ᠼᠤᠤ ᡁᠢ ᠶᠦᠩ ᠹᠧᠩ ᠱᠦᠢ ᠭᠸᠤ ᠪᠠᠯᠭᠠᠰᠤᠨ ᠳᠤ ᠬᠦᠷᠴᠦ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠬᠡᠷᠡᠭᠵᠢᠭᠦᠯᠬᠦ ᠪᠠᠷ ᠪᠠᠶᠢᠭ᠎ᠠ ᠲᠦᠷᠦᠯ ᠵᠦᠢᠯ ᠤᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/5/8
    5 ᠰᠠᠷ᠎ᠠ ᠶᠢᠨ 7᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠹᠧᠩ ᠱᠦᠢ ᠭᠸᠤ ᠪᠠᠯᠭᠠᠰᠤᠨ ᠳᠤ ᠬᠦᠷᠴᠦ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠬᠡᠷᠡᠭᠵᠢᠭᠦᠯᠬᠦ ᠪᠠᠷ ᠪᠠᠶᠢᠭ᠎ᠠ ᠲᠦᠷᠦᠯ ᠵᠦᠢᠯ ᠤᠨ ᠪᠠᠶᠢᠳᠠᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠯᠢ ᡁᠢ ᠭᠠᠩ᠂ ᠹᠧᠩ ᠱᠦᠢ ᠭᠸᠦ ᠪᠠᠯᠭᠠᠰᠤᠨ ᠤ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠪᠠᠶᠢᠴᠠᠭᠠᠨ ᠰᠣᠳᠤᠯᠪᠠ ᠃    ᠰᠢᠩ ᠯᠦᠩ ᠫᠦᠸᠧ ᠲᠣᠰᠬᠤᠨ ᠳᠤ᠂ ᠼᠤᠤ ᡁᠢ ᠶᠦᠩ ᠰᠢᠩ ᠯᠦᠩ ᠫᠦᠸᠧ ᠲᠣᠰᠬᠤᠨ ᠤ ᠬᠥᠳᠡᠭᠡ ᠲᠣᠰᠬᠤᠨ ᠤ ᠵᠠᠰᠠᠯᠲᠠ ᠶᠢᠨ ᠦᠢᠯᠡᠴᠢᠯᠡᠭᠡᠨ ᠤ ᠲᠥᠪ ᠤᠨ ᠠᠰᠢᠭᠯᠠᠯᠲᠠ ᠳᠤ ᠣᠷᠣᠭᠰᠠᠨ ᠪᠠᠶᠢᠳᠠᠯ ᠢ ᠣᠶᠢᠯᠠᠭᠠᠪᠠ᠃ ᠲᠡᠷᠡ ᠴᠢᠬᠤᠯᠠᠴᠢᠯᠠᠭᠰᠠᠨ ᠨᠢ᠂ ᠲᠣᠰᠬᠤᠨ ᠤ ᠠᠷᠠᠳ ᠤᠨ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢ ᠪᠤᠵᠠᠭᠠᠶᠢᠷᠠᠭᠤᠯᠵᠤ᠂ ᠬᠥᠳᠡᠭᠡ ᠲᠣᠰᠬᠤᠨ ᠤ ᠵᠠᠩ ᠳᠠᠳᠬᠠᠯ ᠢ ᠥᠭᠡᠷᠡᠴᠢᠯᠡᠬᠦ ᠶᠢ ᠠᠬᠢᠭᠤᠯᠵᠤ᠂ ᠬᠥᠳᠡᠭᠡ ᠲᠣᠰᠬᠤᠨ ᠤ ᠠᠷᠢᠭᠤᠨ ᠴᠢᠬᠡᠴᠢ ᠲᠥᠪ ᠰᠤᠷᠲᠠᠯ ᠂ ᠰᠠᠶᠢᠨ ᠰᠠᠶᠢᠬᠠᠨ ᠬᠡᠪ ᠰᠤᠷᠲᠠᠯ ᠢ ᠴᠢᠷᠮᠠᠶᠢᠨ ᠪᠤᠢ ᠪᠣᠯᠭᠠᠬᠤ ᠬᠡᠷᠡᠭᠲᠡᠢ ᠭᠡᠵᠡᠢ ᠃    ᠰᠢᠩ ᠯᠦᠩ ᠫᠦᠸᠧ ᠲᠠᠷᠪᠤᠰ ᠤᠨ ᠠᠵᠤ ᠦᠢᠯᠡᠰ ᠤᠨ ᠠᠭᠤᠰᠤᠯᠴᠠᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠪᠣᠯᠤᠨ ᠬᠠᠷ᠎ᠠ ᠮᠣᠳᠣ ᠲᠣᠰᠬᠤᠨ ᠳᠤ᠂ ᠼᠤᠤ ᡁᠢ ᠶᠦᠩ ᠲᠤᠰ ᠲᠤᠰ ᠬᠦᠷᠢᠶᠡᠯᠡᠩ ᠲᠣᠭᠤᠷᠢᠭ ᠤᠨ ᠭᠤᠷᠪᠠᠳᠤᠭᠠᠷ ᠬᠤᠭᠤᠴᠠᠭᠠᠨ ᠤ ᠲᠦᠷᠦᠯ ᠵᠦᠢᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠵᠢᠴᠢ ᠭᠤᠤ ᠵᠸᠥ ᠴᠧᠩ ᠲᠠᠷᠢᠶᠠᠯᠠᠩ ᠰᠣᠶᠣᠯ ᠵᠤᠭᠠᠴᠠᠯ ᠤᠨ ᠶᠡᠷᠦᠩᠬᠡᠶᠢᠯᠡᠭᠰᠡᠨ ᠴᠣᠭᠴᠠ ᠶᠢᠨ ᠬᠦᠷᠢᠶᠡᠯᠡᠩ ᠲᠣᠭᠤᠷᠢᠭ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠣᠶᠢᠯᠠᠭᠠᠪᠠ᠃ ᠲᠡᠷᠡ ᠴᠢᠬᠤᠯᠠᠴᠢᠯᠠᠭᠰᠠᠨ ᠨᠢ ᠂ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠬᠤ ᠶᠢ ᠪᠠᠷᠢᠮᠲᠠᠯᠠᠵᠤ ᠂ ᠤᠨᠴᠠᠯᠢᠬᠳᠤ ᠠᠵᠤ ᠦᠢᠯᠡᠰ ᠢ ᠲᠠᠰᠤᠷᠠᠯᠲᠠ ᠦᠭᠡᠢ ᠬᠥᠭᠵᠢᠭᠦᠯᠦᠨ ᠪᠤᠵᠠᠭᠠᠶᠢᠷᠠᠭᠤᠯᠵᠤ᠂ ᠲᠠᠭᠠᠭᠤᠯᠤᠭᠴᠢ ᠠᠵᠤ ᠠᠬᠤᠶᠢᠯᠠᠯ ᠢᠶᠠᠷ ᠬᠦᠳᠦᠯᠥᠨ ᠳᠠᠭᠠᠭᠤᠯᠵᠤ᠂ ᠠᠵᠤ ᠦᠢᠯᠡᠰ ᠤᠨ ᠪᠦᠯᠦᠭᠵᠢᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠪᠣᠳᠠᠲᠤ ᠬᠦᠴᠦᠨ ᠢ ᠪᠤᠵᠠᠭᠠᠶᠢᠷᠠᠭᠤᠯᠬᠤ ᠪᠠ ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠡᠢ ᠃    ᠹᠧᠩ ᠱᠦᠢ ᠭᠸᠤ ᠲᠣᠰᠬᠤᠨ ᠳᠤ᠂ ᠼᠤᠤ ᡁᠢ ᠶᠦᠩ ᠶᠤᠸᠠᠨ ᠪᠦᠦ ᠱᠠᠨ ᠲᠣᠭᠤᠷᠢᠭ ᠤᠨ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠬᠦ ᠲᠦᠷᠦᠯ ᠵᠦᠢᠯ ᠵᠢᠴᠢ ᠤᠯᠠᠭᠠᠨᠬᠠᠳᠠ ᠬᠤᠳᠠ ᠶᠢᠨ ᠤᠯᠠᠨ ᠨᠡᠶᠢᠲᠡ ᠶᠢᠨ ᠠᠮᠤᠷ ᠲᠦᠪᠰᠢᠨ ᠤ ᠳᠠᠳᠤᠯᠭ᠎ᠠ ᠪᠣᠯᠪᠠᠰᠤᠷᠠᠯ ︵ᠰᠢᠯᠭᠠᠯᠲᠠ︶᠎ ᠤᠨ ᠰᠠᠭᠤᠷᠢᠨ ᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠣᠶᠢᠯᠠᠭᠠᠪᠠ᠃ ᠲᠡᠷᠡ ᠴᠢᠬᠤᠯᠠᠴᠢᠯᠠᠭᠰᠠᠨ ᠨᠢ᠂ ᠰᠢᠨ᠎ᠡ ᠴᠠᠭ ᠦᠶ᠎ᠡ ᠶᠢᠨ ᠬᠥᠳᠡᠯᠮᠦᠷᠢ ᠶᠢᠨ ᠬᠥᠮᠦᠵᠢᠯ ᠪᠣᠯᠤᠨ ᠶᠡᠷᠦᠩᠬᠡᠶᠢᠯᠡᠭᠰᠡᠨ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠥᠷᠨᠢᠭᠦᠯᠵᠦ᠂ ᠳᠠᠳᠤᠯᠭ᠎ᠠ ᠪᠣᠯᠪᠠᠰᠤᠷᠠᠯ ᠤᠨ ᠠᠭᠤᠯᠭ᠎ᠠ ᠶᠢ ᠲᠠᠰᠤᠷᠠᠯᠲᠠ ᠦᠭᠡᠢ ᠰᠢᠨᠡᠴᠢᠯᠡᠵᠦ᠂ ᠠᠵᠢᠯᠯᠠᠭ᠎ᠠ ᠶᠢᠨ ᠠᠭᠤᠯᠤᠭᠳᠠᠬᠤᠨ ᠢ ᠪᠠᠶᠠᠯᠢᠭᠵᠢᠭᠤᠯᠵᠤ᠂ ᠰᠤᠷᠤᠭᠴᠢᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠬᠡᠪ ᠴᠢᠨᠠᠷ᠂ ᠰᠢᠨᠵᠢᠯᠡᠬᠦ ᠤᠬᠠᠭᠠᠨ ᠰᠣᠶᠣᠯ ᠤᠨ ᠬᠡᠪ ᠴᠢᠨᠠᠷ ᠪᠣᠯᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢᠨ ᠬᠡᠪ ᠴᠢᠨᠠᠷ ᠤᠨ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃    ᠥᠪᠥᠷ ᠮᠣᠩᠭᠤᠯ ᠤᠨ ᠲᠧᠩ ᠰᠢᠶᠠᠩ ᠴᠢᠮᠡᠭᠡᠴᠢᠨ ᠲᠠᠭᠲᠠᠭ᠎ᠠ ᠲᠡᠵᠢᠭᠡᠨ ᠦᠷᠡᠵᠢᠭᠦᠯᠬᠦ ᠬᠢᠵᠠᠭᠠᠷᠲᠤ ᠺᠣᠮᠫᠠᠨᠢ ᠳᠤ᠂ ᠼᠤᠤ ᡁᠢ ᠶᠦᠩ ᠤᠯᠠᠨ ᠤᠯᠤᠰ ᠤᠨ ᠤᠷᠤᠯᠳᠤᠭᠠᠨ ᠤ ᠲᠠᠭᠲᠠᠭ᠎ᠠ ᠶᠢᠨ ᠬᠦᠯᠡᠮᠵᠢ ︵ᠬᠠᠪᠤᠷ ᠤᠨ ᠬᠦᠯᠡᠮᠵᠢ︶᠎ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠢᠴᠢ ᠡᠵᠡᠩᠨᠡᠯᠲᠡ ᠶᠢᠨ ᠲᠥᠯᠥᠪᠵᠢᠭᠦᠯᠭᠡ ᠶᠢᠨ ᠪᠠᠶᠢᠳᠠᠯ ᠢ ᠣᠶᠢᠯᠠᠭᠠᠪᠠ᠃ ᠲᠡᠷᠡ ᠴᠢᠬᠤᠯᠠᠴᠢᠯᠠᠭᠰᠠᠨ ᠨᠢ᠂ ᠬᠥᠭᠵᠢᠯᠲᠡ ᠶᠢᠨ ᠰᠡᠳᠬᠢᠴᠡ ᠪᠠᠨ ᠤᠯᠠᠮ ᠴᠢᠨᠠᠭᠰᠢᠳᠠ ᠥᠷᠭᠡᠳᠬᠡᠵᠦ᠂ ᠬᠤᠯᠪᠣᠭᠳᠠᠯ ᠪᠦᠬᠦᠢ ᠤᠷᠤᠯᠳᠤᠭᠠᠨ ᠳᠤ ᠢᠳᠡᠪᠬᠢᠲᠡᠢ ᠵᠣᠬᠢᠶᠠᠨ ᠪᠠᠶᠢᠭᠤᠯᠤᠨ ᠣᠷᠤᠯᠴᠠᠵᠤ ᠂ ᠲᠤᠰ ᠪᠡᠶ᠎ᠡ ᠶᠢᠨ ᠠᠯᠳᠠᠷᠰᠢᠯ ᠪᠣᠯᠤᠨ ᠨᠥᠯᠥᠭᠡᠯᠡᠬᠦ ᠬᠦᠴᠦᠨ ᠢᠶᠠᠨ ᠥᠷᠭᠡᠳᠬᠡᠵᠦ᠂ ᠬᠠᠮᠢᠶ᠎ᠠ ᠪᠦᠬᠦᠢ ᠠᠵᠤ ᠦᠢᠯᠡᠰ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠠᠮᠢ ᠠᠬᠤᠢ ᠶᠢᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠎ ᠢ ᠬᠠᠮᠲᠤᠪᠠᠷ ᠬᠦᠷᠳᠡᠬᠦ ᠶᠢ ᠪᠡᠶᠡᠯᠡᠭᠦᠯᠬᠦ ᠬᠡᠷᠡᠭᠲᠡᠢ ᠭᠡᠵᠡᠢ ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1