᠨ ᠲᠦᠭᠰᠢᠭᠦᠷᠢᠲᠦ ᠪᠠᠶᠢᠳᠠᠯ᠃ | ︵ᠲᠦᠷᠪᠡ︶ ᠭᠠᠵᠠᠷ ᠤᠨ ᠵᠢᠵᠢᠭ ᠭᠠᠮᠰᠢᠭ ︵Ⅳ ᠳᠡᠰ︶ | ᠭᠠᠮᠰᠢᠭ ᠠᠴᠠ ᠪᠣᠯᠵᠣ 3 ᠬᠥᠮᠦᠨ ᠠᠴᠠ ᠳᠣᠷᠣᠭᠰᠢ ᠦᠬᠦᠪᠡ᠂ ᠡᠰᠡᠬᠦᠯ᠎ᠡ ᠭᠠᠮᠰᠢᠭ ᠠᠴᠠ ᠪᠣᠯᠵᠣ ᠰᠢᠭᠤᠳ ᠠᠵᠤ | ᠠᠬᠤᠶ ᠶᠢᠨ ᠬᠤᠬᠢᠷᠠᠯ 100 ᠲᠦᠮᠡᠨ ᠲᠥᠭᠦᠷᠢᠭ ᠠᠴᠠ ᠳᠣᠷᠣᠭᠰᠢ ᠭᠠᠵᠠᠷ ᠤᠨ ᠭᠠᠮᠰᠢᠭ ᠤᠴᠠᠷᠠᠭᠤᠯᠤᠨ᠎ᠠ︔ | ᠭᠠᠵᠠᠷ ᠤᠨ ᠭᠠᠶ ᠭᠠᠮᠰᠢᠭ ᠤᠨ ᠰᠦᠷᠳᠡᠭᠦᠯᠦᠯ ᠠᠴᠠ ᠪᠣᠯᠵᠣ᠂ ᠰᠢᠯᠵᠢᠭᠦᠯᠬᠦ ᠴᠢᠬᠤᠯᠠᠲᠠᠶ ᠬᠥᠮᠦᠨ ᠤ ᠲᠤᠭ᠎ᠠ ᠨᠢ | 100 ᠠᠴᠠ ᠳᠣᠷᠣᠭᠰᠢ ᠪᠠᠶᠢᠬᠤ ᠪᠤᠶᠤ ᠠᠵᠤ ᠠᠬᠤᠶ ᠶᠢᠨ ᠬᠤᠬᠢᠷᠠᠯ ᠨᠢ 500 ᠲᠦᠮᠡᠨ ᠲᠥᠭᠦᠷᠢᠭ ᠠᠴᠠ | ᠳᠣᠷᠣᠭᠰᠢ ᠪᠠᠶᠢᠬᠤ ᠭᠠᠶ ᠭᠠᠮᠰᠢᠭ ᠤᠨ ᠲᠦᠭᠰᠢᠭᠦᠷᠢᠲᠦ ᠪᠠᠶᠢᠳᠠᠯ ᠳᠤ ᠣᠷᠣᠬᠤ ᠬᠡᠷᠡᠭᠲᠡᠶ᠃ | ᠲᠠᠪᠤ᠂ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ | ᠭᠠᠵᠠᠷ ᠤᠨ ᠭᠠᠶ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠳᠤ ᠲᠠᠰ ᠬᠤᠪᠢᠶᠠᠨ ᠳᠠᠭᠠᠬᠤ ᠲᠠᠰ | ᠳᠠᠷᠠᠭᠠᠯᠠᠯ ᠢ ᠵᠢᠷᠤᠮᠯᠠᠨ᠂ ᠭᠠᠵᠠᠷ ᠤᠨ ᠭᠠᠶ ᠭᠠᠮᠰᠢᠭ ᠤᠨ ᠵᠡᠷᠭᠡ ᠳᠡᠰ ᠢ ᠦᠨᠳᠦᠰᠦᠯᠡᠨ ᠵᠣᠬᠢᠴᠠᠩᠭᠤᠶ ᠲᠠᠰ ᠤᠨ | ᠪᠠᠴᠢᠮ ᠪᠠᠶᠢᠳᠠᠯ ᠢ ᠠᠷᠭᠠᠴᠠᠬᠤ ᠪᠠᠶᠢᠭᠤᠯᠤᠮᠵᠢ ᠶᠢ ᠲᠣᠭᠲᠠᠭᠠᠨ᠎ᠠ᠃ | ︵ᠨᠢᠭᠡ︶ ᠣᠨᠴᠠ ᠲᠣᠮᠣ ᠬᠡᠯᠪᠡᠷᠢ ᠶᠢᠨ ᠭᠠᠵᠠᠷ ᠤᠨ ᠭᠠᠶ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠶᠢᠨ | ᠳᠠᠭᠠᠬᠤ ︵Ⅰ ᠲᠠᠰ︶ | ᠣᠨᠴᠠ ᠲᠣᠮᠣ ᠬᠡᠯᠪᠡᠷᠢ ᠶᠢᠨ ᠭᠠᠵᠠᠷ ᠤᠨ ᠭᠠᠶ ᠭᠠᠮᠰᠢᠭ ᠤᠨ ᠪᠠᠶᠢᠳᠠᠯ ᠪᠤᠶᠤ ᠲᠦᠭᠰᠢᠭᠦᠷᠢᠲᠦ ᠪᠠᠶᠢᠳᠠᠯ | ᠭᠠᠷᠤᠭᠰᠠᠨ ᠦᠶ᠎ᠡ ᠳᠤ᠂ ᠣᠷᠣᠨ ᠤ ᠵᠠᠰᠠᠭ ᠤᠨ ᠣᠷᠳᠣᠨ ᠬᠠᠮᠢᠶ᠎ᠠ ᠪᠥᠬᠦᠶ ᠪᠠᠴᠢᠮ ᠪᠠᠶᠢᠳᠠᠯ ᠢ ᠠᠷᠭᠠᠴᠠᠨ | ᠰᠡᠷᠭᠡᠶᠢᠯᠡᠨ ᠵᠠᠰᠠᠬᠤ ᠪᠡᠯᠡᠳᠬᠡᠯ ᠲᠥᠰᠦᠯ ᠪᠠ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠰᠢᠰᠲ᠋ᠧᠮ ᠢ | ᠳᠠᠷᠦ᠋ᠢᠬᠠᠨ ᠡᠬᠢᠯᠡᠭᠦᠯᠵᠦ᠂ ᠭᠠᠵᠠᠷ ᠤᠨ ᠭᠠᠶ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠡᠷᠭᠡᠶᠢᠯᠡᠨ ᠵᠠᠰᠠᠬᠤ ᠪᠠ | ᠭᠠᠮᠰᠢᠭ ᠠᠴᠠ ᠠᠪᠤᠷᠬᠠᠤ ᠠᠵᠢᠯ ᠢ ᠪᠠᠶᠢᠷᠢᠯᠠᠭᠤᠯᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ | ᠵᠠᠰᠠᠭ ᠤᠨ ᠣᠷᠳᠣᠨ ᠳᠤ ᠮᠡᠳᠡᠭᠦᠯᠦᠨ᠎ᠡ᠃ | ᠲᠣᠭᠤᠷᠢᠭ ᠤᠨ ᠵᠠᠰᠠᠭ ᠤᠨ ᠣᠷᠳᠣᠨ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ | ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ ᠶᠣᠰᠣᠭᠠᠷ᠂ ᠬᠤᠯᠪᠣᠭᠳᠠᠯ ᠪᠦᠬᠦᠢ ᠮᠡᠳᠡᠭᠡ ᠵᠠᠩᠭᠢ ᠶᠢ ᠳᠠᠷᠦ᠋ᠢᠬᠠᠨ | ᠭᠠᠵᠠᠷ ᠤᠨ ᠭᠠᠶ ᠭᠠᠮᠰᠢᠭ ᠤᠨ ᠠᠶᠤᠯ ᠲᠠᠢ ᠴᠡᠭ ᠲᠤ ᠬᠦᠷᠴᠦ ᠭᠠᠮᠰᠢᠭ ᠢ ᠰᠡᠷᠭᠡᠶᠢᠯᠡᠬᠦ ᠬᠠᠷᠢᠭᠤᠴᠠᠯᠭ᠎ᠠ | ᠡᠭᠦᠷᠭᠡᠯᠡᠭᠴᠢ᠂ ᠬᠢᠨᠠᠨ ᠬᠡᠮᠵᠢᠭᠰᠡᠨ ᠪᠠ ᠲᠤᠰ ᠣᠷᠣᠨ ᠤ ᠳᠣᠲᠣᠷᠠᠬᠢ ᠣᠯᠠᠨ ᠲᠦᠮᠡᠨ ᠳᠤ ᠴᠠᠭ ᠲᠤᠬᠠᠶ ᠳᠤᠨᠢ | ᠮᠡᠳᠡᠭᠳᠡᠵᠦ᠂ ᠣᠯᠠᠨ ᠲᠦᠮᠡᠨ ᠢ ᠰᠢᠯᠵᠢᠭᠦᠯᠬᠦ ᠪᠠ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠠᠪᠬᠤ | ᠡᠰᠡᠬᠦ ᠳᠤ ᠰᠢᠢᠳᠪᠦᠷᠢᠲᠦ ᠪᠣᠳᠣᠯᠭ᠎ᠠ ᠭᠠᠷᠭᠠᠬᠤ ᠬᠡᠷᠡᠭᠲᠡᠶ︔ ᠭᠠᠵᠠᠷ ᠤᠨ ᠭᠠᠶ ᠭᠠᠮᠰᠢᠭ ᠤᠨ ᠠᠶᠤᠯᠲᠤ ᠣᠷᠣᠨ ᠢ | ᠴᠠᠭ ᠲᠤᠬᠠᠶ ᠳᠤᠨᠢ ᠵᠠᠭᠠᠭᠯᠠᠨ ᠲᠣᠭᠲᠠᠭᠠᠵᠤ᠂ ᠢᠯᠡᠷᠬᠡᠶ ᠠᠶᠤᠯ ᠲᠠᠢ ᠣᠷᠣᠨ ᠤ ᠰᠡᠷᠡᠮᠵᠢ ᠶᠢᠨ ᠲᠡᠮᠳᠡᠭ ᠪᠠ | ᠵᠠᠶᠢᠯᠠᠭᠤᠯᠬᠤ ᠵᠠᠮ ᠱᠤᠭᠤᠮ ᠢ ᠲᠣᠭᠲᠠᠭᠠᠵᠤ᠂ ᠤᠯᠠᠨ ᠲᠦᠮᠡᠨ ᠢ ᠵᠣᠬᠢᠶᠠᠨ ᠪᠠᠶᠢᠭᠤᠯᠤᠨ ᠰᠢᠯᠵᠢᠭᠦᠯᠦᠨ | ᠵᠠᠶᠢᠯᠠᠭᠤᠯᠬᠤ ᠪᠤᠶᠤ ᠠᠶᠤᠯ ᠢ ᠰᠡᠷᠭᠡᠶᠢᠯᠡᠵᠦ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠠᠪᠴᠤ᠂ ᠲᠦᠭᠰᠢᠭᠦᠷᠢᠲᠦ | ᠪᠠᠶᠢᠳᠠᠯ ᠪᠠ ᠭᠠᠮᠰᠢᠭ ᠤᠨ ᠪᠠᠶᠢᠳᠠᠯ ᠤᠨ ᠪᠣᠳᠠᠲᠠᠶ ᠪᠠᠶᠢᠳᠠᠯ ᠢ ᠦᠨᠳᠦᠰᠦᠯᠡᠨ ᠪᠠᠴᠢᠮ ᠪᠠᠶᠢᠳᠠᠯ ᠢ ᠠᠷᠭᠠᠴᠠᠬᠤ ᠠᠷᠭ᠎ᠠ | ᠪᠣᠳᠣᠯᠭ᠎ᠠ ᠳᠤᠷᠠᠳᠴᠤ᠂ ᠠᠶᠤᠯ ᠲᠦᠭᠰᠢᠭᠦᠷᠢᠲᠡᠶ ᠦᠶ᠎ᠡ ᠳᠤ ᠰᠦᠷᠳᠡᠭᠦᠯᠦᠯ ᠳᠤ ᠤᠴᠠᠷᠠᠭᠰᠠᠨ ᠤᠯᠠᠨ ᠲᠦᠮᠡᠨ ᠢ | ᠠᠯᠪᠠᠳᠠᠯᠭ᠎ᠠ ᠪᠠᠷ ᠵᠣᠬᠢᠶᠠᠨ ᠪᠠᠶᠢᠭᠤᠯᠵᠤ ᠭᠠᠮᠰᠢᠭ ᠠᠴᠠ ᠵᠠᠶᠢᠯᠠᠭᠤᠯᠤᠨ ᠲᠠᠷᠬᠠᠭᠠᠵᠤ ᠪᠣᠯᠤᠨ᠎ᠠ᠃ ᠥᠪᠡᠷᠲᠡᠭᠡᠨ | ᠵᠠᠰᠠᠬᠤ ᠣᠷᠣᠨ᠂ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ᠂ | ᠥᠪᠡᠷᠲᠡᠭᠡᠨ ᠵᠠᠰᠠᠬᠤ ᠣᠷᠣᠨ᠂ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ᠂ ᠥᠪᠡᠷᠲᠡᠭᠡᠨ | ᠵᠠᠰᠠᠬᠤ ᠣᠷᠣᠨ᠂ ᠬᠤᠲᠠ ᠶᠢᠨ ᠵᠢᠯᠣᠭᠤᠳᠬᠤ ᠭᠠᠵᠠᠷ ᠠᠴᠠ ᠪᠣᠳᠠᠲᠠᠶ ᠵᠢᠯᠣᠭᠤᠳᠴᠤ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠵᠠᠮ ᠲᠡᠭᠡᠭᠡᠪᠦᠷᠢ᠂ ᠤᠰᠤᠨ ᠠᠰᠢᠭᠯᠠᠯᠲᠠ᠂ ᠠᠷᠠᠳ ᠤᠨ | ᠶᠠᠪᠤᠳᠠᠯ᠂ ᠡᠳ᠋ ᠤᠨ ᠵᠠᠰᠠᠭ᠂ ᠴᠠᠭ ᠠᠭᠤᠷ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠲᠤᠰᠬᠠᠶ | ᠮᠡᠷᠭᠡᠵᠢᠯᠲᠡᠨ ᠪᠠ ᠬᠥᠮᠦᠰ ᠢ ᠵᠣᠬᠢᠶᠠᠨ ᠪᠠᠶᠢᠭᠤᠯᠵᠤ᠂ ᠴᠠᠭ ᠲᠤᠬᠠᠶ ᠳᠤᠨᠢ ᠲᠤᠬᠠᠶ ᠶᠢᠨ ᠲᠠᠯᠠᠪᠤᠷ ᠲᠤ ᠬᠦᠷᠴᠦ᠂ | ᠬᠢᠨᠠᠨ ᠬᠡᠮᠵᠢᠯᠲᠡ ᠶᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠠᠪᠴᠤ᠂ ᠭᠠᠮᠰᠢᠭ ᠤᠨ | ᠤᠯᠠᠮ ᠨᠢᠭᠡ ᠠᠯᠬᠤᠮ ᠥᠷᠭᠡᠳᠬᠦ ᠶᠢ ᠰᠡᠷᠭᠡᠶᠢᠯᠡᠵᠦ᠂ ᠠᠶᠤᠯ ᠭᠠᠮᠰᠢᠭ ᠠᠴᠠ ᠠᠪᠤᠷᠠᠬᠤ ᠠᠴᠠ ᠬᠤᠶᠠᠳᠠᠬᠢ ᠤᠳᠠᠭ᠎ᠠ | ᠬᠥᠮᠦᠨ ᠦᠬᠦᠵᠦ ᠰᠢᠷᠬᠠᠲᠤᠬᠤ ᠠᠴᠠ ᠵᠠᠶᠢᠯᠠᠰᠬᠢᠬᠦ ᠬᠡᠷᠡᠭᠲᠡᠶ᠃ ᠡᠭᠦᠨ ᠤ ᠬᠠᠮᠲᠤ ᠪᠠᠶᠢᠭᠠᠯᠢ ᠶᠢᠨ ᠡᠬᠢ ᠪᠠᠶᠠᠯᠢᠭ ᠤᠨ | ᠶᠠᠮᠤᠨ ᠳᠤ ᠮᠡᠳᠡᠭᠦᠯᠵᠦ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠣᠬᠢᠴᠠᠭᠤᠯᠵᠤ | ᠭᠠᠮᠰᠢᠭᠳᠠᠭᠰᠠᠨ ᠣᠷᠣᠨ ᠳᠤ ᠬᠦᠷᠴᠦ ᠪᠠᠴᠢᠮ ᠪᠠᠶᠢᠳᠠᠯ ᠢ ᠠᠷᠭᠠᠴᠠᠵᠤ ᠰᠡᠷᠭᠡᠶᠢᠯᠡᠨ ᠵᠠᠰᠠᠬᠤ ᠠᠵᠢᠯ ᠢ | ᠵᠢᠯᠣᠭᠤᠳᠣᠭᠤᠯᠵᠤ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠲᠣᠮᠢᠯᠠᠨ ᠭᠠᠵᠠᠷ ᠤᠨ ᠭᠠᠮᠰᠢᠭ ᠤᠨ ᠡᠭᠦᠰᠦᠭᠰᠡᠨ | ᠰᠢᠯᠲᠠᠭᠠᠨ ᠢ ᠨᠢ ᠪᠠᠶᠢᠴᠠᠭᠠᠵᠤ᠂ ᠬᠥᠭᠵᠢᠯᠲᠡ ᠶᠢᠨ ᠬᠠᠨᠳᠤᠰᠢ ᠶᠢ ᠨᠢ ᠵᠠᠳᠠᠯᠵᠤ᠂ ᠣᠷᠣᠨ ᠨᠤᠲᠤᠭ ᠢ ᠵᠢᠯᠣᠭᠤᠳᠤᠨ | ᠪᠠᠴᠢᠮ ᠪᠠᠶᠢᠳᠠᠯ ᠢ ᠠᠷᠭᠠᠴᠠᠵᠤ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠲᠣᠭᠲᠠᠭᠠᠬᠤ ᠬᠡᠷᠡᠭᠲᠡᠶ᠃ | ︵ᠬᠤᠶᠠᠷ︶ ᠭᠠᠵᠠᠷ ᠤᠨ ᠭᠠᠶ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ︵Ⅱ ᠲᠠᠰ︶ | ᠭᠠᠵᠠᠷ ᠤᠨ ᠭᠠᠶ ᠭᠠᠮᠰᠢᠭ ᠤᠨ ᠪᠠᠶᠢᠳᠠᠯ ᠪᠤᠶᠤ ᠲᠦᠭᠰᠢᠭᠦᠷᠢᠲᠦ ᠪᠠᠶᠢᠳᠠᠯ ᠡᠭᠦᠰᠬᠦ ᠦᠶ᠎ᠡ ᠳᠤ᠂ ᠣᠷᠣᠨ ᠤ | ᠵᠠᠰᠠᠭ ᠤᠨ ᠣᠷᠳᠣᠨ ᠬᠠᠮᠢᠶ᠎ᠠ ᠪᠥᠬᠦᠶ ᠪᠠᠴᠢᠮ ᠪᠠᠶᠢᠳᠠᠯ ᠢ ᠠᠷᠭᠠᠴᠠᠨ ᠰᠡᠷᠭᠡᠶᠢᠯᠡᠨ ᠵᠠᠰᠠᠬᠤ ᠪᠡᠯᠡᠳᠬᠡᠯ ᠲᠥᠰᠦᠯ ᠪᠠ | ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠰᠢᠰᠲ᠋ᠧᠮ ᠢ ᠳᠠᠷᠦ᠋ᠢᠬᠠᠨ ᠡᠬᠢᠯᠡᠭᠦᠯᠵᠦ᠂ ᠭᠠᠵᠠᠷ ᠤᠨ ᠭᠠᠶ | ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠡᠷᠭᠡᠶᠢᠯᠡᠨ ᠵᠠᠰᠠᠬᠤ ᠪᠠ ᠭᠠᠮᠰᠢᠭ ᠠᠴᠠ ᠠᠪᠤᠷᠬᠠᠤ ᠠᠵᠢᠯ ᠢ | ᠪᠠᠶᠢᠷᠢᠯᠠᠭᠤᠯᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠵᠠᠰᠠᠭ ᠤᠨ ᠣᠷᠳᠣᠨ ᠳᠤ | ᠮᠡᠳᠡᠭᠦᠯᠦᠨ᠎ᠡ᠃ | ᠲᠣᠭᠤᠷᠢᠭ ᠤᠨ ᠵᠠᠰᠠᠭ ᠤᠨ ᠣᠷᠳᠣᠨ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ | ᠬᠠᠷᠢᠭᠤᠴᠠᠯᠭ᠎ᠠ ᠶᠢᠨ ᠲᠦᠷᠢᠮ ᠤᠨ ᠲᠣᠭᠲᠠᠭᠠᠯ ᠶᠣᠰᠣᠭᠠᠷ᠂ ᠬᠤᠯᠪᠣᠭᠳᠠᠯ ᠪᠥᠬᠦᠶ ᠮᠡᠳᠡᠭᠡ ᠵᠠᠩᠭᠢ ᠶᠢ ᠲᠡᠷᠡ | ᠳᠠᠷᠤᠶ ᠳᠤᠨᠢ ᠭᠠᠵᠠᠷ ᠤᠨ ᠭᠠᠶ ᠭᠠᠮᠰᠢᠭ ᠤᠨ ᠠᠶᠤᠯᠲᠤ ᠴᠡᠭ ᠲᠤ ᠬᠦᠷᠴᠦ ᠭᠠᠮᠰᠢᠭ ᠢ ᠰᠡᠷᠭᠡᠶᠢᠯᠡᠬᠦ ᠬᠠᠷᠢᠭᠤᠴᠠᠯᠭ᠎ᠠ | ᠡᠭᠦᠷᠭᠡᠯᠡᠭᠴᠢ᠂ ᠬᠢᠨᠠᠨ ᠬᠡᠮᠵᠢᠵᠤ ᠪᠠᠶᠢᠭ᠎ᠠ ᠬᠥᠮᠦᠨ ᠪᠠ ᠲᠣᠰ ᠣᠷᠣᠨ ᠪᠦᠰᠡ ᠶᠢᠨ ᠳᠣᠲᠣᠷᠠᠬᠢ ᠣᠯᠠᠨ ᠲᠦᠮᠡᠨ ᠢ | ᠴᠠᠭ ᠲᠤᠬᠠᠶ ᠳᠤᠨᠢ ᠮᠡᠳᠡᠭᠳᠡᠵᠦ᠂ ᠣᠯᠠᠨ ᠲᠦᠮᠡᠨ ᠢ ᠰᠢᠯᠵᠢᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ | ᠬᠡᠮᠵᠢᠶ᠎ᠡ ᠠᠪᠴᠤ᠂ ᠣᠯᠠᠨ ᠲᠦᠮᠡᠨ ᠢ ᠵᠣᠬᠢᠶᠠᠨ ᠪᠠᠶᠢᠭᠤᠯᠤᠨ ᠰᠢᠯᠵᠢᠭᠦᠯᠦᠨ ᠵᠠᠶᠢᠯᠠᠭᠤᠯᠬᠤ ᠪᠤᠶᠤ ᠠᠶᠤᠯ ᠢ | ᠰᠡᠷᠭᠡᠶᠢᠯᠡᠵᠦ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠠᠪᠴᠤ᠂ ᠲᠦᠭᠰᠢᠭᠦᠷᠢᠲᠦ ᠪᠠᠶᠢᠳᠠᠯ ᠪᠠ ᠭᠠᠮᠰᠢᠭ ᠤᠨ | ᠪᠠᠶᠢᠳᠠᠯ ᠤᠨ ᠪᠣᠳᠠᠲᠠᠶ ᠪᠠᠶᠢᠳᠠᠯ ᠢ ᠦᠨᠳᠦᠰᠦᠯᠡᠨ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠳᠤᠷᠠᠳᠴᠤ᠂ | ᠠᠶᠤᠯ ᠲᠦᠭᠰᠢᠭᠦᠷᠢᠲᠡᠶ ᠦᠶ᠎ᠡ ᠳᠤ ᠰᠦᠷᠳᠡᠭᠦᠯᠦᠭᠳᠡᠭᠰᠡᠨ ᠣᠯᠠᠨ ᠲᠦᠮᠡᠨ ᠢ ᠠᠯᠪᠠᠳᠠᠯᠭ᠎ᠠ ᠪᠠᠷ ᠵᠣᠬᠢᠶᠠᠨ ᠪᠠᠶᠢᠭᠤᠯᠵᠤ | ᠭᠠᠮᠰᠢᠭ ᠠᠴᠠ ᠵᠠᠶᠢᠯᠠᠭᠤᠯᠵᠤ ᠪᠣᠯᠤᠨ᠎ᠠ︔ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠵᠠᠰᠠᠭ ᠤᠨ ᠣᠷᠳᠣᠨ ᠳᠤ | ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠵᠠᠰᠠᠭ ᠤᠨ | ᠣᠷᠳᠣᠨ ᠤ ᠤᠳᠤᠷᠢᠳᠤᠯᠭ᠎ᠠ ᠳᠣᠤᠷ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠵᠠᠰᠠᠭ ᠤᠨ ᠣᠷᠳᠣᠨ ᠤ | ᠤᠳᠤᠷᠢᠳᠤᠯᠭ᠎ᠠ ᠳᠣᠤᠷ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ | ᠵᠥᠪᠰᠢᠶᠡᠷᠡᠭᠦᠯᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠵᠠᠰᠠᠭ ᠤᠨ ᠣᠷᠳᠣᠨ ᠤ | ᠤᠳᠤᠷᠢᠳᠤᠯᠭ᠎ᠠ ᠳᠣᠤᠷ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠲᠤᠰᠢᠶᠠᠨ | ᠵᠥᠭᠡᠭᠡᠪᠦᠷᠢᠯᠡᠬᠦ᠂ ᠤᠰᠤᠨ ᠠᠰᠢᠭᠯᠠᠯᠲᠠ᠂ ᠠᠷᠠᠳ ᠤᠨ ᠶᠠᠪᠤᠳᠠᠯ᠂ ᠡᠳ᠋ ᠤᠨ ᠵᠠᠰᠠᠭ᠂ ᠴᠠᠭ ᠠᠭᠤᠷ ᠵᠡᠷᠭᠡ | ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠲᠤᠰᠬᠠᠶ ᠮᠡᠷᠭᠡᠵᠢᠯᠲᠡᠨ ᠪᠠ ᠬᠥᠮᠦᠰ ᠢ ᠴᠠᠭ ᠲᠤᠬᠠᠶ ᠳᠤᠨᠢ ᠲᠤᠬᠠᠶ ᠶᠢᠨ | ᠲᠠᠯᠠᠪᠤᠷ ᠲᠤ ᠣᠴᠢᠵᠤ᠂ ᠬᠢᠨᠠᠨ ᠬᠡᠮᠵᠢᠬᠦ ᠪᠠᠨ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ | ᠠᠪᠴᠤ᠂ ᠭᠠᠮᠰᠢᠭ ᠤᠨ ᠤᠯᠠᠮ ᠨᠢᠭᠡ ᠠᠯᠬᠤᠮ ᠥᠷᠭᠡᠳᠬᠦ ᠶᠢ ᠰᠡᠷᠭᠡᠶᠢᠯᠡᠨ᠂ ᠠᠶᠤᠯ ᠭᠠᠮᠰᠢᠭ ᠠᠴᠠ ᠠᠪᠤᠷᠠᠨ | ᠭᠠᠮᠰᠢᠭ ᠠᠴᠠ ᠠᠪᠤᠷᠠᠬᠤ ᠠᠴᠠ ᠬᠤᠶᠠᠳᠠᠬᠢ ᠤᠳᠠᠭ᠎ᠠ ᠬᠥᠮᠦᠨ ᠦᠬᠦᠵᠦ ᠰᠢᠷᠬᠠᠲᠤᠬᠤ ᠠᠴᠠ ᠵᠠᠶᠢᠯᠠᠰᠬᠢᠬᠦ ᠬᠡᠷᠡᠭᠲᠡᠶ᠃ | | ᠴᠢᠬᠤᠯᠠᠲᠠᠢ ᠦᠶ᠎ᠡ ᠳᠤ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠳᠤ ᠠᠵᠢᠯᠯᠠᠬᠤ ᠳᠤᠭᠤᠶᠢᠯᠠᠩ ᠲᠣᠮᠢᠯᠠᠨ | ᠭᠠᠵᠠᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠯᠭᠡᠵᠦ | ᠪᠣᠯᠣᠨ᠎ᠠ᠃ | ︵ᠭᠤᠷᠪᠠ︶ ᠳᠤᠮᠳᠠ ᠬᠡᠯᠪᠡᠷᠢ ᠶᠢᠨ ᠭᠠᠵᠠᠷ ᠤᠨ ᠭᠠᠶ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠶᠢ | ᠳᠠᠭᠠᠬᠤ ︵Ⅲ ᠲᠠᠰ︶ | ᠳᠤᠮᠳᠠ ᠬᠡᠯᠪᠡᠷᠢ ᠶᠢᠨ ᠭᠠᠵᠠᠷ ᠤᠨ ᠭᠠᠶ ᠭᠠᠮᠰᠢᠭ ᠤᠨ ᠪᠠᠶᠢᠳᠠᠯ ᠪᠠ ᠲᠦᠭᠰᠢᠭᠦᠷᠢᠲᠦ ᠪᠠᠶᠢᠳᠠᠯ ᠭᠠᠷᠤᠭᠰᠠᠨ | ᠦᠶ᠎ᠡ ᠳᠤ᠂ ᠣᠷᠣᠨ ᠤ ᠵᠠᠰᠠᠭ ᠤᠨ ᠣᠷᠳᠣᠨ ᠬᠠᠮᠢᠶ᠎ᠠ ᠪᠥᠬᠦᠶ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ | ᠪᠠ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠰᠢᠰᠲ᠋ᠧᠮ ᠢ ᠳᠠᠷᠦ᠋ᠢᠬᠠᠨ ᠡᠬᠢᠯᠡᠭᠦᠯᠬᠦ ᠶᠢᠨ ᠬᠠᠮᠲᠤ ᠬᠤᠲᠠ ᠶᠢᠨ | ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠶ᠃ | ᠲᠣᠭᠤᠷᠢᠭ ᠤᠨ ᠵᠠᠰᠠᠭ ᠤᠨ ᠣᠷᠳᠣᠨ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ | ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ ᠶᠣᠰᠣᠭᠠᠷ᠂ ᠬᠤᠯᠪᠣᠭᠳᠠᠯ ᠪᠦᠬᠦᠢ ᠮᠡᠳᠡᠭᠡ ᠵᠠᠩᠭᠢ ᠶᠢ ᠳᠠᠷᠦ᠋ᠢᠬᠠᠨ | ᠭᠠᠵᠠᠷ ᠰᠢᠨᠵᠢᠯᠡᠭᠡᠨ ᠤ ᠭᠠᠮᠰᠢᠭ ᠤᠨ ᠭᠠᠵᠠᠷ ᠲᠤ ᠬᠦᠷᠴᠦ ᠭᠠᠮᠰᠢᠭ ᠢ ᠰᠡᠷᠭᠡᠶᠢᠯᠡᠬᠦ ᠬᠠᠷᠢᠭᠤᠴᠠᠯᠭ᠎ᠠ ᠡᠭᠦᠷᠭᠡᠯᠡᠭᠴᠢ᠂ | ᠬᠢᠨᠠᠨ ᠬᠡᠮᠵᠢᠬᠦ ᠪᠠ ᠲᠤᠰ ᠣᠷᠣᠨ ᠪᠦᠰᠡ ᠶᠢᠨ ᠳᠣᠲᠣᠷᠠᠬᠢ ᠣᠯᠠᠨ ᠲᠦᠮᠡᠨ ᠢ ᠴᠠᠭ ᠲᠤᠬᠠᠶ ᠳᠤᠨᠢ ᠮᠡᠳᠡᠭᠳᠡᠵᠦ᠂ | ᠣᠯᠠᠨ ᠲᠦᠮᠡᠨ ᠢ ᠰᠢᠯᠵᠢᠭᠦᠯᠬᠦ ᠪᠠ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠠᠪᠴᠤ᠂ ᠣᠯᠠᠨ ᠲᠦᠮᠡᠨ ᠢ | ᠵᠣᠬᠢᠶᠠᠨ ᠪᠠᠶᠢᠭᠤᠯᠤᠨ ᠰᠢᠯᠵᠢᠭᠦᠯᠦᠨ ᠵᠠᠶᠢᠯᠠᠭᠤᠯᠬᠤ ᠪᠤᠶᠤ ᠠᠶᠤᠯ ᠢ ᠰᠡᠷᠭᠡᠶᠢᠯᠡᠵᠦ ᠰᠡᠷᠭᠡᠶᠢᠯᠡᠨ ᠵᠠᠰᠠᠬᠤ ᠠᠷᠭ᠎ᠠ | ᠬᠡᠮᠵᠢᠶ᠎ᠡ ᠠᠪᠴᠤ᠂ ᠲᠦᠭᠰᠢᠭᠦᠷᠢᠲᠦ ᠪᠠᠶᠢᠳᠠᠯ ᠪᠠ ᠭᠠᠮᠰᠢᠭ ᠤᠨ ᠪᠠᠶᠢᠳᠠᠯ ᠤᠨ ᠪᠣᠳᠠᠲᠠᠶ ᠪᠠᠶᠢᠳᠠᠯ ᠢ ᠦᠨᠳᠦᠰᠦᠯᠡᠨ | ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠠᠪᠴᠤ᠂ ᠪᠠᠶᠢᠳᠠᠯ ᠪᠠᠴᠢᠮ ᠲᠦᠭᠰᠢᠭᠦᠷᠢᠲᠡᠶ ᠦᠶ᠎ᠡ ᠳᠤ | ᠰᠦᠷᠳᠡᠭᠦᠯᠦᠭᠳᠡᠭᠰᠡᠨ ᠣᠯᠠᠨ ᠲᠦᠮᠡᠨ ᠢ ᠠᠯᠪᠠᠳᠠᠯᠭ᠎ᠠ ᠪᠠᠷ ᠵᠣᠬᠢᠶᠠᠨ ᠪᠠᠶᠢᠭᠤᠯᠤᠨ ᠭᠠᠮᠰᠢᠭ ᠠᠴᠠ ᠵᠠᠶᠢᠯᠠᠭᠤᠯᠵᠤ | ᠪᠣᠯᠤᠨ᠎ᠠ︔ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠬᠤᠲᠠ ᠶᠢᠨ | ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ᠂ ᠬᠤᠲᠠ ᠶᠢᠨ ᠵᠢᠯᠣᠭᠤᠳᠬᠤ ᠭᠠᠵᠠᠷ ᠠᠴᠠ ᠪᠣᠳᠠᠲᠠᠶ | ᠵᠢᠯᠣᠭᠤᠳᠴᠤ᠂ ᠵᠣᠬᠢᠴᠠᠭᠤᠯᠵᠤ᠂ ᠵᠣᠬᠢᠶᠠᠨ ᠪᠠᠶᠢᠭᠤᠯᠵᠤ᠂ ᠲᠤᠬᠠᠶ ᠶᠢᠨ ᠲᠠᠯᠠᠪᠤᠷ ᠲᠤ ᠬᠦᠷᠴᠦ᠂ ᠬᠢᠨᠠᠨ | ᠬᠡᠮᠵᠢᠬᠦ ᠪᠠᠨ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠠᠪᠴᠤ᠂ ᠭᠠᠮᠰᠢᠭ ᠤᠨ ᠤᠯᠠᠮ | ᠨᠢᠭᠡ ᠠᠯᠬᠤᠮ ᠥᠷᠭᠡᠳᠬᠦ ᠶᠢ ᠰᠡᠷᠭᠡᠶᠢᠯᠡᠵᠦ᠂ ᠠᠶᠤᠯ ᠭᠠᠮᠰᠢᠭ ᠠᠴᠠ ᠠᠪᠤᠷᠠᠨ ᠲᠡᠩᠬᠡᠷᠡᠭᠦᠯᠬᠦ ᠪᠣᠯᠤᠯᠴᠠᠭ᠎ᠠ ᠠᠴᠠ | ᠬᠤᠶᠠᠳᠠᠬᠢ ᠤᠳᠠᠭ᠎ᠠ ᠬᠥᠮᠦᠨ ᠦᠬᠦᠵᠦ ᠰᠢᠷᠬᠠᠲᠤᠬᠤ ᠠᠴᠠ ᠵᠠᠶᠢᠯᠠᠰᠬᠢᠨ᠎ᠡ᠃ | ᠴᠢᠬᠤᠯᠠ ᠲᠠᠢ ᠦᠶ᠎ᠡ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠳᠤ ᠠᠵᠢᠯ ᠤᠨ | ᠳᠤᠭᠤᠶᠢᠯᠠᠩ ᠲᠣᠮᠢᠯᠠᠨ ᠭᠠᠮᠰᠢᠭ ᠤᠨ ᠲᠤᠬᠠᠶ ᠶᠢᠨ ᠭᠠᠵᠠᠷ ᠲᠤ ᠣᠴᠢᠭᠤᠯᠵᠤ᠂ ᠭᠠᠵᠠᠷ ᠤᠨ ᠭᠠᠶ ᠭᠠᠮᠰᠢᠭ ᠤᠨ | ᠪᠠᠴᠢᠮ ᠪᠠᠶᠢᠳᠠᠯ ᠢ ᠠᠷᠭᠠᠴᠠᠬᠤ ᠠᠵᠢᠯ ᠢ ᠰᠠᠶᠢᠲᠤᠷ ᠬᠢᠬᠦ ᠶᠢ ᠵᠢᠯᠣᠭᠤᠳᠬᠤ ᠬᠡᠷᠡᠭᠲᠡᠶ᠃ | ︵ᠲᠦᠷᠪᠡ︶ ᠭᠠᠵᠠᠷ ᠤᠨ ᠭᠠᠶ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠵᠤ ᠬᠢᠬᠦ ︵Ⅳ ᠲᠠᠰ | ︶ | ᠵᠢᠵᠢᠭ ᠬᠡᠯᠪᠡᠷᠢ ᠶᠢᠨ ᠭᠠᠵᠠᠷ ᠤᠨ ᠭᠠᠶ ᠭᠠᠮᠰᠢᠭ ᠤᠨ ᠪᠠᠶᠢᠳᠠᠯ ᠪᠠ ᠲᠦᠭᠰᠢᠭᠦᠷᠢᠲᠦ ᠪᠠᠶᠢᠳᠠᠯ ᠭᠠᠷᠤᠭᠰᠠᠨ | ᠦᠶ᠎ᠡ ᠳᠤ᠂ ᠲᠣᠭᠤᠷᠢᠭ ᠤᠨ ᠵᠠᠰᠠᠭ ᠤᠨ ᠣᠷᠳᠣᠨ ᠬᠠᠮᠢᠶ᠎ᠠ ᠪᠥᠬᠦᠶ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠥᠰᠦᠯ ᠪᠠ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠰᠢᠰᠲ᠋ᠧᠮ ᠢ ᠳᠠᠷᠤᠶ ᠲᠦᠷᠭᠡᠨ ᠡᠬᠢᠯᠡᠭᠦᠯᠵᠦ᠂ | ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ ᠬᠠᠷᠢᠭᠤᠴᠠᠯᠭ᠎ᠠ ᠶᠢᠨ ᠲᠦᠷᠢᠮ ᠤᠨ ᠲᠣᠭᠲᠠᠭᠠᠯ | ᠶᠣᠰᠣᠭᠠᠷ᠂ ᠬᠤᠯᠪᠣᠭᠳᠠᠯ ᠪᠥᠬᠦᠶ ᠮᠡᠳᠡᠭᠡ ᠵᠠᠩᠭᠢ ᠶᠢ ᠲᠡᠷᠡ ᠳᠠᠷᠤᠶ ᠳᠤᠨᠢ ᠭᠠᠵᠠᠷ ᠤᠨ ᠭᠠᠶ ᠭᠠᠮᠰᠢᠭ ᠤᠨ | ᠭᠠᠵᠠᠷ ᠲᠤ ᠮᠡᠳᠡᠭᠳᠡᠵᠦ᠂ ᠣᠯᠠᠨ ᠲᠦᠮᠡᠨ ᠢ ᠰᠢᠯᠵᠢᠭᠦᠯᠬᠦ ᠪᠠ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ | ᠠᠪᠬᠤ ᠡᠰᠡᠬᠦ ᠳᠤ ᠰᠢᠢᠳᠪᠦᠷᠢᠲᠦ ᠪᠣᠳᠣᠯᠭ᠎ᠠ ᠭᠠᠷᠭᠠᠨ᠎ᠠ︔ ᠭᠠᠵᠠᠷ ᠤᠨ ᠭᠠᠶ ᠭᠠᠮᠰᠢᠭ ᠤᠨ ᠠᠶᠤᠯᠲᠤ ᠣᠷᠣᠨ ᠢ | ᠴᠠᠭ ᠲᠤᠬᠠᠶ ᠳᠤᠨᠢ ᠵᠠᠭᠠᠭᠯᠠᠨ ᠲᠣᠭᠲᠠᠭᠠᠵᠤ᠂ ᠣᠯᠠᠨ ᠲᠦᠮᠡᠨ ᠢ ᠵᠣᠬᠢᠶᠠᠨ ᠪᠠᠶᠢᠭᠤᠯᠤᠨ ᠰᠢᠯᠵᠢᠭᠦᠯᠦᠨ | ᠵᠠᠶᠢᠯᠠᠭᠤᠯᠬᠤ ᠪᠤᠶᠤ ᠠᠶᠤᠯ ᠢ ᠰᠡᠷᠭᠡᠶᠢᠯᠡᠵᠦ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠠᠪᠴᠤ᠂ ᠲᠦᠭᠰᠢᠭᠦᠷᠢᠲᠦ | ᠪᠠᠶᠢᠳᠠᠯ ᠪᠠ ᠭᠠᠮᠰᠢᠭ ᠤᠨ ᠪᠠᠶᠢᠳᠠᠯ ᠤᠨ ᠪᠣᠳᠠᠲᠠᠶ ᠪᠠᠶᠢᠳᠠᠯ ᠢ ᠦᠨᠳᠦᠰᠦᠯᠡᠨ ᠪᠠᠴᠢᠮ ᠪᠠᠶᠢᠳᠠᠯ ᠢ ᠠᠷᠭᠠᠴᠠᠬᠤ ᠠᠷᠭ᠎ᠠ | ᠬᠡᠮᠵᠢᠶ᠎ᠡ ᠳᠤᠷᠠᠳᠴᠤ᠂ ᠲᠦᠭᠰᠢᠭᠦᠷᠢᠲᠦ ᠪᠠᠶᠢᠳᠠᠯ ᠪᠠ ᠭᠠᠮᠰᠢᠭ ᠤᠨ ᠪᠠᠶᠢᠳᠠᠯ ᠤᠨ ᠪᠣᠳᠠᠲᠠᠶ ᠪᠠᠶᠢᠳᠠᠯ ᠢ ᠦᠨᠳᠦᠰᠦᠯᠡᠨ | ᠰᠦᠷᠳᠡᠭᠦᠯᠦᠯ ᠳᠤ ᠤᠴᠠᠷᠠᠭᠰᠠᠨ ᠣᠯᠠᠨ ᠲᠦᠮᠡᠨ ᠢ ᠠᠯᠪᠠᠳᠠᠯᠭ᠎ᠠ ᠪᠠᠷ ᠵᠣᠬᠢᠶᠠᠨ ᠪᠠᠶᠢᠭᠤᠯᠵᠤ ᠭᠠᠮᠰᠢᠭ ᠠᠴᠠ | ᠵᠠᠶᠢᠯᠠᠭᠤᠯᠤᠨ ᠲᠠᠷᠬᠠᠭᠠᠬᠤ ᠬᠡᠷᠡᠭᠲᠡᠶ ᠭᠡᠵᠦ ᠳᠤᠷᠠᠳᠴᠠᠶ︔ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ | ᠳᠣᠤᠷ᠎ᠠ᠂ ᠲᠣᠭᠤᠷᠢᠭ ᠤᠨ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠠᠵᠢᠯ ᠤᠨ ᠪᠠᠴᠢᠮ ᠪᠠᠶᠢᠳᠠᠯ ᠢ | ᠠᠷᠭᠠᠴᠠᠬᠤ ᠵᠢᠯᠣᠭᠤᠳᠬᠤ ᠭᠠᠵᠠᠷ ᠠᠴᠠ ᠪᠣᠳᠠᠲᠠᠶ ᠵᠢᠯᠣᠭᠤᠳᠴᠤ᠂ ᠵᠣᠬᠢᠴᠠᠭᠤᠯᠵᠤ᠂ ᠣᠷᠣᠨ ᠰᠠᠭᠤᠴᠠ ᠪᠠ | ᠪᠦᠲᠦᠭᠡᠨ ᠪᠠᠶᠢᠭᠤᠯᠤᠯᠲᠠ᠂ ᠲᠤᠰᠢᠶᠠᠵᠤ ᠲᠡᠭᠡᠭᠡᠪᠦᠷᠢᠯᠡᠬᠦ᠂ ᠤᠰᠤᠨ ᠠᠰᠢᠭᠯᠠᠯᠲᠠ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ᠂ ᠠᠷᠠᠳ ᠤᠨ ᠶᠠᠪᠤᠳᠠᠯ᠂ ᠡᠳ᠋ ᠤᠨ ᠵᠠᠰᠠᠭ᠂ ᠴᠠᠭ ᠠᠭᠤᠷ ᠵᠡᠷᠭᠡ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠨ ᠲᠤᠰᠬᠠᠶ ᠮᠡᠷᠭᠡᠵᠢᠯᠲᠡᠨ ᠪᠠ ᠬᠥᠮᠦᠰ ᠢ ᠵᠣᠬᠢᠶᠠᠨ ᠪᠠᠶᠢᠭᠤᠯᠵᠤ᠂ ᠴᠠᠭ ᠲᠤᠬᠠᠶ ᠳᠤᠨᠢ ᠲᠤᠬᠠᠶ ᠶᠢᠨ | ᠲᠠᠯᠠᠪᠤᠷ ᠲᠤ ᠬᠦᠷᠴᠦ᠂ ᠬᠢᠨᠠᠨ ᠬᠡᠮᠵᠢᠬᠦ ᠪᠠᠨ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ | ᠠᠪᠴᠤ᠂ ᠭᠠᠶ ᠭᠠᠮᠰᠢᠭ ᠤᠨ ᠤᠯᠠᠮ ᠨᠢᠭᠡ ᠠᠯᠬᠤᠮ ᠥᠷᠭᠡᠳᠬᠦ ᠶᠢ ᠰᠡᠷᠭᠡᠶᠢᠯᠡᠵᠦ᠂ ᠠᠶᠤᠯ ᠭᠠᠮᠰᠢᠭ ᠠᠴᠠ ᠠᠪᠤᠷᠠᠨ | ᠭᠠᠮᠰᠢᠭ ᠠᠴᠠ ᠠᠪᠤᠷᠠᠬᠤ ᠠᠴᠠ ᠬᠤᠶᠠᠳᠠᠬᠢ ᠤᠳᠠᠭ᠎ᠠ ᠬᠥᠮᠦᠨ ᠦᠬᠦᠵᠦ ᠰᠢᠷᠬᠠᠲᠤᠬᠤ ᠠᠴᠠ ᠵᠠᠶᠢᠯᠠᠰᠬᠢᠬᠦ ᠬᠡᠷᠡᠭᠲᠡᠶ᠃ | | ᠴᠢᠬᠤᠯᠠ ᠲᠠᠢ ᠦᠶ᠎ᠡ ᠳᠤ᠂ ᠬᠤᠲᠠ ᠶᠢᠨ ᠵᠠᠰᠠᠭ ᠤᠨ ᠣᠷᠳᠣᠨ ᠳᠤ ᠠᠵᠢᠯ ᠤᠨ ᠳᠤᠭᠤᠶᠢᠯᠠᠩ ᠲᠣᠮᠢᠯᠠᠨ | ᠭᠠᠮᠰᠢᠭ ᠤᠨ ᠲᠤᠬᠠᠶ ᠶᠢᠨ ᠭᠠᠵᠠᠷ ᠲᠤ ᠣᠴᠢᠭᠤᠯᠵᠤ᠂ ᠭᠠᠵᠠᠷ ᠤᠨ ᠭᠠᠶ ᠭᠠᠮᠰᠢᠭ ᠤᠨ ᠪᠠᠴᠢᠮ ᠪᠠᠶᠢᠳᠠᠯ ᠢ | ᠠᠷᠭᠠᠴᠠᠬᠤ ᠠᠵᠢᠯ ᠢ ᠰᠠᠶᠢᠲᠤᠷ ᠬᠢᠬᠦ ᠶᠢ ᠵᠢᠯᠣᠭᠤᠳᠤᠨ᠎ᠠ᠃ | ︵ᠲᠠᠪᠤ︶ ᠪᠠᠴᠢᠮ ᠪᠠᠶᠢᠳᠠᠯ ᠢ ᠠᠷᠭᠠᠴᠠᠬᠤ ᠴᠤᠤᠷᠢᠶᠠᠳᠣᠯ ᠳᠠᠭᠤᠰᠪᠠ | ᠲᠤᠰᠬᠠᠶ ᠮᠡᠷᠭᠡᠵᠢᠯᠲᠡᠨ ᠤ ᠳᠤᠭᠤᠶᠢᠯᠠᠩ ᠢᠶᠠᠷ ᠳᠠᠮᠵᠢᠭᠤᠯᠤᠨ ᠭᠠᠵᠠᠷ ᠤᠨ ᠭᠠᠶ ᠭᠠᠮᠰᠢᠭ ᠤᠨ ᠲᠦᠭᠰᠢᠭᠦᠷᠢᠲᠦ | ᠪᠠᠶᠢᠳᠠᠯ ᠪᠤᠶᠤ ᠭᠠᠮᠰᠢᠭ ᠤᠨ ᠪᠠᠶᠢᠳᠠᠯ ᠢ ᠨᠢᠭᠡᠨᠲᠡ ᠠᠷᠢᠯᠭᠠᠭᠰᠠᠨ ᠪᠤᠶᠤ ᠪᠦᠲᠦᠮᠵᠢᠲᠡᠶ ᠡᠵᠡᠮᠳᠡᠭᠰᠡᠨ ᠤ ᠳᠠᠷᠠᠭ᠎ᠠ᠂ | ᠣᠷᠣᠨ ᠤ ᠵᠠᠰᠠᠭ ᠤᠨ ᠣᠷᠳᠣᠨ ᠠᠴᠠ ᠬᠤᠪᠢᠶᠠᠷᠢᠯᠠᠨ ᠲᠣᠭᠲᠠᠭᠠᠭᠰᠠᠨ ᠭᠠᠵᠠᠷ ᠤᠨ ᠭᠠᠶ ᠭᠠᠮᠰᠢᠭ ᠤᠨ ᠠᠶᠤᠯᠲᠤ | ᠣᠷᠣᠨ ᠢ ᠬᠦᠴᠦᠨ ᠥᠬᠡᠶ ᠪᠣᠯᠭᠠᠵᠤ᠂ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠵᠤ ᠬᠢᠬᠦ ᠠᠵᠢᠯ ᠳᠠᠭᠤᠰᠴᠠᠶ᠃ | ᠵᠢᠷᠭᠤᠭ᠎ᠠ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ | ︵ᠨᠢᠭᠡ︶ ᠪᠠᠴᠢᠮ ᠠᠪᠤᠷᠠᠯᠲᠠ | ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠠᠴᠠ ᠳᠣᠲᠣᠭᠠᠳᠤ ᠶᠢ ᠬᠠᠮᠠᠭᠠᠯᠠᠬᠤ᠂ | ᠭᠠᠯ ᠤᠨᠲᠠᠷᠠᠭᠠᠬᠤ ᠡᠩᠨᠡᠭᠡ ᠶᠢ ᠵᠣᠬᠢᠶᠠᠨ ᠪᠠᠶᠢᠭᠤᠯᠤᠨ ᠳᠠᠶᠢᠴᠢᠯᠠᠵᠤ᠂ ᠭᠠᠮᠰᠢᠭᠳᠠᠭᠰᠠᠨ ᠲᠣᠭᠤᠷᠢᠭ ᠤᠨ ᠵᠠᠰᠠᠭ ᠤᠨ | ᠣᠷᠳᠣᠨ ᠢ ᠬᠠᠮᠵᠢᠨ ᠭᠠᠮᠰᠢᠭ ᠤᠨ ᠰᠦᠷᠳᠡᠭᠦᠯᠦᠯ ᠳᠤ ᠤᠴᠠᠷᠠᠭᠰᠠᠨ ᠰᠠᠭᠤᠭᠠᠯᠢ ᠠᠷᠠᠳ ᠵᠢᠴᠢ ᠪᠤᠰᠤᠳ ᠬᠥᠮᠦᠰ ᠢ | ᠲᠠᠷᠬᠠᠭᠠᠬᠤ᠂ ᠠᠮᠤᠷ ᠲᠦᠪᠰᠢᠨ ᠣᠷᠣᠨ ᠪᠦᠰᠡ ᠳᠤ ᠰᠢᠯᠵᠢᠭᠦᠯᠬᠦ᠂ ᠪᠠᠶᠢᠳᠠᠯ ᠪᠠᠴᠢᠮ ᠪᠣᠯᠬᠤ ᠦᠶ᠎ᠡ ᠳᠤ᠂ | ᠭᠠᠮᠰᠢᠭ ᠠᠴᠠ ᠵᠠᠶᠢᠯᠠᠭᠤᠯᠤᠨ ᠲᠠᠷᠬᠠᠭᠠᠬᠤ ᠠᠵᠢᠯ ᠢ ᠠᠯᠪᠠᠳᠠᠯᠭ᠎ᠠ ᠪᠠᠷ ᠵᠣᠬᠢᠶᠠᠨ ᠪᠠᠶᠢᠭᠤᠯᠵᠤ ᠪᠣᠯᠤᠨ᠎ᠠ︔ ᠨᠢᠭᠡᠨᠲᠡ | ᠡᠭᠦᠰᠦᠭᠰᠡᠨ ᠪᠤᠶᠤ ᠡᠭᠦᠰᠴᠦ ᠮᠡᠳᠡᠬᠦ ᠤᠰᠤᠨ ᠭᠠᠮᠰᠢᠭ᠂ ᠭᠠᠯ ᠤᠨ ᠠᠶᠤᠯ᠂ ᠳᠡᠯᠪᠡᠷᠡᠯᠲᠡ ᠵᠢᠴᠢ ᠰᠢᠷᠦᠭᠦᠨ ᠬᠤᠣᠷ | ᠪᠠ ᠴᠢᠩᠭ᠎ᠠ ᠢᠳᠡᠭᠳᠡᠭᠦᠯᠬᠦ ᠴᠢᠨᠠᠷᠲᠠᠶ ᠪᠣᠳᠠᠰ ᠭᠤᠭᠤᠵᠢᠵᠤ ᠪᠠᠶᠢᠭ᠎ᠠ ᠵᠡᠷᠭᠡ ᠡᠭᠦᠰᠦᠮᠡᠯ ᠭᠠᠮᠰᠢᠭ ᠠᠴᠠ ᠠᠶᠤᠯ ᠠᠴᠠ | ᠠᠪᠤᠷᠠᠵᠤ᠂ ᠳᠠᠯᠳᠠ ᠭᠡᠮ ᠢ ᠠᠷᠢᠯᠭᠠᠬᠤ ᠬᠡᠷᠡᠭᠲᠡᠶ᠃ | ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ | ᠤᠰᠤᠨ ᠠᠰᠢᠭᠯᠠᠯᠲᠠ ᠶᠢᠨ ᠲᠣᠪᠴᠢᠶ᠎ᠠ᠂ ᠤᠯᠤᠰ ᠤᠨ ᠴᠠᠬᠢᠯᠭᠠᠨ ᠲᠣᠤᠷ ᠤᠨ ᠶᠤᠸᠠᠨ ᠪᠦᠦ ᠱᠠᠨ ᠴᠠᠬᠢᠯᠭᠠᠨ | ᠬᠠᠩᠭᠠᠬᠤ ᠺᠣᠮᠫᠠᠨᠢ ᠵᠡᠷᠭᠡ ᠰᠠᠯᠠᠭ᠎ᠠ ᠮᠥᠴᠢᠷ ᠤᠳ ᠪᠦᠲᠦᠮᠵᠢᠲᠡᠶ ᠠᠷᠭ᠎ᠠ ᠬᠡᠮᠵᠢᠶ᠎ᠡ ᠠᠪᠬᠤ ᠶᠢ ᠬᠠᠷᠢᠭᠤᠴᠠᠵᠤ᠂ | ᠡᠭᠦᠰᠴᠦ ᠮᠡᠳᠡᠬᠦ ᠭᠠᠮᠰᠢᠭ ᠤᠨ ᠳᠠᠯᠳᠠ ᠬᠡᠮ ᠢ ᠠᠷᠢᠯᠭᠠᠵᠤ᠂ ᠤᠰᠤ ᠬᠠᠩᠭᠠᠬᠤ᠂ ᠴᠠᠬᠢᠯᠭᠠᠨ ᠬᠠᠩᠭᠠᠬᠤ ᠵᠡᠷᠭᠡ | ᠠᠮᠢᠨ ᠰᠤᠳᠠᠰᠤᠨ ᠤ ᠪᠡᠯᠡᠳᠬᠡᠮᠵᠢ ᠶᠢᠨ ᠡᠪᠳᠡᠭᠳᠡᠭᠰᠡᠨ ᠥᠬᠡᠶ ᠪᠠᠶᠢᠬᠤ ᠶᠢ ᠬᠠᠮᠠᠭᠠᠯᠠᠨ᠎ᠠ︔ ᠡᠪᠳᠡᠭᠳᠡᠭᠰᠡᠨ ᠤᠰᠤ | ᠬᠠᠩᠭᠠᠬᠤ᠂ ᠴᠠᠬᠢᠯᠭᠠᠨ ᠬᠠᠩᠭᠠᠬᠤ᠂ ᠤᠰᠤᠨ ᠠᠰᠢᠭᠯᠠᠯᠲᠠ ᠵᠡᠷᠭᠡ ᠪᠡᠯᠡᠳᠬᠡᠮᠵᠢ ᠶᠢ ᠵᠠᠪᠳᠤᠨ ᠵᠠᠰᠠᠵᠤ᠂ ᠬᠡᠪ ᠤᠨ | ᠠᠵᠢᠯᠯᠠᠭᠠᠨ ᠢ ᠪᠠᠲᠤᠯᠠᠨ᠎ᠠ᠃ | ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠨᠢ ᠭᠠᠮᠰᠢᠭᠳᠠᠭᠰᠠᠨ | ᠠᠭᠤᠷᠬᠠᠢ ᠶᠢᠨ ᠠᠶᠤᠯ ᠭᠠᠮᠰᠢᠭ ᠠᠴᠠ ᠠᠪᠤᠷᠠᠬᠤ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠵᠤ᠂ ᠬᠤᠳᠳᠤᠭ | ᠳᠣᠣᠷᠠᠬᠢ ᠬᠥᠮᠥᠰ ᠢ ᠵᠣᠬᠢᠶᠠᠨ ᠪᠠᠶᠢᠭᠤᠯᠤᠨ ᠠᠶᠤᠯ ᠲᠠᠢ ᠣᠷᠣᠨ ᠠᠴᠠ ᠵᠠᠶᠢᠯᠠᠭᠤᠯᠵᠤ᠂ ᠰᠢᠷᠬᠠᠲᠤᠭᠰᠠᠳ ᠢ | ᠲᠦᠷᠭᠡᠨ ᠠᠪᠤᠷᠠᠵᠤ᠂ ᠠᠯᠠᠭ᠎ᠠ ᠪᠣᠯᠤᠭᠰᠠᠨ ᠬᠥᠮᠥᠰ ᠢ ᠡᠷᠢᠵᠦ᠂ ᠡᠪᠳᠡᠭᠳᠡᠭᠰᠡᠨ ᠠᠭᠤᠷᠬᠠᠢ ᠶᠢᠨ ᠲᠥᠬᠦᠭᠡᠷᠦᠮᠵᠢ | ᠲᠥᠬᠦᠭᠡᠷᠦᠮᠵᠢ ᠶᠢ ᠱᠠᠯᠠᠪᠳᠠᠨ ᠵᠠᠰᠠᠨ᠎ᠠ᠃ | ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠨᠢ ᠶᠠᠳᠠᠭᠤ ᠬᠦᠴᠢᠷᠳᠡᠯᠲᠡᠶ ᠭᠠᠵᠠᠷ ᠣᠷᠣᠨ ᠤ | ᠭᠠᠮᠰᠢᠭ ᠤᠨ ᠳᠠᠷᠠᠭ᠎ᠠ ᠰᠡᠷᠭᠦᠭᠡᠨ ᠳᠠᠬᠢᠨ ᠪᠠᠶᠢᠭᠤᠯᠬᠤ ᠠᠵᠢᠯ ᠢ ᠬᠠᠷᠢᠭᠤᠴᠠᠨ ᠵᠢᠯᠣᠭᠤᠳᠤᠨ᠎ᠠ᠃ | ︵ᠬᠤᠶᠠᠷ︶ ᠪᠠᠴᠢᠮ ᠪᠠᠶᠢᠳᠠᠯ ᠢ ᠠᠷᠭᠠᠴᠠᠭᠠᠬᠤ ᠪᠠᠶᠢᠴᠠᠭᠠᠯᠲᠠ᠂ ᠬᠢᠨᠠᠨ ᠬᠡᠮᠵᠢᠯᠲᠡ ᠪᠠ ᠵᠠᠰᠠᠯᠲᠠ | ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠨᠢ ᠭᠠᠵᠠᠷ ᠤᠨ ᠭᠠᠶ ᠭᠠᠮᠰᠢᠭ ᠤᠨ | ᠪᠣᠳᠠᠲᠤ ᠪᠠᠶᠢᠳᠠᠯ᠂ ᠭᠠᠵᠠᠷ ᠤᠨ ᠭᠠᠶ ᠭᠠᠮᠰᠢᠭ ᠢ ᠬᠢᠨᠠᠨ ᠬᠡᠮᠵᠢᠬᠦ ᠵᠡᠷᠭᠡ ᠬᠤᠯᠪᠣᠭᠳᠠᠯ ᠪᠥᠬᠦᠶ ᠡᠬᠢ ᠪᠠᠶᠠᠯᠢᠭ ᠤᠨ | ᠮᠡᠳᠡᠭᠡ ᠵᠠᠩᠭᠢ ᠬᠠᠩᠭᠠᠬᠤ ᠶᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠬᠤ ᠪᠠᠶᠢᠴᠠᠭᠠᠯᠲᠠ ᠪᠠ ᠪᠠᠴᠢᠮ | ᠪᠠᠶᠢᠳᠠᠯ ᠢ ᠠᠷᠭᠠᠴᠠᠵᠤ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠵᠤ᠂ ᠭᠠᠮᠰᠢᠭ ᠤᠨ ᠬᠥᠭᠵᠢᠯᠲᠡ ᠶᠢᠨ | ᠬᠠᠨᠳᠤᠰᠢ ᠶᠢ ᠲᠥᠰᠦᠭᠡᠯᠡᠵᠦ᠂ ᠴᠢᠬᠤᠯᠠ ᠪᠥᠬᠦᠶ ᠪᠠᠴᠢᠮ ᠪᠠᠶᠢᠳᠠᠯ ᠢ ᠠᠷᠭᠠᠴᠠᠵᠤ ᠵᠠᠰᠠᠬᠤ ᠢᠨᠵᠧᠨᠧᠷᠢᠩ ᠢ | ᠳᠤᠷᠠᠳᠴᠤ᠂ ᠲᠦᠭᠰᠢᠭᠦᠷᠢᠲᠦ ᠪᠠᠶᠢᠳᠠᠯ ᠭᠠᠮᠰᠢᠭ ᠤᠨ ᠪᠠᠶᠢᠳᠠᠯ ᠢ ᠤᠳᠠᠭᠠᠰᠢᠷᠠᠭᠤᠯᠬᠤ ᠪᠠ ᠠᠷᠢᠯᠭᠠᠬᠤ ᠤᠯᠠᠮ ᠨᠢᠭᠡ | ᠠᠯᠬᠤᠮ ᠬᠥᠭᠵᠢᠭᠦᠯᠦᠨ᠎ᠡ᠃ | ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠨᠢ ᠡᠯ᠎ᠡ ᠠᠭᠤᠷᠬᠠᠶ ᠶᠢᠨ | ᠮᠠᠯᠲᠠᠬᠤ ᠣᠷᠣᠨ ᠤ ᠬᠡᠪᠴᠢᠶᠡᠨ ᠳᠠᠬᠢ ᠭᠠᠵᠠᠷ ᠤᠨ ᠭᠠᠶ ᠭᠠᠮᠰᠢᠭ ᠤᠨ ᠪᠠᠶᠢᠴᠠᠭᠠᠯᠲᠠ ᠶᠢ ᠬᠠᠷᠢᠭᠤᠴᠠᠵᠤ᠂ | ᠠᠭᠤᠷᠬᠠᠶ ᠶᠢᠨ ᠠᠶᠤᠯ ᠥᠬᠡᠶ ᠦᠢᠯᠡᠳᠪᠦᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠪᠦᠲᠦᠮᠵᠢᠲᠡᠶ ᠠᠷᠭ᠎ᠠ ᠬᠡᠮᠵᠢᠶ᠎ᠡ | ᠠᠪᠴᠤ ᠪᠠᠶᠢᠭᠠᠳ ᠠᠭᠤᠷᠬᠠᠶ ᠶᠢᠨ ᠭᠠᠵᠠᠷ ᠤᠨ ᠭᠠᠳᠠᠷᠭᠤ ᠴᠥᠮᠥᠷᠡᠬᠦ᠂ ᠭᠠᠵᠠᠷ ᠤᠨ ᠠᠩ ᠴᠠᠪᠠ ᠭᠠᠷᠬᠤ᠂ ᠪᠡᠯ | ᠶᠡᠭᠦᠷᠡᠬᠦ᠂ ᠰᠢᠪᠠᠷ ᠴᠢᠯᠠᠭᠤᠨ ᠤ ᠤᠷᠤᠰᠬᠠᠯ ᠵᠡᠷᠭᠡ ᠭᠠᠵᠠᠷ ᠤᠨ ᠭᠠᠮᠰᠢᠭ ᠠᠴᠠ ᠪᠣᠯᠵᠤ ᠠᠭᠤᠷᠬᠠᠶ ᠶᠢᠨ ᠠᠮᠤᠷ | ᠲᠦᠪᠰᠢᠨ ᠤ ᠡ᠊ᠨᠳᠡᠯ ᠭᠠᠷᠬᠤ ᠶᠢ ᠰᠡᠷᠭᠡᠶᠢᠯᠡᠬᠦ ᠬᠡᠷᠡᠭᠲᠡᠶ︔ ᠠᠭᠤᠷᠬᠠᠶ ᠶᠢᠨ ᠣᠷᠣᠨ ᠤ ᠦᠶᠡᠷ ᠤᠨ | ᠬᠤᠭᠤᠴᠠᠭᠠᠨ ᠳᠤ ᠪᠠᠶᠢᠴᠠᠭᠠᠯᠲᠠ ᠬᠢᠬᠦ ᠪᠠ ᠳᠠᠯᠳᠠ ᠭᠡᠮ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ | ᠴᠥᠮᠥᠷᠡᠭᠰᠡᠨ ᠨᠦᠬᠡᠨ ᠳᠤ ᠤᠰᠤ ᠬᠤᠷᠠᠬᠤ ᠵᠡᠷᠭᠡ ᠭᠠᠵᠠᠷ ᠤᠨ ᠭᠠᠳᠠᠷᠭᠤ ᠶᠢᠨ ᠤᠰᠤᠨ ᠳᠤ ᠣᠷᠣᠵᠤ | ᠠᠭᠤᠷᠬᠠᠢ ᠶᠢᠨ ᠡ᠊ᠨᠳᠡᠯ ᠭᠠᠷᠬᠤ ᠶᠢ ᠰᠡᠷᠭᠡᠶᠢᠯᠡᠬᠦ ᠬᠡᠷᠡᠭᠲᠡᠶ᠃ | ᠲᠣᠭᠤᠷᠢᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠤᠰᠤᠨ ᠤ ᠪᠠᠶᠢᠳᠠᠯ ᠪᠣᠯᠤᠨ ᠦᠶᠡᠷ ᠤᠨ | ᠪᠠᠶᠢᠳᠠᠯ ᠢ ᠬᠢᠨᠠᠨ ᠬᠡᠮᠵᠢᠬᠦ ᠵᠢᠴᠢ ᠭᠠᠵᠠᠷ ᠤᠨ ᠭᠠᠮᠰᠢᠭ ᠠᠴᠠ ᠪᠣᠯᠤᠭᠰᠠᠨ ᠦᠶᠡᠷ ᠤᠰᠤᠲᠤᠯ ᠤᠨ ᠭᠠᠮᠰᠢᠭ ᠢ | ᠰᠢᠢᠳᠪᠦᠷᠢᠯᠡᠬᠦ ᠶᠢ ᠬᠠᠷᠢᠭᠤᠴᠠᠨ᠎ᠠ᠃ ᠭᠠᠵᠠᠷ ᠤᠨ ᠭᠠᠶ ᠭᠠᠮᠰᠢᠭ ᠢ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ | ᠮᠡᠳᠡᠭᠡᠯᠡᠬᠦ ᠳᠤ ᠬᠡᠷᠡᠭᠰᠡᠬᠦ ᠴᠠᠭ ᠠᠭᠤᠷ ᠤᠨ ᠮᠠᠲ᠋ᠧᠷᠢᠶᠠᠯ ᠤᠨ ᠮᠡᠳᠡᠭᠡ ᠵᠠᠩᠭᠢ ᠶᠢ ᠬᠠᠩᠭᠠᠵᠤ᠂ ᠭᠠᠮᠰᠢᠭᠳᠠᠭᠰᠠᠨ | ᠣᠷᠣᠨ ᠤ ᠴᠠᠭ ᠠᠭᠤᠷ ᠤᠨ ᠨᠥᠬᠦᠴᠡᠯ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠬᠡᠷᠡᠭᠲᠡᠶ᠃ | ︵ᠭᠤᠷᠪᠠ︶ ᠡᠮᠴᠢᠯᠡᠨ ᠠᠪᠤᠷᠠᠬᠤ ᠪᠠ ᠡᠷᠡᠭᠦᠯ ᠬᠠᠮᠠᠭᠠᠯᠠᠯ ᠤᠨ ᠬᠢᠵᠢᠭ ᠰᠡᠷᠭᠡᠶᠢᠯᠡᠯᠲᠡ | ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠣᠷᠣᠨ ᠨᠤᠲᠤᠭ ᠤᠨ ᠡᠷᠡᠭᠦᠯ ᠬᠠᠮᠠᠭᠠᠯᠠᠯ ᠤᠨ | ᠰᠠᠯᠠᠭ᠎ᠠ ᠮᠥᠴᠢᠷ ᠤᠨ ᠡᠮᠴᠢᠯᠡᠭᠡᠨ ᠤ ᠠᠪᠤᠷᠠᠨ ᠵᠠᠰᠠᠬᠤ ᠠᠵᠢᠯ ᠥᠷᠨᠢᠭᠦᠯᠬᠦ ᠶᠢ ᠬᠠᠷᠢᠭᠤᠴᠠᠨ ᠵᠣᠬᠢᠶᠠᠨ ᠪᠠᠶᠢᠭᠤᠯᠵᠤ | ᠵᠣᠬᠢᠴᠠᠭᠤᠯᠵᠤ᠂ ᠭᠠᠮᠰᠢᠭᠳᠠᠭᠰᠠᠨ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠ ᠡᠷᠡᠭᠦᠯ | ᠬᠠᠮᠠᠭᠠᠯᠠᠯ ᠤᠨ ᠬᠢᠨᠠᠯᠲᠠ ᠲᠠᠯᠪᠢᠬᠤ ᠠᠵᠢᠯ ᠢ ᠰᠠᠶᠢᠲᠤᠷ ᠬᠢᠵᠦ᠂ ᠬᠠᠯᠳᠠᠪᠤᠷᠢᠲᠤ ᠡᠪᠡᠳᠴᠢᠨ ᠡᠭᠦᠰᠬᠦ ᠪᠠ | ᠢᠳᠡᠭᠡᠨ ᠳᠤ ᠬᠤᠣᠷᠳᠠᠬᠤ ᠵᠡᠷᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠡᠭᠦᠰᠬᠦ ᠶᠢ | ᠰᠡᠷᠭᠡᠶᠢᠯᠡᠨ ᠪᠦᠲᠦᠮᠵᠢᠲᠡᠶ ᠬᠢᠵᠠᠭᠠᠷᠯᠠᠬᠤ ᠶᠢᠨ ᠬᠠᠮᠲᠤ ᠬᠡᠷᠡᠭᠴᠡᠭᠡ ᠪᠠᠨ ᠦᠨᠳᠦᠰᠦᠯᠡᠨ ᠭᠠᠮᠰᠢᠭᠳᠠᠭᠰᠠᠨ ᠣᠷᠣᠨ ᠤ | ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠲᠤ ᠮᠡᠷᠭᠡᠵᠢᠯ ᠤᠨ ᠳᠡᠮᠵᠢᠯᠭᠡ ᠬᠠᠩᠭᠠᠨ᠎ᠠ᠃ | ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠨᠢ ᠭᠠᠮᠰᠢᠭᠳᠠᠭᠰᠠᠨ ᠣᠷᠣᠨ ᠤ ᠠᠮᠢᠲᠠᠨ ᠤ | ᠬᠢᠵᠢᠭ ᠡᠪᠡᠳᠴᠢᠨ ᠢ ᠰᠡᠷᠭᠡᠶᠢᠯᠡᠬᠦ᠂ ᠬᠢᠵᠠᠭᠠᠷᠯᠠᠬᠤ ᠪᠠ ᠤᠰᠠᠳᠬᠠᠬᠤ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠵᠤ᠂ | ᠠᠮᠢᠲᠠᠨ ᠤ ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠶᠢ ᠴᠢᠩᠭᠠᠳᠬᠠᠵᠤ᠂ ᠦᠨᠡᠨᠬᠦ ᠪᠦᠲᠦᠮᠵᠢᠲᠡᠶ ᠠᠷᠭ᠎ᠠ ᠬᠡᠮᠵᠢᠶ᠎ᠡ | ᠠᠪᠴᠤ᠂ ᠠᠮᠢᠲᠠᠨ ᠤ ᠬᠢᠵᠢᠭ ᠡᠪᠡᠳᠴᠢᠨ ᠳᠡᠯᠭᠡᠷᠡᠬᠦ ᠶᠢ ᠰᠡᠷᠭᠡᠶᠢᠯᠡᠨ ᠬᠢᠵᠠᠭᠠᠷᠯᠠᠬᠤ ᠬᠡᠷᠡᠭᠲᠡᠶ᠃ | ︵ᠲᠦᠷᠪᠡ︶ ᠠᠮᠤᠷ ᠢ ᠬᠠᠮᠠᠭᠠᠯᠠᠬᠤ᠂ ᠵᠠᠮ ᠬᠠᠷᠢᠯᠴᠠᠭ᠎ᠠ ᠪᠠ ᠴᠢᠮᠡᠭᠡ ᠨᠡᠪᠲᠡᠷᠡᠯᠭᠡ | ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠠᠴᠠ ᠭᠠᠮᠰᠢᠭᠳᠠᠭᠰᠠᠨ ᠲᠣᠭᠤᠷᠢᠭ ᠤᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠬᠤ ᠶᠢ | ᠬᠠᠷᠢᠭᠤᠴᠠᠵᠤ᠂ ᠭᠠᠵᠠᠷ ᠤᠨ ᠭᠠᠶ ᠭᠠᠮᠰᠢᠭ ᠤᠨ ᠲᠦᠭᠰᠢᠭᠦᠷᠢᠲᠦ ᠪᠠᠶᠢᠳᠠᠯ ᠢ ᠵᠣᠷᠢᠭᠤᠳᠠ ᠥᠷᠭᠡᠳᠬᠡᠨ ᠤᠯᠠᠮᠵᠢᠯᠠᠬᠤ | ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠣᠬᠢᠯᠲᠠ ᠥᠭᠭᠦᠨ᠎ᠡ︔ ᠵᠠᠮ ᠬᠠᠷᠢᠯᠴᠠᠭ᠎ᠠ ᠶᠢ ᠦᠳᠲᠡᠷ ᠲᠦᠷᠭᠡᠨ | ᠨᠡᠪᠲᠡᠷᠡᠭᠦᠯᠵᠦ᠂ ᠴᠢᠬᠤᠯᠠ ᠲᠠᠢ ᠦᠶ᠎ᠡ ᠳᠤ ᠭᠠᠮᠰᠢᠭᠳᠠᠭᠰᠠᠨ ᠣᠷᠣᠨ ᠪᠠ ᠭᠠᠮᠰᠢᠭᠳᠠᠭᠰᠠᠨ ᠣᠷᠣᠨ ᠳᠤ ᠨᠡᠪᠲᠡᠷᠡᠬᠦ | ᠵᠠᠮ ᠳᠤ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠠᠪᠤᠭᠤᠯᠵᠤ᠂ ᠠᠶᠤᠯ ᠭᠠᠮᠰᠢᠭ ᠠᠴᠠ ᠠᠪᠤᠷᠠᠬᠤ ᠠᠵᠢᠯ ᠤᠨ | ᠤᠷᠤᠭᠰᠢᠲᠠᠶ ᠶᠠᠪᠤᠭᠳᠠᠬᠤ ᠶᠢ ᠪᠠᠲᠤᠯᠠᠨ᠎ᠠ᠃ | ᠲᠣᠭᠤᠷᠢᠭ ᠤᠨ ᠵᠠᠮ ᠬᠠᠷᠢᠯᠴᠠᠭᠠᠨ ᠤ ᠲᠡᠭᠡᠭᠡᠪᠦᠷᠢ ᠶᠢᠨ ᠲᠣᠪᠴᠢᠶ᠎ᠠ ᠬᠠᠷᠢᠭᠤᠴᠠᠨ ᠡᠮᠬᠢ ᠵᠢᠷᠤᠮ ᠲᠠᠢ ᠠᠷᠭ᠎ᠠ | ᠬᠡᠮᠵᠢᠶ᠎ᠡ ᠠᠪᠴᠤ᠂ ᠵᠠᠮ ᠬᠠᠷᠢᠯᠴᠠᠭᠠᠨ ᠤ ᠭᠤᠤᠯ ᠱᠤᠭᠤᠮ ᠤᠨ ᠠᠮᠤᠷ ᠲᠦᠪᠰᠢᠨ ᠢ ᠪᠠᠲᠤᠯᠠᠵᠤ᠂ ᠵᠠᠮ ᠤᠨ ᠰᠠᠭᠠᠳ | ᠦᠭᠡᠶ ᠨᠡᠪᠲᠡᠷᠡᠬᠦ ᠶᠢ ᠦᠨᠡᠨᠬᠦ ᠪᠠᠲᠤᠯᠠᠬᠤ ᠬᠡᠷᠡᠭᠲᠡᠶ︔ ᠡᠪᠳᠡᠭᠳᠡᠭᠰᠡᠨ ᠵᠠᠮ ᠬᠠᠷᠢᠯᠴᠠᠭᠠᠨ ᠤ ᠪᠡᠯᠡᠳᠬᠡᠮᠵᠢ ᠶᠢ ᠴᠠᠭ | ᠲᠤᠬᠠᠶ ᠳᠤᠨᠢ ᠵᠣᠬᠢᠶᠠᠨ ᠪᠠᠶᠢᠭᠤᠯᠤᠨ ᠵᠠᠪᠳᠤᠨ ᠵᠠᠰᠠᠵᠤ᠂ ᠭᠠᠮᠰᠢᠭ ᠠᠴᠠ ᠠᠪᠤᠷᠠᠬᠤ ᠡᠳ᠋ ᠪᠣᠳᠠᠰ ᠤᠨ ᠲᠡᠭᠡᠭᠡᠪᠦᠷᠢ ᠶᠢ | ᠪᠠᠲᠤᠯᠠᠬᠤ ᠬᠡᠷᠡᠭᠲᠡᠶ᠃ | ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠴᠠᠭ ᠠᠭᠤᠷ ᠢ ᠴᠠᠭ ᠲᠤᠬᠠᠶ ᠳᠤᠨᠢ | ᠤᠷᠢᠳᠴᠢᠯᠠᠨ ᠮᠡᠳᠡᠭᠡᠯᠡᠬᠦ᠂ ᠣᠷᠣᠨ ᠤ ᠲᠧᠯᠸᠢᠰ ᠬᠤᠷᠢᠶ᠎ᠠ ᠳᠤ ᠭᠠᠵᠠᠷ ᠤᠨ ᠭᠠᠮᠰᠢᠭ ᠡᠭᠦᠰᠦᠭᠰᠡᠨ ᠵᠢᠴᠢ | ᠠᠬᠢᠴᠠ ᠶᠢᠨ ᠪᠠᠶᠢᠳᠠᠯ ᠵᠢᠴᠢ ᠭᠠᠵᠠᠷ ᠤᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠶᠢ | ᠴᠠᠭ ᠲᠤᠬᠠᠶ ᠳᠤᠨᠢ ᠨᠡᠪᠲᠡᠷᠡᠭᠦᠯᠬᠦ ᠶᠢ ᠬᠠᠷᠢᠭᠤᠴᠠᠨ᠎ᠠ᠃ | ︵ᠲᠠᠪᠤ︶ ᠦᠨᠳᠦᠰᠦᠨ ᠠᠮᠢᠳᠤᠷᠠᠯ ᠤᠨ ᠪᠠᠲᠤᠯᠠᠭ᠎ᠠ | ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠭᠠᠮᠰᠢᠭᠳᠠᠭᠰᠠᠨ ᠣᠷᠣᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠢ ᠬᠠᠮᠵᠢᠨ ᠠᠶᠤᠯ ᠠᠴᠠ ᠵᠠᠶᠢᠯᠠᠬᠤ ᠪᠠ ᠭᠠᠮᠰᠢᠭᠳᠠᠭᠰᠠᠨ ᠣᠯᠠᠨ ᠲᠦᠮᠡᠨ ᠢ ᠲᠦᠷ ᠴᠠᠭ ᠲᠥᠪᠬᠢᠨᠡᠭᠦᠯᠬᠦ | ᠠᠵᠢᠯ ᠢ ᠰᠠᠶᠢᠲᠤᠷ ᠬᠢᠵᠦ᠂ ᠠᠶᠤᠯ ᠠᠴᠠ ᠵᠠᠶᠢᠯᠠᠬᠤ ᠪᠠ ᠭᠠᠮᠰᠢᠭᠳᠠᠭᠰᠠᠨ ᠣᠯᠠᠨ ᠲᠦᠮᠡᠨ ᠤ ᠠᠮᠢᠳᠤᠷᠠᠯ ᠢ ᠲᠣᠬᠢᠲᠠᠶ | ᠲᠣᠬᠢᠷᠠᠭᠤᠯᠵᠤ᠂ ᠭᠠᠮᠰᠢᠭ ᠠᠴᠠ ᠠᠪᠤᠷᠠᠬᠤ ᠵᠣᠭᠤᠰ ᠮᠥᠩᠭᠦ ᠡᠳ᠋ ᠪᠣᠳᠠᠰ ᠢ ᠬᠤᠪᠢᠶᠠᠷᠢᠯᠠᠬᠤ᠂ ᠣᠯᠭᠤᠬᠤ ᠶᠢ | ᠵᠢᠯᠣᠭᠤᠳᠬᠤ᠂ ᠬᠢᠨᠠᠯᠲᠠ ᠲᠠᠯᠪᠢᠬᠤ ᠪᠠ ᠬᠠᠮᠢᠶᠠᠷᠬᠤ ᠠᠵᠢᠯ ᠢ ᠴᠢᠩᠭᠠᠳᠬᠠᠨ᠎ᠠ᠃ | ︵ᠵᠢᠷᠭᠤᠭ᠎ᠠ︶ ᠮᠡᠳᠡᠭᠡ ᠵᠠᠩᠭᠢ ᠮᠡᠳᠡᠭᠦᠯᠦᠨ ᠬᠦᠷᠭᠡᠬᠦ ᠪᠠ ᠰᠢᠢᠳᠪᠦᠷᠢᠯᠡᠬᠦ | ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠠᠴᠠ ᠠᠶᠤᠯ ᠲᠦᠭᠰᠢᠭᠦᠷᠢ ᠭᠠᠷᠤᠭᠰᠠᠨ | ᠴᠠᠭ᠂ ᠭᠠᠵᠠᠷ᠂ ᠬᠡᠪᠴᠢᠶ᠎ᠡ᠂ ᠳᠠᠯᠳᠠ ᠰᠦᠷᠳᠡᠭᠦᠯᠦᠯ᠂ ᠨᠥᠯᠥᠭᠡᠯᠡᠬᠦ ᠬᠡᠪᠴᠢᠶ᠎ᠡ ᠵᠢᠴᠢ ᠲᠠᠲᠠᠬᠤ ᠬᠦᠴᠦᠨ ᠵᠦᠢᠯ ᠢ | ᠵᠣᠬᠢᠶᠠᠨ ᠪᠠᠶᠢᠭᠤᠯᠤᠨ ᠪᠠᠶᠢᠴᠠᠭᠠᠵᠤ᠂ ᠬᠢᠨᠠᠨ ᠬᠠᠷᠭᠤᠭᠤᠯᠬᠤ ᠶᠢ ᠬᠠᠷᠢᠭᠤᠴᠠᠨ᠎ᠠ︔ ᠪᠠᠴᠢᠮ ᠪᠠᠶᠢᠳᠠᠯ ᠢ ᠠᠷᠭᠠᠴᠠᠵᠤ | ᠬᠢᠨᠠᠨ ᠬᠡᠮᠵᠢᠬᠦ ᠶᠢ ᠵᠣᠬᠢᠶᠠᠨ ᠪᠠᠶᠢᠭᠤᠯᠵᠤ᠂ ᠠᠶᠤᠯ ᠲᠦᠭᠰᠢᠭᠦᠷᠢ ᠭᠠᠮᠰᠢᠭ ᠤᠨ ᠪᠠᠶᠢᠳᠠᠯ ᠢ ᠴᠠᠭ ᠲᠤᠬᠠᠶ ᠳᠤᠨᠢ | ᠡᠵᠡᠮᠰᠢᠵᠦ᠂ ᠬᠥᠭᠵᠢᠯᠲᠡ ᠶᠢᠨ ᠬᠠᠨᠳᠤᠰᠢ ᠶᠢ ᠴᠠᠭ ᠲᠤᠬᠠᠶ ᠳᠤᠨᠢ ᠵᠠᠳᠠᠯᠤᠨ ᠲᠥᠰᠦᠭᠡᠯᠡᠵᠦ᠂ ᠲᠦᠭᠰᠢᠭᠦᠷᠢᠲᠦ | ᠪᠠᠶᠢᠳᠠᠯ ᠭᠠᠮᠰᠢᠭ ᠤᠨ ᠬᠤᠪᠢᠷᠠᠯᠲᠠ ᠶᠢ ᠴᠠᠭ ᠲᠤᠬᠠᠶ ᠳᠤᠨᠢ ᠦᠨᠳᠦᠰᠦᠯᠡᠨ ᠪᠠᠴᠢᠮ ᠪᠠᠶᠢᠳᠠᠯ ᠢ ᠠᠷᠭᠠᠴᠠᠵᠤ | ᠠᠶᠤᠯ ᠠᠴᠠ ᠠᠪᠤᠷᠠᠬᠤ ᠵᠢᠯᠣᠭᠤᠳᠬᠤ ᠭᠠᠵᠠᠷ ᠲᠤ ᠴᠠᠭ ᠲᠤᠬᠠᠶ ᠳᠤᠨᠢ ᠮᠡᠳᠡᠭᠦᠯᠦᠨ᠎ᠡ᠃ | ︵ᠳᠤᠯᠤᠭ᠎ᠠ︶ ᠪᠠᠴᠢᠮ ᠪᠠᠶᠢᠳᠠᠯ ᠢ ᠠᠷᠭᠠᠴᠠᠬᠤ ᠪᠡᠯᠡ ᠮᠦᠩᠭᠦ ᠶᠢᠨ ᠪᠠᠲᠤᠯᠠᠭ᠎ᠠ | ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠲᠣᠮᠣ ᠬᠡᠯᠪᠡᠷᠢ ᠶᠢᠨ ᠭᠠᠮᠰᠢᠭ ᠠᠴᠠ ᠠᠪᠤᠷᠠᠬᠤ | ᠪᠠ ᠪᠠᠴᠢᠮ ᠪᠠᠶᠢᠳᠠᠯ ᠢ ᠠᠷᠭᠠᠴᠠᠨ ᠵᠠᠰᠠᠬᠤ ᠲᠥᠷᠥᠯ ᠵᠦᠢᠯ ᠤᠨ ᠲᠥᠯᠥᠪᠯᠡᠭᠡ ᠶᠢ ᠵᠣᠬᠢᠴᠠᠭᠤᠯᠤᠨ ᠲᠣᠬᠢᠷᠠᠭᠤᠯᠬᠤ ᠶᠢ | ᠬᠠᠷᠢᠭᠤᠴᠠᠵᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠵᠣᠬᠢᠴᠠᠭᠤᠯᠵᠤ ᠪᠠᠶᠢᠭᠠᠳ ᠲᠥᠷᠥᠯ ᠵᠦᠢᠯ ᠤᠨ ᠪᠡᠯᠡ | ᠮᠥᠩᠭᠦ ᠶᠢ ᠨᠠᠶᠢᠳᠠᠪᠤᠷᠢᠵᠢᠭᠤᠯᠤᠨ᠎ᠠ᠃ | ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠨᠢ ᠪᠠᠴᠢᠮ ᠪᠠᠶᠢᠳᠠᠯ ᠢ ᠠᠷᠭᠠᠴᠠᠵᠤ ᠰᠡᠷᠭᠡᠶᠢᠯᠡᠨ ᠵᠠᠰᠠᠬᠤ ᠪᠠ | ᠭᠠᠮᠰᠢᠭ ᠠᠴᠠ ᠠᠪᠤᠷᠠᠬᠤ ᠨᠥᠬᠦᠪᠥᠷᠢ ᠪᠡᠯᠡ ᠮᠥᠩᠭᠦ ᠴᠤᠭᠯᠠᠭᠤᠯᠬᠤ ᠪᠠ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ | ᠭᠠᠵᠠᠷ ᠤᠨ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠬᠤ ᠪᠡᠯᠡ ᠮᠥᠩᠭᠦ ᠶᠢᠨ ᠲᠥᠰᠦᠪ ᠢ | ᠲᠣᠬᠢᠷᠠᠭᠤᠯᠤᠨ᠂ ᠭᠠᠮᠰᠢᠭ ᠠᠴᠠ ᠠᠪᠤᠷᠠᠬᠤ ᠵᠣᠭᠤᠰ ᠤᠨ ᠬᠤᠪᠢᠶᠠᠷᠢᠯᠠᠯᠲᠠ᠂ ᠣᠷᠣᠭᠤᠯᠤᠯᠲᠠ ᠶᠢᠨ ᠬᠠᠨᠳᠤᠰᠢ ᠪᠠ | ᠦᠷ᠎ᠡ ᠠᠰᠢᠭ ᠢ ᠬᠢᠨᠠᠨ ᠪᠠᠶᠢᠴᠠᠭᠠᠵᠤ᠂ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠬᠤ ᠵᠣᠭᠤᠰ ᠢ | ᠰᠠᠯᠭᠠᠨ ᠥᠭᠬᠦ ᠶᠢᠨ ᠬᠠᠮᠲᠤ ᠬᠡᠷᠡᠭᠯᠡᠬᠦ ᠶᠢ ᠬᠠᠷᠢᠭᠤᠴᠠᠨ᠎ᠠ᠃ | ᠳᠣᠯᠤᠭ᠎ᠠ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ | ︵ᠨᠢᠭᠡ︶ ᠪᠠᠴᠢᠮ ᠪᠠᠶᠢᠳᠠᠯ ᠢ ᠠᠷᠭᠠᠴᠠᠬᠤ ᠡᠩᠨᠡᠭᠡ᠂ ᠪᠡᠯᠡ ᠮᠥᠩᠭᠦ᠂ ᠡᠳ᠋ ᠪᠣᠳᠠᠰ᠂ ᠲᠣᠨᠣᠭᠯᠠᠯ ᠤᠨ | ᠪᠠᠲᠤᠯᠠᠭ᠎ᠠ | ᠭᠠᠵᠠᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠰᠡᠷᠭᠡᠶᠢᠯᠡᠨ ᠵᠠᠰᠠᠬᠤ ᠬᠢᠭᠡᠳ ᠭᠠᠮᠰᠢᠭ ᠠᠴᠠ | ᠠᠪᠤᠷᠠᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠭᠠᠮᠰᠢᠭ ᠭᠠᠷᠤᠭᠰᠠᠨ ᠤ ᠳᠠᠷᠠᠭᠠᠬᠢ ᠪᠠᠴᠢᠮ ᠪᠠᠶᠢᠳᠠᠯ ᠢ | ᠠᠷᠭᠠᠴᠠᠵᠤ ᠰᠡᠷᠭᠡᠶᠢᠯᠡᠨ ᠵᠠᠰᠠᠬᠤ ᠬᠢᠭᠡᠳ ᠭᠠᠮᠰᠢᠭ ᠠᠴᠠ ᠠᠪᠤᠷᠠᠬᠤ ᠬᠦᠴᠦᠨ ᠢ ᠴᠠᠭ ᠲᠤᠬᠠᠶ ᠳᠤᠨᠢ | ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠵᠤ ᠰᠡᠷᠭᠡᠶᠢᠯᠡᠨ ᠵᠠᠰᠠᠬᠤ | ᠬᠢᠭᠡᠳ ᠭᠠᠮᠰᠢᠭ ᠠᠴᠠ ᠠᠪᠤᠷᠠᠬᠤ ᠡᠩᠨᠡᠭᠡ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ᠂ ᠰᠢᠶᠠᠩ ᠪᠠᠯᠭᠠᠰᠤ᠂ | ᠲᠣᠰᠬᠤᠨ᠂ ᠨᠡᠶᠢᠭᠡᠮ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠠᠶᠢᠨ ᠳᠤᠷ᠎ᠠ ᠶᠢᠨ | ᠠᠵᠢᠯᠯᠠᠭᠰᠠᠳ ᠤᠨ ᠵᠣᠬᠢᠶᠠᠨ ᠪᠠᠶᠢᠭᠤᠯᠤᠯᠲᠠ ᠵᠡᠷᠭᠡ ᠶᠢ ᠡᠩ ᠤᠨ ᠦ᠊ ᠡᠶ᠎ᠡ ᠳᠤ ᠪᠠᠴᠢᠮ ᠪᠠᠶᠢᠳᠠᠯ ᠢ ᠠᠷᠭᠠᠴᠠᠵᠤ | ᠰᠡᠷᠭᠡᠶᠢᠯᠡᠨ ᠵᠠᠰᠠᠬᠤ ᠬᠢᠭᠡᠳ ᠭᠠᠮᠰᠢᠭ ᠠᠴᠠ ᠠᠪᠤᠷᠠᠬᠤ ᠰᠣᠷᠢᠯᠲᠠ ᠶᠢ ᠴᠢᠭᠯᠡᠭᠦᠯᠬᠦ ᠴᠢᠨᠠᠷᠲᠠᠶ ᠪᠠᠷ ᠥᠷᠨᠢᠭᠦᠯᠵᠦ᠂ | ᠪᠠᠴᠢᠮ ᠪᠠᠶᠢᠳᠠᠯ ᠢ ᠠᠷᠭᠠᠴᠠᠵᠤ ᠰᠡᠷᠭᠡᠶᠢᠯᠡᠨ ᠵᠠᠰᠠᠬᠤ ᠬᠢᠭᠡᠳ ᠭᠠᠮᠰᠢᠭ ᠠᠴᠠ ᠠᠪᠤᠷᠠᠬᠤ ᠴᠢᠳᠠᠪᠤᠷᠢ ᠶᠢ | ᠳᠡᠭᠡᠭᠰᠢᠯᠡᠭᠦᠯᠬᠦ ᠬᠡᠷᠡᠭᠲᠡᠶ᠃ | ᠭᠠᠵᠠᠷ ᠤᠨ ᠭᠠᠶ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠡᠷᠭᠡᠶᠢᠯᠡᠨ ᠵᠠᠰᠠᠬᠤ ᠪᠠ ᠭᠠᠮᠰᠢᠭ ᠠᠴᠠ | ᠠᠪᠤᠷᠬᠠᠤ ᠵᠠᠷᠤᠳᠠᠯ ᠢ ᠲᠣᠭᠤᠷᠢᠭ ᠤᠨ ᠵᠠᠰᠠᠭ ᠤᠨ ᠣᠷᠳᠣᠨ ᠤ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠤᠨ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠪᠠ ᠪᠠᠴᠢᠮ ᠰᠢᠢᠳᠪᠦᠷᠢᠯᠡᠬᠦ ᠶᠡᠷᠦᠩᠬᠡᠶ ᠵᠠᠷᠤᠳᠠᠯ ᠳᠤ ᠣᠷᠣᠭᠤᠯᠤᠨ᠎ᠠ᠃ | ᠲᠣᠭᠤᠷᠢᠭ ᠤᠨ ᠵᠠᠰᠠᠭ ᠤᠨ ᠣᠷᠳᠣᠨ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ ᠶᠢ ᠵᠣᠬᠢᠶᠠᠨ | ᠪᠠᠶᠢᠭᠤᠯᠤᠨ ᠭᠠᠮᠰᠢᠭᠳᠠᠭᠰᠠᠨ ᠠᠷᠠᠳ ᠢ ᠲᠥᠪᠬᠢᠨᠡᠭᠦᠯᠬᠦ᠂ ᠡᠮ ᠡᠮᠨᠡᠯᠭᠡ ᠡᠷᠡᠭᠦᠯ ᠬᠠᠮᠠᠭᠠᠯᠠᠯ᠂ ᠠᠮᠢᠳᠤᠷᠠᠯ ᠤᠨ | ᠴᠢᠬᠤᠯᠠ ᠬᠡᠷᠡᠭᠴᠡᠭᠡᠨ ᠤ ᠵᠦᠢᠯ᠂ ᠵᠠᠮ ᠬᠠᠷᠢᠯᠴᠠᠭᠠᠨ ᠤ ᠴᠢᠮᠡᠭᠡ ᠬᠤᠯᠪᠣᠭ᠎ᠠ ᠵᠡᠷᠭᠡ ᠠᠶᠤᠯ ᠭᠠᠮᠰᠢᠭ ᠠᠴᠠ | ᠠᠪᠤᠷᠠᠬᠤ ᠴᠢᠬᠤᠯᠠ ᠪᠦᠬᠦᠢ ᠲᠤᠰᠬᠠᠶ ᠬᠡᠷᠡᠭᠯᠡᠬᠦ ᠡᠳ᠋ ᠪᠠᠷᠠᠭ᠎ᠠ ᠶᠢ ᠨᠥᠭᠡᠴᠡᠯᠡᠵᠦ᠂ ᠠᠶᠤᠯ ᠭᠠᠮᠰᠢᠭ ᠠᠴᠠ ᠠᠪᠤᠷᠠᠬᠤ | ᠡᠳ᠋ ᠪᠠᠷᠠᠭ᠎ᠠ ᠶᠢᠨ ᠬᠠᠩᠭᠠᠯᠭ᠎ᠠ ᠶᠢ ᠪᠠᠲᠤᠯᠠᠬᠤ ᠬᠡᠷᠡᠭᠲᠡᠶ︔ ᠭᠠᠮᠰᠢᠭ ᠠᠴᠠ ᠠᠪᠤᠷᠠᠬᠤ ᠲᠣᠨᠤᠭ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠴᠢᠩᠭᠠᠳᠭᠠᠵᠤ᠂ ᠬᠡᠭᠡᠷᠡᠯᠡᠨ ᠠᠶᠠᠯᠠᠬᠤ ᠲᠤᠰᠬᠠᠶ ᠬᠡᠷᠡᠭᠯᠡᠬᠦ ᠲᠡᠷᠭᠡ ᠬᠥᠰᠬᠡ᠂ ᠤᠲᠠᠰᠤ | ᠦᠭᠡᠶ ᠴᠢᠮᠡᠭᠡ ᠨᠡᠪᠲᠡᠷᠡᠯᠭᠡ ᠶᠢᠨ ᠲᠥᠬᠦᠭᠡᠷᠦᠮᠵᠢ᠂ ᠮᠡᠳᠡᠭᠡ ᠵᠠᠩᠭᠢ ᠳᠠᠮᠵᠢᠭᠤᠯᠬᠤ ᠪᠠᠭᠠᠵᠢ ᠬᠡᠷᠡᠭᠰᠡᠯ᠂ ᠪᠠᠴᠢᠮ | ᠪᠠᠶᠢᠳᠠᠯ ᠢ ᠠᠷᠭᠠᠴᠠᠬᠤ ᠬᠡᠷᠡᠭᠰᠡᠯ᠂ ᠠᠶᠤᠯ ᠭᠠᠮᠰᠢᠭ ᠠᠴᠠ ᠠᠪᠤᠷᠠᠬᠤ ᠲᠣᠨᠤᠭ ᠲᠥᠬᠦᠭᠡᠷᠦᠮᠵᠢ ᠵᠡᠷᠭᠡ ᠶᠢ | ᠲᠣᠬᠢᠷᠠᠭᠤᠯᠬᠤ ᠬᠡᠷᠡᠭᠲᠡᠶ᠃ | ︵ᠬᠤᠶᠠᠷ︶ ᠬᠤᠯᠪᠤᠭᠠᠨ ᠮᠡᠳᠡᠭᠡ ᠵᠠᠩᠭᠢ ᠳᠠᠮᠵᠢᠭᠤᠯᠬᠤ | ᠭᠠᠵᠠᠷ ᠤᠨ ᠭᠠᠶ ᠭᠠᠮᠰᠢᠭ ᠢ ᠬᠢᠨᠠᠨ ᠬᠡᠮᠵᠢᠬᠦ᠂ ᠤᠷᠢᠳᠴᠢᠯᠠᠨ ᠮᠡᠳᠡᠭᠡᠯᠡᠬᠦ᠂ ᠰᠡᠷᠡᠮᠵᠢᠯᠡᠭᠦᠯᠬᠦ ᠮᠡᠳᠡᠭᠡ | ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠣᠳᠣ ᠦᠶ᠎ᠡ ᠶᠢᠨ ᠴᠢᠮᠡᠭᠡ ᠬᠤᠯᠪᠣᠭᠠᠨ ᠤ ᠠᠷᠭ᠎ᠠ | ᠪᠠᠷᠢᠯ ᠢ ᠭᠦᠢᠴᠡᠳ ᠠᠰᠢᠭᠯᠠᠨ᠂ ᠤᠲᠠᠰᠤᠲᠤ ᠳ᠋ᠢᠶᠠᠩᠬᠤᠸᠠ᠂ ᠰᠢᠯᠵᠢᠮᠡᠯ ᠭᠠᠷ ᠤᠲᠠᠰᠤ᠂ ᠷᠠᠳᠢᠣ᠋ ᠷᠠᠳᠢᠣ᠋ ᠬᠤᠷᠢᠶ᠎ᠠ | ᠵᠢᠴᠢ ᠢᠨᠲ᠋ᠧᠷ ᠰᠦᠯᠵᠢᠶ᠎ᠡ ᠵᠡᠷᠭᠡ ᠶᠢ ᠣᠷᠭᠠᠨᠢᠭ ᠢᠶᠠᠷ ᠤᠶᠠᠯᠳᠤᠭᠤᠯᠵᠤ᠂ ᠪᠥᠬᠦ ᠣᠷᠣᠨ ᠢ ᠬᠠᠮᠤᠷᠤᠭᠰᠠᠨ | ᠭᠠᠵᠠᠷ ᠤᠨ ᠭᠠᠶ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠰᠡᠷᠭᠡᠶᠢᠯᠡᠨ ᠵᠠᠰᠠᠬᠤ ᠮᠡᠳᠡᠭᠡ ᠵᠠᠩᠭᠢ ᠶᠢᠨ ᠲᠣᠤᠷ ᠢ | ᠪᠠᠶᠢᠭᠤᠯᠬᠤ ᠶᠢᠨ ᠬᠠᠮᠲᠤ ᠡᠯ᠎ᠡ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢ ᠬᠠᠮᠲᠤ ᠪᠠᠷ | ᠭᠥᠷᠳᠡᠬᠦ ᠶᠢ ᠪᠡᠶᠡᠯᠡᠭᠦᠯᠬᠦ ᠬᠡᠷᠡᠭᠲᠡᠶ᠃ | ︵ᠭᠤᠷᠪᠠ︶ ᠤᠬᠠᠭᠤᠯᠭ᠎ᠠ ᠬᠢᠭᠡᠳ ᠪᠣᠯᠪᠠᠰᠤᠷᠠᠭᠤᠯᠤᠯ | ᠣᠯᠠᠨ ᠨᠡᠶᠢᠲᠡ ᠶᠢᠨ ᠭᠠᠮᠰᠢᠭ ᠢ ᠰᠡᠷᠭᠡᠶᠢᠯᠡᠬᠦ᠂ ᠭᠠᠮᠰᠢᠭ ᠢ ᠪᠠᠭᠠᠰᠬᠠᠬᠤ ᠮᠡᠳᠡᠯᠭᠡ ᠶᠢᠨ ᠤᠬᠠᠭᠤᠯᠭ᠎ᠠ ᠪᠣᠯᠤᠨ | ᠪᠣᠯᠪᠠᠰᠤᠷᠠᠭᠤᠯᠤᠯ ᠢ ᠴᠢᠩᠬᠠᠳᠬᠠᠵᠤ᠂ ᠥᠷᠭᠡᠨ ᠣᠯᠠᠨ ᠺᠠᠳ᠋ᠷ ᠪᠣᠯᠤᠨ ᠣᠯᠠᠨ ᠲᠦᠮᠡᠨ ᠳᠤ ᠭᠠᠵᠠᠷ ᠤᠨ ᠭᠠᠮᠰᠢᠭ ᠢ | ᠰᠡᠷᠭᠡᠶᠢᠯᠡᠨ ᠵᠠᠰᠠᠬᠤ ᠮᠡᠳᠡᠯᠭᠡ ᠶᠢᠨ ᠬᠥᠮᠦᠵᠢᠯ ᠢ ᠣᠯᠠᠨ ᠳᠡᠰ ᠳᠠᠪᠬᠤᠷᠭ᠎ᠠ ᠣᠯᠠᠨ ᠣᠷᠣᠨ ᠪᠠᠶᠢᠷᠢ ᠳᠤ ᠬᠢᠵᠦ᠂ | ᠭᠠᠮᠰᠢᠭ ᠢ ᠰᠡᠷᠭᠡᠶᠢᠯᠡᠬᠦ ᠦᠵᠡᠯ ᠤᠬᠠᠮᠰᠠᠷ ᠪᠣᠯᠤᠨ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ | ᠨᠡᠮᠡᠭᠳᠡᠭᠦᠯᠬᠦ ᠬᠡᠷᠡᠭᠲᠡᠶ᠃ | ︵ᠲᠦᠷᠪᠡ︶ ᠬᠢᠨᠠᠯᠲᠠ ᠲᠠᠯᠪᠢᠨ ᠪᠠᠶᠢᠴᠠᠭᠠᠬᠤ | ᠲᠤᠭᠤᠷᠢᠭ ᠤᠨ ᠵᠠᠰᠠᠭ ᠤᠨ ᠣᠷᠳᠣᠨ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢ ᠵᠣᠬᠢᠶᠠᠨ ᠪᠠᠶᠢᠭᠤᠯᠤᠨ ᠬᠠᠮᠢᠶ᠎ᠠ | ᠪᠦᠬᠦᠢ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠬᠢᠨᠠᠯᠲᠠ ᠲᠠᠯᠪᠢᠵᠤ ᠪᠠᠶᠢᠴᠠᠭᠠᠬᠤ ᠶᠢ | ᠴᠢᠩᠭᠠᠳᠬᠠᠨ᠎ᠠ᠃ | ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠨᠢ ᠬᠤᠯᠪᠣᠭᠳᠠᠯ ᠪᠥᠬᠦᠶ ᠰᠠᠯᠠᠭ᠎ᠠ | ᠮᠥᠴᠢᠷ ᠲᠠᠢ ᠬᠠᠮᠲᠤᠷᠠᠨ ᠳᠡᠭᠡᠷ᠎ᠡ ᠳᠤᠷᠠᠳᠤᠭᠰᠠᠨ ᠡᠯ᠎ᠡ ᠵᠦᠢᠯ ᠤᠨ ᠭᠠᠵᠠᠷ ᠤᠨ ᠭᠠᠶ ᠭᠠᠮᠰᠢᠭ ᠤᠨ ᠪᠠᠴᠢᠮ | ᠪᠠᠶᠢᠳᠠᠯ ᠢ ᠠᠷᠭᠠᠴᠠᠵᠤ ᠰᠡᠷᠭᠡᠶᠢᠯᠡᠨ ᠵᠠᠰᠠᠬᠤ ᠪᠠᠲᠤᠯᠠᠭ᠎ᠠ ᠶᠢᠨ ᠠᠵᠢᠯ ᠢ ᠪᠦᠲᠦᠮᠵᠢᠲᠡᠶ ᠰᠢᠮᠳᠠᠭᠤᠯᠤᠨ ᠵᠢᠯᠣᠭᠤᠳᠬᠤ | ᠪᠠ ᠪᠠᠶᠢᠴᠠᠭᠠᠵᠤ᠂ ᠭᠠᠵᠠᠷ ᠤᠨ ᠭᠠᠶ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠰᠡᠷᠭᠡᠶᠢᠯᠡᠨ ᠵᠠᠰᠠᠬᠤ ᠠᠵᠢᠯ ᠤᠨ | ᠲᠤᠷᠰᠢᠯᠭ᠎ᠠ ᠪᠠ ᠰᠤᠷᠭᠠᠮᠵᠢ ᠶᠢ ᠴᠠᠭ ᠲᠤᠬᠠᠶ ᠳᠤᠨᠢ ᠳ᠋ᠦᠩᠨᠡᠬᠦ ᠬᠡᠷᠡᠭᠲᠡᠶ᠃ | ᠨᠠᠢᠮᠠ᠂ ᠳᠠᠭᠠᠯᠳᠤᠭᠤᠯᠤᠭᠰᠠᠨ ᠳᠦᠷᠢᠮ | ︵ᠨᠢᠭᠡ︶ ᠨᠡᠷ᠎ᠡ ᠲᠣᠮᠢᠶᠠᠨ ᠤ ᠲᠠᠶᠢᠯᠪᠤᠷᠢ | ᠭᠠᠵᠠᠷ ᠤᠨ ᠭᠠᠶ ᠭᠠᠮᠰᠢᠭ ᠠᠮᠠᠷᠬᠠᠨ ᠡᠭᠦᠰᠳᠡᠭ ᠣᠷᠣᠨ᠄ ᠭᠠᠵᠠᠷ ᠤᠨ ᠭᠠᠶ ᠭᠠᠮᠰᠢᠭ ᠡᠭᠦᠰᠬᠦ ᠭᠠᠵᠠᠷ ᠤᠨ | ᠲᠣᠭᠲᠠᠴᠠ᠂ ᠭᠠᠵᠠᠷ ᠤᠨ ᠪᠠᠶᠢᠴᠠ ᠭᠠᠵᠠᠷ ᠤᠨ ᠭᠠᠳᠠᠷᠭᠤ ᠪᠠ ᠠᠭᠤᠷ ᠠᠮᠢᠰᠬᠤᠯ ᠤᠨ ᠨᠥᠬᠦᠴᠡᠯ ᠢ | ᠪᠦᠷᠢᠯᠳᠦᠭᠦᠯᠦᠭᠰᠡᠨ᠂ ᠭᠠᠵᠠᠷ ᠤᠨ ᠭᠠᠶ ᠭᠠᠮᠰᠢᠭ ᠠᠮᠠᠷᠬᠠᠨ ᠡᠭᠦᠰᠬᠦ ᠣᠷᠣᠨ ᠪᠦᠰᠡ ᠶᠢ ᠵᠢᠭᠠᠵᠤ ᠪᠣᠶ᠃ | ᠭᠠᠵᠠᠷ ᠤᠨ ᠭᠠᠶ ᠭᠠᠮᠰᠢᠭ ᠤᠨ ᠠᠶᠤᠯᠲᠠᠶ ᠣᠷᠣᠨ᠄ ᠨᠢᠭᠡᠨᠲᠡ ᠭᠠᠵᠠᠷ ᠤᠨ ᠭᠠᠶ ᠭᠠᠮᠰᠢᠭ ᠤᠨ ᠪᠠᠶᠢᠳᠠᠯ ᠭᠠᠷᠴᠤ | ᠂ ᠭᠠᠵᠠᠷ ᠤᠨ ᠭᠠᠶ ᠭᠠᠮᠰᠢᠭ ᠢᠯᠡᠷᠬᠡᠶ ᠭᠠᠷᠴᠤ ᠮᠡᠳᠡᠬᠦ ᠪᠥᠭᠡᠳ ᠬᠥᠮᠦᠨ ᠬᠠᠷ᠎ᠠ ᠦᠬᠦᠵᠦ ᠰᠢᠷᠬᠠᠲᠤᠬᠤ ᠪᠠ ᠠᠵᠤ | ᠠᠬᠤᠶ ᠶᠢᠨ ᠬᠤᠬᠢᠷᠠᠯ ᠤᠴᠠᠷᠠᠭᠤᠯᠵᠤ ᠮᠡᠳᠡᠬᠦ ᠣᠷᠣᠨ ᠪᠦᠰᠡ ᠪᠤᠶᠤ ᠭᠠᠵᠠᠷ ᠤᠨ ᠬᠡᠰᠡᠭ ᠢ ᠵᠢᠭᠠᠵᠤ ᠪᠣᠶ᠃ | ᠡᠭᠦᠰᠦᠮᠡᠯ ᠭᠠᠮᠰᠢᠭ᠄ ᠭᠠᠵᠠᠷ ᠤᠨ ᠭᠠᠮᠰᠢᠭ ᠠᠴᠠ ᠪᠣᠯᠤᠭᠰᠠᠨ ᠪᠠᠷᠢᠯᠭ᠎ᠠ ᠶᠢᠨ ᠪᠦᠲᠦᠴᠡ᠂ ᠪᠡᠯᠡᠳᠬᠡᠮᠵᠢ ᠪᠣᠯᠤᠨ | ᠪᠠᠶᠢᠭᠠᠯᠢ ᠶᠢᠨ ᠣᠷᠴᠢᠨ ᠲᠣᠭᠤᠷᠢᠨ ᠤ ᠡᠪᠳᠡᠯᠡᠭᠡ ᠠᠴᠠ ᠪᠣᠯᠤᠭᠰᠠᠨ ᠭᠠᠶ ᠭᠠᠮᠰᠢᠭ᠂ ᠵᠢᠱᠢᠶᠡᠯᠡᠪᠡᠯ ᠤᠰᠤᠨ ᠭᠠᠮᠰᠢᠭ | ᠂ ᠳᠡᠯᠪᠡᠷᠡᠯᠲᠡ ᠵᠢᠴᠢ ᠰᠢᠷᠦᠭᠦᠨ ᠬᠤᠣᠷᠲᠠᠢ ᠪᠠ ᠴᠢᠩᠭ᠎ᠠ ᠢᠳᠡᠮᠡᠬᠡᠶ ᠴᠢᠨᠠᠷᠲᠠᠶ ᠪᠣᠳᠠᠰ ᠭᠤᠭᠤᠵᠢᠬᠤ ᠵᠡᠷᠭᠡ ᠶᠢ | ᠵᠢᠭᠠᠵᠤ ᠪᠤᠶ᠃ | ᠠᠮᠢ ᠨᠠᠰᠤᠨ ᠤ ᠱᠤᠭᠤᠮ ᠤᠨ ᠪᠡᠯᠡᠳᠬᠡᠮᠵᠢ᠄ ᠴᠠᠬᠢᠯᠭᠠᠨ ᠬᠦᠴᠦᠨ᠂ ᠤᠰᠤ ᠬᠠᠩᠭᠠᠬᠤ᠂ ᠤᠰᠤ ᠲᠠᠲᠠᠷᠠᠭᠤᠯᠬᠤ | ᠂ ᠰᠢᠲᠠᠮᠠᠬᠠᠶ ᠬᠡᠢ᠂ ᠢᠯᠴᠢ᠂ ᠲᠣᠰᠣ ᠬᠠᠩᠭᠠᠬᠤ ᠰᠢᠰᠲ᠋ᠧᠮ ᠵᠢᠴᠢ ᠴᠢᠮᠡᠭᠡ ᠬᠤᠯᠪᠣᠭ᠎ᠠ᠂ ᠵᠠᠮ ᠬᠠᠷᠢᠯᠴᠠᠭ᠎ᠠ ᠵᠡᠷᠭᠡ | ᠨᠡᠶᠢᠲᠡ ᠶᠢᠨ ᠬᠡᠷᠡᠭᠯᠡᠭᠡᠨ ᠤ ᠬᠤᠲᠠ ᠶᠢᠨ ᠪᠡᠯᠡᠳᠬᠡᠮᠵᠢ ᠶᠢ ᠵᠢᠭᠠᠵᠤ ᠪᠤᠶ᠃ | ᠠᠵᠤ ᠠᠬᠤᠶ ᠶᠢᠨ ᠰᠢᠭᠤᠳ ᠬᠤᠬᠢᠷᠠᠯ᠄ ᠭᠠᠵᠠᠷ ᠤᠨ ᠭᠠᠶ ᠭᠠᠮᠰᠢᠭ ᠵᠢᠴᠢ ᠡᠭᠦᠰᠦᠮᠡᠯ ᠭᠠᠶ ᠭᠠᠮᠰᠢᠭ ᠠᠴᠠ | ᠪᠣᠯᠤᠭᠰᠠᠨ ᠡᠳ᠋ ᠪᠣᠳᠠᠰ ᠤᠨ ᠡᠪᠳᠡᠯᠡᠭᠡ ᠶᠢ ᠵᠢᠭᠠᠵᠤ ᠪᠠᠶᠢᠨ᠎ᠠ᠂ ᠡᠭᠦᠨ ᠳᠤ ᠪᠠᠷᠢᠯᠭ᠎ᠠ ᠪᠠ ᠪᠤᠰᠤᠳ ᠪᠠᠷᠢᠯᠭ᠎ᠠ ᠶᠢᠨ | ᠪᠦᠲᠦᠴᠡ᠂ ᠪᠡᠯᠡᠳᠬᠡᠮᠵᠢ᠂ ᠲᠥᠬᠦᠭᠡᠷᠦᠮᠵᠢ᠂ ᠡᠳ᠋ ᠪᠣᠳᠠᠰ᠂ ᠡᠳ᠋ ᠪᠣᠳᠠᠰ ᠵᠡᠷᠭᠡ ᠶᠢᠨ ᠡᠪᠳᠡᠯᠡᠭᠡ ᠠᠴᠠ ᠪᠣᠯᠤᠭᠰᠠᠨ | ᠠᠵᠤ ᠠᠬᠤᠶ ᠶᠢᠨ ᠬᠤᠬᠢᠷᠠᠯ ᠢ ᠪᠠᠭᠲᠠᠭᠠᠵᠤ᠂ ᠳᠠᠬᠢᠨ ᠵᠠᠰᠠᠨ ᠰᠡᠷᠭᠦᠭᠡᠬᠦ ᠳᠤ ᠬᠡᠷᠡᠭᠰᠡᠬᠦ ᠵᠠᠷᠤᠳᠠᠯ ᠢᠶᠠᠷ ᠪᠤᠳᠤᠨ᠎ᠠ᠃ | ᠪᠣᠳᠠᠲᠤ ᠶᠠᠭᠤᠮ᠎ᠠ ᠶᠢᠨ ᠪᠤᠰᠤ ᠡᠳ᠋ ᠬᠥᠷᠥᠩᠭᠡ᠂ ᠵᠢᠱᠢᠶᠡᠯᠡᠪᠡᠯ ᠵᠣᠭᠤᠰ᠂ ᠦᠨᠡᠲᠦ ᠲᠡᠮᠳᠡᠭᠲᠦ ᠵᠡᠷᠭᠡ ᠶᠢᠨ | ᠬᠤᠬᠢᠷᠠᠯ ᠢ ᠪᠠᠭᠲᠠᠭᠠᠬᠤ ᠦᠭᠡᠢ᠃ | ᠲᠤᠰ ᠪᠡᠯᠡᠳᠬᠡᠯ ᠲᠥᠰᠦᠯ ᠤᠨ ᠬᠤᠯᠪᠣᠭᠳᠠᠯ ᠪᠦᠬᠦᠢ ᠲᠤᠭ᠎ᠠ ᠬᠡᠮᠵᠢᠶ᠎ᠡ ᠶᠢᠨ ᠥᠭᠦᠯᠡᠯᠲᠡ ᠳᠤ᠂ ︽ᠳᠡᠭᠡᠭᠰᠢ︾ | ᠭᠡᠳᠡᠭ ᠲᠤ ᠤᠭ ᠲᠤᠭ᠎ᠠ ᠶᠢ ᠪᠠᠭᠲᠠᠭᠠᠵᠤ᠂ ︽ᠳᠣᠷᠣᠭᠰᠢ︾ ᠭᠡᠳᠡᠭ ᠲᠤ ᠲᠤᠰ ᠲᠤᠭ᠎ᠠ ᠶᠢ ᠪᠠᠭᠲᠠᠭᠠᠬᠤ ᠦᠭᠡᠢ᠃ | ︵ᠬᠤᠶᠠᠷ︶ ᠪᠡᠯᠡᠳᠬᠡᠯ ᠲᠥᠰᠦᠯ ᠢ ᠰᠢᠨᠡᠳᠬᠡᠬᠦ | ᠲᠣᠰ ᠪᠡᠯᠡᠳᠬᠡᠯ ᠲᠥᠰᠦᠯ ᠢ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ | ᠠᠯᠪᠠᠨ ᠬᠡᠷ ᠠᠴᠠ ᠤᠯᠤᠰ ᠤᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠠ ᠬᠡᠷᠡᠭᠵᠢᠭᠦᠯᠬᠦ | ᠶᠠᠪᠤᠴᠠ ᠳᠤ ᠣᠯᠵᠤ ᠮᠡᠳᠡᠭᠰᠡᠨ ᠠᠰᠠᠭᠤᠳᠠᠯ ᠢ ᠦᠨᠳᠦᠰᠦᠯᠡᠨ ᠴᠠᠭ ᠲᠤᠬᠠᠶ ᠳᠤᠨᠢ ᠰᠢᠨᠡᠳᠬᠡᠨ᠎ᠡ᠃ | |