ᠶᠤᠸᠠᠨ ᠪᠤᠤ ᠱᠠᠨ ᠲᠣᠭᠤᠷᠢᠭ ᠤᠨ ᠬᠠᠩᠭᠠᠨ ᠪᠤᠷᠤᠯᠠᠭᠤᠯᠬᠤ ᠬᠤᠷᠰᠢᠶᠠᠨ ᠤ ᠬᠤᠯᠪᠤᠭᠠᠳᠤ ᠬᠤᠷᠰᠢᠶ᠎ᠠ
ᠨᠡᠶᠢᠲᠡᠯᠡᠭᠰᠡᠨ ᠴᠠᠭ᠄
2024/5/7
    ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶᠠᠨ ᠤ ᠬᠤᠯᠪᠣᠭᠠᠲᠤ ᠬᠤᠷᠰᠢᠶᠠᠨ ᠤ ᠪᠠᠶᠢᠭᠤᠯᠤᠮᠵᠢ ᠶᠢᠨ ᠲᠦᠢᠮᠣ ᠪᠠᠶᠢᠳᠠᠯ    ᠪᠠᠶᠢᠭᠤᠯᠤᠮᠵᠢ ᠶᠢᠨ ᠨᠡᠷᠡᠶᠢᠳᠦᠯ᠄ ᠶᠤᠸᠠᠨ ᠪᠦᠦ ᠱᠠᠨ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶᠠᠨ ᠤ ᠬᠤᠯᠪᠣᠭᠠᠲᠤ ᠬᠤᠷᠰᠢᠶ᠎ᠠ    ᠠᠯᠪᠠᠯᠠᠬᠤ ᠭᠠᠵᠠᠷ᠄ ᠶᠤᠸᠠᠨ ᠪᠦᠦ ᠱᠠᠨ ᠲᠣᠭᠤᠷᠢᠭ ᠤᠨ ᠫᠢᠩᠵᠤᠸᠠᠩ ᠬᠤᠳᠠᠯᠳᠤᠭᠠᠨ ᠤ ᠬᠤᠲᠠ ᠶᠢᠨ ᠬᠤᠶᠠᠳᠤᠭᠠᠷ ᠬᠤᠭᠤᠴᠠᠭᠠᠨ ᠤ ᠬᠤᠷᠢᠶᠠᠯᠠᠯ ᠤᠨ 4 ᠳ᠋ᠣᠭᠡᠷ ᠠᠰᠠᠷ    ᠬᠠᠷᠢᠭᠤᠴᠠᠯᠭᠠᠲᠠᠨ᠄ ᠵᠥᠩ ᠶᠢᠩ ᠫᠧᠩ    ᠠᠯᠪᠠᠯᠠᠬᠤ ᠴᠠᠭ᠄ ᠬᠠᠤᠯᠢ ᠪᠠᠷ ᠲᠣᠭᠲᠠᠭᠠᠭᠰᠠᠨ ᠠᠵᠢᠯᠯᠠᠬᠤ ᠡᠳᠦᠷ ᠤᠨ 8᠄ 30 - 12᠄ 00 14᠄ 30 - 17᠄ 00    ᠬᠠᠷᠢᠯᠴᠠᠬᠤ ᠤᠲᠠᠰᠤ᠄ 0476-3519160    ᠨᠢᠭᠡ᠂ ᠭᠤᠣᠯ ᠡᠭᠦᠷᠭᠡ ᠬᠠᠷᠢᠭᠤᠴᠠᠯᠭ᠎ᠠ    ︵ᠨᠢᠭᠡ︶ ᠪᠦᠬᠦ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶᠠᠨ ᠤ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠵᠤ᠂ ᠪᠦᠬᠦ ᠰᠢᠰᠲ᠋ᠧᠮ ᠤᠨ ᠥᠭᠡᠷᠡᠴᠢᠯᠡᠯᠲᠡ ᠬᠥᠭᠵᠢᠯᠲᠡ ᠳᠤ ᠦᠢᠯᠡᠴᠢᠯᠡᠨ᠎ᠡ᠃    ︵ᠬᠤᠶᠠᠷ︶ ᠵᠠᠰᠠᠭ ᠤᠨ ᠣᠷᠳᠣᠨ ᠠᠴᠠ ᠣᠯᠭᠤᠭᠰᠠᠨ ᠡᠷᠬᠡ ᠶᠢ ᠦᠨᠳᠦᠰᠦᠯᠡᠨ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠴᠢᠬᠤᠯᠠ ᠬᠡᠷᠡᠭᠰᠡᠯ ᠪᠣᠯᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠡᠵᠡᠩᠨᠡᠯᠲᠡ ᠶᠢ ᠵᠣᠬᠢᠶᠠᠨ ᠪᠠᠶᠢᠭᠤᠯᠵᠤ᠂ ᠵᠣᠬᠢᠴᠠᠭᠤᠯᠬᠤ ᠪᠠ ᠬᠠᠮᠢᠶᠠᠷᠴᠤ᠂ ᠪᠦᠬᠦ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢ ᠳᠠᠭᠠᠭᠤᠯᠤᠨ ᠵᠠᠰᠠᠭ ᠤᠨ ᠣᠷᠳᠣᠨ ᠤ ᠨᠠᠶᠢᠳᠠᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠦᠢᠯᠡᠴᠢᠯᠡᠭᠡᠨ ᠪᠣᠯᠤᠨ ᠪᠤᠰᠤᠳ ᠡᠭᠦᠷᠭᠡ ᠶᠢ ᠡᠭᠦᠷᠭᠡᠯᠡᠨ᠎ᠡ᠃    ︵ᠭᠤᠷᠪᠠ︶ ᠬᠠᠩᠭᠠᠨ ᠪᠣᠷᠣᠯᠠᠭᠤᠯᠬᠤ ᠬᠤᠷᠰᠢᠶᠠᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠠᠬᠢᠭᠤᠯᠵᠤ᠂ ᠠᠵᠢᠯ ᠲᠥᠷᠥᠯ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠬᠠᠩᠭᠠᠨ ᠪᠣᠷᠣᠯᠠᠭᠤᠯᠬᠤ ᠬᠤᠷᠰᠢᠶᠠᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ     ︵ᠲᠦᠷᠪᠡ︶ ᠪᠦᠬᠦ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶᠠᠨ ᠤ ᠲᠤᠬᠠᠶᠢᠯᠠᠭᠰᠠᠨ ᠠᠵᠢᠯ ᠤᠨ ᠠᠵᠢᠯᠯᠠᠭ᠎ᠠ ᠶᠢ ᠲᠦᠷᠦᠭᠦᠯᠡᠨ ᠬᠢᠵᠦ᠂ ᠰᠢᠨ᠎ᠡ ᠬᠥᠳᠡᠭᠡ ᠲᠣᠰᠬᠤᠨ ᠤ ᠣᠳᠣ ᠥᠶ᠎ᠡ ᠶᠢᠨ ᠭᠦᠢᠯᠭᠡᠭᠡᠨ ᠤ ᠦᠢᠯᠡᠴᠢᠯᠡᠭᠡᠨ ᠤ ᠲᠣᠤᠷ ᠰᠥᠯᠵᠢᠶᠡᠨ ᠤ ᠢᠨᠵᠧᠨᠧᠷᠢᠩ᠂ ᠡᠯᠸᠺᠲᠷᠣᠨ ᠬᠤᠳᠠᠯᠳᠤᠭᠠᠨ ᠤ ᠶᠠᠪᠤᠳᠠᠯ ᠤᠨ ᠪᠠᠶᠢᠭᠤᠯᠤᠯᠲᠠ ᠪᠣᠯᠤᠨ ᠬᠥᠳᠡᠭᠡ ᠲᠣᠰᠬᠤᠨ ᠤ ᠬᠤᠷᠰᠢᠭᠰᠠᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠠᠵᠢᠯ ᠢ ᠠᠬᠢᠭᠤᠯᠵᠤ᠂ ᠰᠢᠰᠲ᠋ᠧᠮ ᠤᠨ ᠲᠠᠷᠢᠶᠠᠯᠠᠩ ᠤᠨ ᠪᠥᠲᠥᠭᠡᠭᠳᠡᠬᠦᠨ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠳᠡᠯᠭᠡᠨ ᠦᠵᠡᠭᠦᠯᠦᠯᠭᠡ ᠶᠢᠨ ᠴᠤᠭᠯᠠᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠲᠠᠷᠢᠶᠠᠴᠢᠳ ᠤᠨ ᠲᠤᠰᠬᠠᠶ ᠬᠤᠷᠰᠢᠶ᠎ᠠ ᠶᠢ ᠳᠠᠭᠠᠭᠤᠯᠤᠨ ᠡᠷᠬᠢᠯᠡᠵᠦ᠂ ᠲᠠᠷᠢᠶᠠᠴᠢᠳ ᠲᠤ ᠦᠢᠯᠡᠴᠢᠯᠡᠬᠦ ᠡᠭᠦᠷᠭᠡ ᠬᠠᠷᠢᠭᠤᠴᠠᠯᠭ᠎ᠠ ᠪᠠᠨ ᠨᠡᠩ ᠰᠠᠶᠢᠲᠤᠷ ᠭᠥᠢᠴᠡᠳᠬᠡᠨ᠎ᠡ᠃    ︵ᠲᠠᠪᠤ︶ ᠲᠠᠷᠢᠶᠠᠴᠢᠳ ᠤᠨ ᠬᠤᠷᠰᠢᠭᠰᠠᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠬᠠᠮᠢᠶᠠᠷᠴᠤ᠂ ᠪᠦᠬᠦ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶᠠᠨ ᠤ ᠰᠢᠰᠲ᠋ᠧᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠣᠯᠤᠨ ᠬᠤᠷᠰᠢᠶᠠᠨ ᠤ ᠰᠣᠶᠣᠯ᠂ ᠠᠵᠤ ᠦᠢᠯᠡᠰ᠂ ᠢᠲᠡᠭᠡᠮᠵᠢ᠂ ᠲᠦᠷᠦᠯ ᠲᠡᠮᠳᠡᠭ ᠤᠨ ᠪᠠᠶᠢᠭᠤᠯᠤᠯᠲᠠ ᠶᠢ ᠳᠠᠭᠠᠭᠤᠯᠬᠤ ᠬᠡᠷᠡᠭᠲᠡᠶ᠃ ᠬᠠᠩᠭᠠᠨ ᠪᠣᠷᠣᠯᠠᠭᠤᠯᠬᠤ ᠰᠢᠰᠲ᠋ᠧᠮ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠡᠳᠬᠦᠨ ᠳᠡᠮᠵᠢᠬᠦ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠨᠡᠶᠢᠭᠡᠮᠴᠢᠯᠡᠭᠰᠡᠨ ᠦᠢᠯᠡᠴᠢᠯᠡᠭᠡ᠂ ᠠᠵᠤ ᠥᠢᠯᠡᠰᠵᠢᠭᠰᠡᠨ ᠡᠵᠡᠩᠨᠡᠯᠲᠡ᠂ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠨᠡᠭᠡᠭᠡᠨ ᠬᠥᠭᠵᠢᠭᠦᠯᠦᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠶᠢ ᠥᠷᠨᠢᠭᠦᠯᠦᠨ᠎ᠡ᠃    ︵ᠵᠢᠷᠭᠤᠭ᠎ᠠ︶ ᠲᠣᠭᠤᠷᠢᠭ ᠤᠨ ᠲᠣᠰ ᠱᠠᠲᠤᠨ ᠤ ᠬᠤᠯᠪᠣᠭᠠᠲᠤ ᠬᠤᠷᠰᠢᠶᠠᠨ ᠤ ᠥᠮᠴᠢᠯᠡᠯᠲᠦ ᠡᠳ᠋ ᠬᠥᠷᠥᠩᠭᠡ ᠶᠢᠨ ᠪᠠᠯᠠ ᠭᠠᠷᠭᠠᠭᠴᠢ ᠶᠢᠨ ᠲᠥᠯᠥᠭᠡᠯᠡᠭᠴᠢ ᠶᠢᠨ ᠡᠭᠦᠷᠭᠡ ᠴᠢᠳᠠᠪᠤᠷᠢ ᠶᠢ ᠬᠡᠷᠡᠭᠵᠢᠭᠦᠯᠵᠦ᠂ ᠬᠤᠷᠰᠢᠶᠠᠨ ᠤ ᠥᠮᠴᠢᠯᠡᠯᠲᠦ ᠡᠳ᠋ ᠬᠥᠷᠥᠩᠭᠡ ᠶᠢᠨ ᠡᠵᠡᠩᠨᠡᠯᠲᠡ ᠶᠢ ᠵᠢᠯᠣᠭᠤᠳᠤᠨ᠂ ᠬᠤᠷᠰᠢᠶᠠᠨ ᠤ ᠥᠮᠴᠢᠯᠡᠯᠲᠦ ᠠᠵᠤ ᠠᠬᠤᠶᠢᠯᠠᠯ ᠤᠨ ᠮᠠᠯᠴᠢᠨ ᠲᠠᠷᠢᠶᠠᠴᠢᠨ ᠳᠤ ᠦᠢᠯᠡᠴᠢᠯᠡᠬᠦ ᠴᠢᠭᠯᠡᠯ ᠢ ᠦᠨᠡᠨᠬᠦ ᠪᠠᠲᠤᠯᠠᠵᠤ᠂ ᠬᠤᠷᠰᠢᠶᠠᠨ ᠤ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ᠂ ᠬᠤᠷᠰᠢᠶᠠᠨ ᠤ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠪᠠ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃    ︵ᠳᠤᠯᠤᠭ᠎ᠠ︶ ᠲᠣᠰ ᠣᠷᠣᠨ ᠬᠡᠪᠴᠢᠶᠡᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢ ᠲᠥᠯᠥᠭᠡᠯᠡᠨ ᠳᠡᠭᠡᠳᠦ ᠱᠠᠲᠤᠨ ᠤ ᠬᠤᠷᠰᠢᠶ᠎ᠠ ᠪᠠ ᠤᠯᠤᠰ ᠤᠨ ᠳᠣᠲᠣᠭᠠᠳᠤ ᠭᠠᠳᠠᠭᠠᠳᠤ ᠶᠢᠨ ᠬᠤᠷᠰᠢᠭᠰᠠᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠰᠣᠯᠢᠯᠴᠠᠭᠠᠨ ᠤ ᠠᠵᠢᠯᠯᠠᠭ᠎ᠠ ᠳᠤ ᠣᠷᠤᠯᠴᠠᠨ᠎ᠠ᠃    ︵ᠨᠠᠢᠮᠠ︶ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃    ᠬᠤᠶᠠᠷ᠂ ᠳᠤᠳᠤᠭᠠᠳᠤ ᠶᠢᠨ ᠪᠠᠶᠢᠭᠤᠯᠤᠮᠵᠢ    ︵ᠨᠢᠭᠡ︶ ᠶᠡᠷᠦᠩᠬᠡᠢ ᠠᠯᠪᠠᠨ ᠭᠡᠷ    ᠨᠢᠭᠡᠴᠢ ᠶᠢᠨ ᠡᠳᠦᠷ ᠲᠤᠲᠤᠮ ᠤᠨ ᠠᠵᠢᠯᠯᠠᠭᠠᠨ᠂ ᠶᠡᠷᠦᠩᠬᠡᠶᠢᠯᠡᠨ ᠵᠣᠬᠢᠴᠠᠭᠤᠯᠬᠤ ᠪᠠ ᠠᠵᠢᠯᠲᠠᠨ ᠤ ᠶᠠᠪᠤᠳᠠᠯ ᠤᠨ ᠠᠵᠢᠯ ᠢ ᠵᠤᠬᠢᠶᠠᠨ ᠪᠠᠶᠢᠭᠤᠯᠬᠤ ᠶᠢ ᠬᠠᠷᠢᠭᠤᠴᠠᠵᠤ᠂ ᠨᠠᠷᠢᠨ ᠪᠢᠴᠢᠭᠡᠴᠢ ᠶᠢᠨ ᠶᠡᠷᠥᠩᠬᠡᠶᠢᠯᠡᠭᠰᠡᠨ ᠠᠵᠢᠯ ᠂ ᠮᠡᠳᠡᠭᠡ ᠵᠠᠩᠭᠢ ᠶᠢᠨ ᠤᠬᠠᠭᠤᠯᠭ᠎ᠠ᠂ ᠨᠢᠭᠤᠴᠠ ᠴᠢᠬᠤᠯᠠ ᠨᠢᠭᠤᠴᠠ ᠶᠢ ᠬᠠᠮᠠᠭᠠᠯᠠᠬᠤ᠂ ᠲᠠᠩᠰᠠ ᠡᠪᠬᠡᠮᠡᠯ᠂ ᠠᠷᠤ ᠲᠠᠯ᠎ᠠ ᠶᠢᠨ ᠥᠢᠯᠡᠴᠢᠯᠡᠭᠡᠨ ᠵᠡᠷᠭᠡ ᠠᠵᠢᠯ ᠢ ᠡᠭᠦᠷᠭᠡᠯᠡᠨ᠎ᠡ︔ ᠬᠠᠷᠢᠶ᠎ᠠ ᠠᠵᠤ ᠠᠬᠤᠶᠢᠯᠠᠯ ᠤᠨ ᠬᠥᠳᠡᠯᠮᠦᠷᠢ ᠬᠦᠴᠥᠨ ᠠᠵᠢᠯᠴᠢᠨ ᠬᠡᠷᠡᠭᠯᠡᠬᠦ ᠶᠢ ᠵᠢᠯᠣᠭᠤᠳᠤᠨ᠎ᠠ᠃    ︵ᠬᠤᠶᠠᠷ︶ ᠡᠳ᠋ ᠤᠨ ᠶᠠᠪᠤᠳᠠᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠠᠰᠤᠭ    ᠲᠣᠭᠤᠷᠢᠭ ᠤᠨ ᠬᠤᠷᠰᠢᠶᠠᠨ ᠤ ᠡᠳ᠋ ᠤᠨ ᠶᠠᠪᠤᠳᠠᠯ ᠤᠨ ᠬᠠᠮᠢᠶᠠᠷᠤᠯᠲᠠ ᠵᠢᠴᠢ ᠲᠤᠰ ᠰᠢᠰᠲ᠋ᠧᠮ ᠤᠨ ᠳᠣᠲᠣᠭᠠᠳᠤ ᠶᠢᠨ ᠬᠢᠨᠠᠨ ᠪᠣᠳᠣᠬᠤ ᠠᠵᠢᠯ ᠢ ᠬᠠᠷᠢᠭᠤᠴᠠᠵᠤ᠂ ᠡᠯ᠎ᠡ ᠲᠥᠷᠥᠯ ᠤᠨ ᠪᠡᠯᠡ ᠮᠥᠩᠭᠦ ᠵᠢᠴᠢ ᠴᠢᠬᠤᠯᠠ ᠲᠠᠸᠠᠷ ᠤᠨ ᠨᠥᠭᠡᠴᠡᠯᠡᠯᠲᠡ ᠶᠢᠨ ᠲᠤᠰᠬᠠᠶ ᠵᠦᠢᠯ ᠤᠨ ᠨᠥᠬᠦᠪᠥᠷᠢ ᠶᠢᠨ ᠪᠡᠯᠡ ᠮᠥᠩᠭᠦ ᠶᠢ ᠬᠡᠷᠡᠭᠯᠡᠬᠦ ᠪᠠ ᠬᠢᠨᠠᠨ ᠬᠠᠮᠢᠶᠠᠷᠬᠤ ᠠᠵᠢᠯ ᠢ ᠬᠠᠷᠢᠭᠤᠴᠠᠵᠤ᠂ ᠲᠤᠰ ᠱᠠᠲᠤᠨ ᠤ ᠬᠤᠷᠰᠢᠶᠠᠨ ᠤ ᠦᠮᠴᠢᠯᠡᠯᠲᠥ ᠡᠳ᠋ ᠬᠥᠷᠥᠩᠭᠡ ᠶᠢ ᠬᠢᠨᠠᠨ ᠬᠠᠮᠢᠶᠠᠷᠬᠤ᠂ ᠠᠶᠤᠯᠭᠦᠢ ᠡᠵᠡᠩᠨᠡᠬᠦ ᠵᠢᠴᠢ ᠬᠠᠤᠯᠢ ᠴᠠᠭᠠᠵᠠ ᠶᠢᠨ ᠶᠠᠪᠤᠳᠠᠯ ᠵᠡᠷᠭᠡ ᠠᠵᠢᠯ ᠢ ᠡᠭᠦᠷᠭᠡᠯᠡᠵᠦ᠂ ᠬᠢᠨᠠᠭᠴᠢᠳ ᠤᠨ ᠵᠥᠪᠯᠡᠯ ᠤᠨ ᠪᠣᠳᠠᠲᠠᠶ ᠠᠵᠢᠯ ᠢ ᠡᠭᠦᠷᠭᠡᠯᠡᠵᠦ᠂ ᠰᠢᠰᠲ᠋ᠧᠮ ᠤᠨ ᠬᠢᠨᠠᠭᠴᠢᠳ ᠤᠨ ᠵᠥᠪᠯᠡᠯ ᠤᠨ ᠠᠵᠢᠯ ᠢ ᠵᠢᠯᠣᠭᠤᠳᠤᠨ᠎ᠠ᠃    ︵ᠭᠤᠷᠪᠠ︶ ᠶᠡᠷᠥᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠲᠠᠰᠤᠭ    ᠰᠢᠰᠲ᠋ᠧᠮ ᠤᠨ ᠠᠵᠤ ᠠᠬᠤᠶ ᠶᠢᠨ ᠬᠥᠭᠵᠢᠯᠲᠡ᠂ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠵᠢᠴᠢ ᠬᠡᠷᠡᠭᠵᠢᠭᠦᠯᠬᠦ ᠶᠢ ᠬᠠᠷᠢᠭᠤᠴᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠴᠢ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠠᠵᠢᠯ ᠢ ᠡᠭᠦᠷᠭᠡᠯᠡᠵᠦ᠂ ᠰᠢᠰᠲ᠋ᠧᠮ ᠤᠨ ᠲᠥᠷᠥᠯ ᠵᠦᠢᠯ ᠤᠨ ᠬᠥᠮᠥᠷᠭᠡ ᠶᠢᠨ ᠪᠠᠶᠢᠭᠤᠯᠤᠯᠲᠠ ᠪᠠ ᠶᠡᠷᠦᠩᠬᠡᠶᠢᠯᠡᠭᠰᠡᠨ ᠪᠦᠷᠢᠳᠬᠡᠯ ᠢ ᠡᠭᠦᠷᠭᠡᠯᠡᠵᠦ᠂ ᠰᠢᠰᠲ᠋ᠧᠮ ᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠮᠠᠲ᠋ᠧᠷᠢᠶᠠᠯ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠵᠡᠷᠭᠡ ᠴᠢᠬᠤᠯᠠ ᠲᠠᠸᠠᠷ ᠤᠨ ᠲᠥᠷᠥ ᠶᠢᠨ ᠪᠣᠳᠣᠯᠭ᠎ᠠ ᠶᠢᠨ ᠵᠣᠬᠢᠴᠠᠭᠤᠯᠭ᠎ᠠ ᠪᠠ ᠨᠥᠭᠡᠴᠡᠯᠡᠯᠲᠡ ᠶᠢᠨ ᠬᠠᠮᠢᠶᠠᠷᠤᠯᠲᠠ ᠶᠢ ᠡᠭᠦᠷᠭᠡᠯᠡᠵᠦ᠂ ᠰᠢᠰᠲ᠋ᠧᠮ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠰᠲ᠋ᠧᠮ ᠤᠨ ᠬᠥᠳᠡᠭᠡ ᠲᠣᠰᠬᠤᠨ ᠤ ᠣᠲᠣ ᠦᠶ᠎ᠡ ᠶᠢᠨ ᠭᠦᠢᠯᠭᠡᠭᠡᠨ ᠤ ᠦᠢᠯᠡᠴᠢᠯᠡᠭᠡᠨ ᠤ ᠰᠦᠯᠵᠢᠶᠡᠨ ᠤ ᠢᠨᠵᠧᠨᠧᠷᠢᠩ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠦᠯᠵᠢᠶᠡᠨ ᠤ ᠪᠠᠶᠢᠭᠤᠯᠤᠯᠲᠠ ᠵᠢᠴᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠬᠤ ᠴᠤᠭᠯᠠᠭᠠᠨ ᠢ ᠵᠢᠯᠣᠭᠤᠳᠤᠨ ᠬᠥᠭᠵᠢᠭᠦᠯᠵᠦ ᠂ ᠰᠢᠰᠲ᠋ᠧᠮ ᠤᠨ ᠠᠵᠢᠯ ᠲᠥᠷᠥᠯ ᠤᠨ ᠨᠡᠶᠢᠭᠡᠮᠯᠢᠭ ᠤᠨ ᠬᠥᠭᠵᠢᠯᠲᠡ ᠶᠢ ᠠᠬᠢᠭᠤᠯᠬᠤ ᠶᠢ ᠵᠢᠯᠣᠭᠤᠳᠴᠤ᠂ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠠᠮᠢᠳᠤᠷᠠᠬᠤ ᠤᠷᠴᠢᠨ ᠨᠦᠭᠦᠴᠡᠯ ᠢ ᠴᠡᠭᠴᠡᠯᠡᠨ ᠵᠠᠰᠠᠬᠤ ᠳᠤ ᠣᠷᠤᠯᠴᠠᠵᠤ᠂ ᠰᠢᠰᠲ᠋ᠧᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠵᠢᠯᠣᠭᠤᠳᠴᠤ᠂ ᠦᠨᠳᠦᠰᠦᠨ ᠱᠠᠲᠤᠨ ᠤ ᠬᠤᠷᠰᠢᠶ᠎ᠠ᠂ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ︵ᠬᠤᠷᠰᠢᠶᠠᠨ ᠤ︶᠎ ᠤᠨ ᠬᠥᠭᠵᠢᠯᠲᠡ ᠶᠢ ᠠᠬᠢᠭᠤᠯᠵᠤ᠂ ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ ᠵᠢᠴᠢ ᠬᠤᠯᠪᠣᠭᠠᠲᠤ ᠬᠤᠷᠰᠢᠶ᠎ᠠ ᠶᠢ ᠳᠠᠭᠠᠭᠤᠯᠤᠨ ᠡᠷᠬᠢᠯᠡᠵᠦ ᠡᠭᠦᠳᠦᠨ ᠪᠠᠶᠢᠭᠤᠯᠵᠤ᠂ ᠬᠤᠷᠰᠢᠶᠠᠨ ᠤ ᠰᠣᠶᠣᠯ᠂ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠵᠢᠯᠣᠭᠤᠳᠴᠤ᠂ ᠬᠥᠳᠡᠭᠡ ᠲᠣᠰᠬᠤᠨ ᠤ ᠬᠤᠷᠰᠢᠭᠰᠠᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1