ᠤᠯᠠᠭᠠᠨᠬᠠᠳᠠ ᠬᠤᠲᠠ ᠶᠢᠨ ᠶᠣᠸᠠᠨ ᠪᠣᠤ ᠱᠠᠨ ᠲᠣᠭᠤᠷᠢᠭ ᠤᠨ ᠲᠤᠭ᠎ᠠ ᠪᠦᠷᠢᠳᠭᠡᠯ ᠤᠨ ᠲᠣᠪᠴᠢᠶ᠎ᠠ
ᠨᠡᠶᠢᠲᠡᠯᠡᠭᠰᠡᠨ ᠴᠠᠭ᠄
2024/5/8
    ᠤᠯᠠᠭᠠᠨᠬᠠᠳᠠ ᠬᠤᠲᠠ ᠶᠢᠨ ᠶᠣᠸᠠᠨ ᠪᠣᠤ ᠱᠠᠨ ᠲᠣᠭᠤᠷᠢᠭ ᠤᠨ ᠲᠤᠭ᠎ᠠ ᠪᠦᠷᠢᠳᠭᠡᠯ ᠤᠨ ᠲᠣᠪᠴᠢᠶ᠎ᠠ᠂ ᠤᠯᠠᠭᠠᠨᠬᠠᠳᠠ ᠬᠤᠲᠠ ᠶᠢᠨ ᠶᠣᠸᠠᠨ ᠪᠣᠤ ᠱᠠᠨ ᠲᠣᠭᠤᠷᠢᠭ ᠤᠨ ᠲᠤᠭ᠎ᠠ ᠪᠦᠷᠢᠳᠭᠡᠯ ᠤᠨ ᠲᠣᠪᠴᠢᠶᠠᠨ ᠤ ᠫᠠᠶᠢᠰᠡ ᠶᠢ ᠡᠯᠭᠦᠪᠡ᠃    ᠬᠠᠷᠢᠭᠤᠴᠠᠯᠭᠠᠲᠠᠨ᠄ ᠰᠢᠤᠸᠠᠢ ᠳ᠋ᠦᠩ ᠫᠢᠩ    ᠠᠯᠪᠠᠯᠠᠬᠤ ᠴᠠᠭ᠄ ᠭᠠᠷᠠᠭ ᠪᠦᠷᠢ ᠶᠢᠨ ᠨᠢᠭᠡᠨ ᠠᠴᠠ ᠲᠠᠪᠤᠨ ᠬᠦᠷᠲᠡᠯ᠎ᠡ᠂ ᠦᠳᠡ ᠶᠢᠨ ᠡᠮᠦᠨᠡᠬᠢ 8᠄ 30 - 12᠄ 00᠂ ᠦᠳᠡ ᠶᠢᠨ ᠬᠤᠶᠢᠨᠠᠬᠢ 14᠄ 30 - 17᠄ 00    ᠪᠠᠶᠢᠭᠤᠯᠭ᠎ᠠ ᠶᠢᠨ ᠬᠠᠶ᠋ᠢᠭ᠄ ᠶᠤᠸᠠᠨ ᠪᠦᠦ ᠱᠠᠨ ᠲᠣᠭᠤᠷᠢᠭ ᠤᠨ ᠫᠢᠩᠵᠤᠸᠠᠩ ᠪᠠᠯᠭᠠᠰᠤᠨ ᠤ ᠶᠢᠨ ᠾᠧ ᠵᠡᠭᠡᠯᠢ ᠶᠢᠨ ᠳᠤᠮᠳᠠ ᠬᠡᠰᠡᠭ ᠤᠨ ᠶᠤᠸᠠᠨ ᠪᠦᠦ ᠱᠠᠨ ᠲᠣᠭᠤᠷᠢᠭ ᠤᠨ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ ᠲᠠᠪᠤᠳᠤᠭᠠᠷ ᠳᠠᠪᠬᠤᠷᠯᠢᠭ᠃    ᠬᠠᠷᠢᠯᠴᠠᠬᠤ ᠤᠲᠠᠰᠤ᠄ 0476-351061    ᠰᠢᠦᠳᠠᠨ ᠨᠣᠮᠧᠷ᠄ 024076    ᠨᠢᠭᠡ᠂ ᠭᠤᠣᠯ ᠡᠭᠦᠷᠭᠡ ᠬᠠᠷᠢᠭᠤᠴᠠᠯᠭ᠎ᠠ    ︵ᠨᠢᠭᠡ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠲᠡᠭᠦᠨ ᠢ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠲᠤᠭ᠎ᠠ ᠪᠦᠷᠢᠳᠬᠡᠯ ᠤᠨ ᠵᠠᠳᠠᠯᠤᠯᠲᠠ᠂ ᠲᠤᠭ᠎ᠠ ᠪᠦᠷᠢᠳᠬᠡᠯ ᠤᠨ ᠮᠠᠲ᠋ᠧᠷᠢᠶᠠᠯ ᠬᠠᠩᠭᠠᠬᠤ ᠪᠠ ᠲᠤᠭ᠎ᠠ ᠪᠦᠷᠢᠳᠬᠡᠯ ᠤᠨ ᠵᠥᠪᠯᠡᠯᠭᠡ ᠥᠭᠬᠦ ᠰᠠᠨᠠᠯ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠵᠢᠴᠢ ᠲᠤᠰ ᠪᠡᠶ᠎ᠡ ᠶᠢᠨ ᠪᠠᠶᠢᠭᠤᠯᠤᠯᠲᠠ ᠵᠡᠷᠭᠡ ᠪᠦᠬᠦ ᠶᠠᠪᠤᠴᠠ ᠶᠢᠨ ᠡᠯ᠎ᠡ ᠲᠠᠯ᠎ᠠ ᠳᠤ ᠲᠤᠭᠤᠰᠢᠯᠠᠭᠤᠯᠤᠨ᠎ᠠ᠃    ︵ᠬᠤᠶᠠᠷ︶ ᠲᠤᠭ᠎ᠠ ᠪᠦᠷᠢᠳᠬᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠣᠯᠤᠨ ᠲᠤᠭ᠎ᠠ ᠪᠦᠷᠢᠳᠬᠡᠯ ᠤᠨ ᠳᠦᠷᠢᠮ᠂ ᠲᠤᠭ᠎ᠠ ᠪᠦᠷᠢᠳᠬᠡᠯ ᠤᠨ ᠪᠠᠷᠢᠮᠵᠢᠶ᠎ᠠ ᠶᠢ ᠲᠤᠭᠤᠰᠢᠯᠠᠭᠤᠯᠤᠨ ᠬᠡᠷᠡᠭᠵᠢᠭᠦᠯᠬᠦ ᠶᠢᠨ ᠬᠠᠮᠲᠤ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠨ᠎ᠡ᠃ ᠣᠷᠣᠨ ᠨᠤᠲᠤᠭ ᠤᠨ ᠲᠤᠭ᠎ᠠ ᠪᠦᠷᠢᠳᠬᠡᠯ ᠤᠨ ᠳᠦᠷᠢᠮ ᠪᠣᠯᠤᠨ ᠲᠤᠭ᠎ᠠ ᠪᠦᠷᠢᠳᠬᠡᠯ ᠤᠨ ᠥᠭᠡᠷᠡᠴᠢᠯᠡᠯᠲᠡ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠨ᠎ᠠ᠃ ᠪᠦᠬᠦ ᠲᠤᠭᠤᠷᠢᠭ ᠤᠨ ᠲᠤᠭ᠎ᠠ ᠪᠦᠷᠢᠳᠬᠡᠯ ᠤᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃    ︵ᠭᠤᠷᠪᠠ︶ ᠤᠯᠤᠰ ᠠᠷᠠᠳ ᠤᠨ ᠠᠵᠤ ᠠᠬᠤᠶ ᠶᠢᠨ ᠲᠣᠭᠠᠴᠠᠭ᠎ᠠ ᠬᠢᠬᠦ ᠰᠢᠰᠲ᠋ᠧᠮᠵᠢ ᠶᠢ ᠲᠤᠭᠤᠰᠢᠯᠠᠭᠤᠯᠤᠨ ᠬᠡᠷᠡᠭᠵᠢᠭᠦᠯᠵᠦ᠂ ᠤᠯᠤᠰ ᠠᠷᠠᠳ ᠤᠨ ᠠᠵᠤ ᠠᠬᠤᠶ ᠶᠢᠨ ᠲᠣᠭᠠᠴᠠᠭ᠎ᠠ ᠬᠢᠬᠦ ᠬᠤᠯᠪᠣᠭᠳᠠᠯ ᠪᠦᠬᠦᠢ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠲᠣᠭᠤᠷᠢᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠲᠤ ᠲᠣᠭᠠᠴᠠᠭ᠎ᠠ ᠬᠢᠨ᠎ᠡ᠃    ︵ᠲᠦᠷᠪᠡ︶ ᠪᠦᠬᠦ ᠲᠣᠭᠤᠷᠢᠭ ᠤᠨ ᠬᠥᠮᠦᠨ ᠠᠮᠠ᠂ ᠠᠵᠤ ᠠᠬᠤᠶ᠂ ᠲᠠᠷᠢᠶᠠᠯᠠᠩ ᠮᠠᠯ ᠠᠵᠤ ᠠᠬᠤᠶ ᠵᠡᠷᠭᠡ ᠴᠢᠬᠤᠯᠠ ᠶᠡᠭᠡ ᠲᠣᠭᠤᠷᠢᠭ ᠤᠨ ᠪᠠᠶᠢᠳᠠᠯ᠂ ᠲᠣᠭᠤᠷᠢᠭ ᠤᠨ ᠬᠦᠴᠦᠨ ᠤ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠢᠬᠤᠯᠠ ᠶᠡᠭᠡ ᠲᠣᠭᠤᠷᠢᠭ ᠤᠨ ᠪᠠᠶᠢᠳᠠᠯ ᠲᠣᠭᠤᠷᠢᠭ ᠤᠨ ᠬᠦᠴᠦᠨ ᠤ ᠨᠡᠶᠢᠳᠡᠮ ᠪᠠᠶᠢᠴᠠᠭᠠᠯᠲᠠ ᠵᠢᠴᠢ ᠲᠤᠰᠬᠠᠶ ᠪᠠᠶᠢᠴᠠᠭᠠᠯᠲᠠ ᠶᠢᠨ ᠲᠥᠯᠥᠪᠯᠡᠭᠡ᠂ ᠲᠥᠰᠦᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠷᠢᠶᠠᠩᠭᠤᠶᠢᠯᠠᠵᠤ᠂ ᠡᠮᠬᠢᠳᠬᠡᠬᠦ ᠪᠠ ᠬᠤᠯᠪᠣᠭᠳᠠᠯ ᠪᠦᠬᠦᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠠᠩᠭᠠᠨ᠎ᠠ᠃    ︵ᠲᠠᠪᠤ︶ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ᠂ ᠠᠵᠤ ᠦᠢᠯᠡᠳᠪᠦᠷᠢ᠂ ᠪᠠᠷᠢᠯᠭ᠎ᠠ ᠶᠢᠨ ᠦᠢᠯᠡᠰ᠂ ᠦᠢᠯᠡᠴᠢᠯᠡᠭᠡᠨ ᠤ ᠦᠢᠯᠡᠰ ᠵᠡᠷᠭᠡ ᠪᠦᠬᠦ ᠲᠣᠭᠤᠷᠢᠭ ᠤᠨ ᠤᠯᠤᠰ ᠠᠷᠠᠳ ᠤᠨ ᠠᠵᠤ ᠠᠬᠤᠶ ᠶᠢᠨ ᠡᠯ᠎ᠡ ᠠᠵᠢᠯ ᠲᠥᠷᠥᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠯᠪᠣᠭᠳᠠᠯ ᠪᠦᠬᠦᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠴᠤᠭᠯᠠᠭᠤᠯᠵᠤ᠂ ᠬᠤᠷᠢᠶᠠᠩᠭᠤᠶᠢᠯᠠᠵᠤ᠂ ᠡᠮᠬᠢᠳᠬᠡᠵᠦ᠂ ᠬᠠᠩᠭᠠᠵᠤ᠂ ᠵᠢᠭᠤᠯᠴᠢᠯᠠᠯ᠂ ᠵᠠᠮ ᠬᠠᠷᠢᠯᠴᠠᠭ᠎ᠠ ᠲᠡᠭᠡᠭᠡᠪᠦᠷᠢ᠂ ᠰᠢᠦᠳᠠᠨ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ᠂ ᠨᠡᠶᠢᠲᠡ ᠶᠢᠨ ᠬᠡᠷᠡᠭᠯᠡᠭᠡᠨ ᠤ ᠦᠢᠯᠡᠰ ᠵᠡᠷᠭᠡ ᠪᠦᠬᠦ ᠲᠣᠭᠤᠷᠢᠭ ᠤᠨ ᠴᠢᠨᠠᠷᠲᠠᠶ ᠦᠨᠳᠦᠰᠦᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠵᠤ᠂ ᠡᠮᠬᠢᠳᠬᠡᠬᠦ ᠪᠠ ᠬᠠᠩᠭᠠᠨ᠎ᠠ᠃    ︵ᠵᠢᠷᠭᠤᠭ᠎ᠠ︶ ᠪᠦᠬᠦ ᠲᠣᠭᠤᠷᠢᠭ ᠤᠨ ᠡᠨᠧᠷᠭᠢ᠂ ᠪᠡᠯᠡ ᠣᠷᠣᠭᠤᠯᠤᠯᠲᠠ᠂ ᠬᠡᠷᠡᠭᠯᠡᠭᠡ᠂ ᠰᠢᠨᠵᠢᠯᠡᠬᠦ ᠤᠬᠠᠭᠠᠨ ᠮᠡᠷᠭᠡᠵᠢᠯ᠂ ᠬᠥᠮᠦᠨ ᠠᠮᠠ᠂ ᠬᠥᠳᠡᠯᠮᠦᠷᠢ ᠬᠦᠴᠦᠨ᠂ ᠣᠷᠴᠢᠨ ᠲᠣᠭᠤᠷᠢᠨ᠂ ᠨᠡᠶᠢᠭᠡᠮ ᠤᠨ ᠬᠥᠭᠵᠢᠯᠲᠡ ᠶᠢᠨ ᠦᠨᠳᠦᠰᠦᠨ ᠪᠠᠶᠢᠳᠠᠯ ᠵᠡᠷᠭᠡ ᠶᠢ ᠪᠦᠷᠢᠳᠬᠡᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠯᠪᠣᠭᠳᠠᠯ ᠪᠦᠬᠦᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠴᠤᠭᠯᠠᠭᠤᠯᠤᠨ᠂ ᠬᠤᠷᠢᠶᠠᠩᠭᠤᠶᠢᠯᠠᠵᠤ᠂ ᠡᠮᠬᠢᠳᠬᠡᠬᠦ ᠪᠠ ᠬᠠᠩᠭᠠᠵᠤ᠂ ᠡᠬᠢ ᠪᠠᠶᠠᠯᠢᠭ᠂ ᠭᠡᠷ ᠪᠠᠶᠢᠰᠢᠩ᠂ ᠭᠠᠳᠠᠭᠠᠳᠤ ᠠᠷᠠᠯᠵᠢᠶ᠎ᠠ᠂ ᠭᠠᠳᠠᠭᠠᠳᠤ ᠠᠵᠤ ᠠᠬᠤᠶ ᠵᠡᠷᠭᠡ ᠪᠦᠬᠦ ᠲᠣᠭᠤᠷᠢᠭ ᠤᠨ ᠴᠢᠨᠠᠷᠲᠠᠶ ᠦᠨᠳᠦᠰᠦᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠵᠤ᠂ ᠡᠮᠬᠢᠳᠬᠡᠬᠦ ᠪᠠ ᠬᠠᠩᠭᠠᠨ᠎ᠠ᠃    ︵ᠳᠤᠯᠤᠭ᠎ᠠ︶ ᠡᠯ᠎ᠡ ᠪᠠᠯᠭᠠᠰᠤ ᠰᠢᠶᠠᠩ ᠵᠡᠭᠡᠯᠢ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠠᠵᠤ ᠠᠬᠤᠶ᠂ ᠨᠡᠶᠢᠭᠡᠮ᠂ ᠰᠢᠨᠵᠢᠯᠡᠬᠦ ᠤᠬᠠᠭᠠᠨ ᠮᠡᠷᠭᠡᠵᠢᠯ ᠪᠣᠯᠤᠨ ᠡᠬᠢ ᠪᠠᠶᠠᠯᠢᠭ ᠣᠷᠴᠢᠨ ᠲᠣᠭᠤᠷᠢᠨ ᠤ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠪᠦᠬᠦ ᠲᠣᠭᠤᠷᠢᠭ ᠤᠨ ᠴᠢᠨᠠᠷᠲᠠᠶ ᠦᠨᠳᠦᠰᠦᠨ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠨᠢᠭᠡᠳᠦᠯᠲᠡᠶ ᠬᠢᠨᠠᠨ ᠲᠣᠭᠲᠠᠭᠠᠵᠤ᠂ ᠬᠠᠮᠢᠶᠠᠷᠴᠤ᠂ ᠨᠡᠶᠢᠲᠡᠯᠡᠵᠦ᠂ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠪᠠᠶᠢᠳᠠᠯ ᠤᠨ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ᠎ᠡ᠃    ︵ᠨᠠᠢᠮᠠ︶ ᠪᠦᠬᠦ ᠲᠤᠭᠤᠷᠢᠭ ᠤᠨ ᠤᠯᠤᠰ ᠠᠷᠠᠳ ᠤᠨ ᠠᠵᠤ ᠠᠬᠤᠶ᠂ ᠨᠡᠶᠢᠭᠡᠮ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠪᠣᠯᠤᠨ ᠡᠬᠢ ᠪᠠᠶᠠᠯᠢᠭ ᠣᠷᠴᠢᠨ ᠲᠣᠭᠤᠷᠢᠨ ᠵᠡᠷᠭᠡ ᠪᠠᠶᠢᠳᠠᠯ ᠳᠤ ᠲᠤᠭ᠎ᠠ ᠪᠦᠷᠢᠳᠬᠡᠯ ᠤᠨ ᠵᠠᠳᠠᠯᠤᠯᠲᠠ᠂ ᠲᠤᠭ᠎ᠠ ᠪᠦᠷᠢᠳᠬᠡᠯ ᠤᠨ ᠬᠢᠨᠠᠨ ᠬᠡᠮᠵᠢᠯᠲᠡ ᠪᠣᠯᠤᠨ ᠲᠤᠭ᠎ᠠ ᠪᠦᠷᠢᠳᠬᠡᠯ ᠤᠨ ᠬᠢᠨᠠᠯᠲᠠ ᠲᠠᠯᠪᠢᠯᠲᠠ ᠬᠢᠵᠦ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠤᠭ᠎ᠠ ᠪᠦᠷᠢᠳᠬᠡᠯ ᠤᠨ ᠮᠡᠳᠡᠭᠡ ᠵᠠᠩᠭᠢ ᠪᠣᠯᠤᠨ ᠵᠥᠪᠯᠡᠯᠭᠡ ᠥᠭᠬᠦ ᠰᠠᠨᠠᠭᠤᠯᠭ᠎ᠠ ᠬᠠᠩᠭᠠᠬᠤ ᠶᠢ ᠬᠠᠷᠢᠭᠤᠴᠠᠨ᠎ᠠ᠃    ︵ᠶᠢᠰᠦ︶ ᠡᠯ᠎ᠡ ᠪᠠᠯᠭᠠᠰᠤ ᠰᠢᠶᠠᠩ ᠵᠡᠭᠡᠯᠢ ᠭᠤᠳᠤᠮᠵᠢ ᠡᠯ᠎ᠡ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠢ ᠬᠠᠤᠯᠢ ᠶᠣᠰᠣᠭᠠᠷ ᠬᠢᠨᠠᠨ ᠵᠥᠪᠰᠢᠶᠡᠷᠡᠬᠦ ᠪᠤᠶᠤ ᠳᠠᠩᠰᠠᠯᠠᠭᠤᠯᠵᠤ᠂ ᠲᠤᠰᠬᠠᠶ ᠠᠵᠢᠯ ᠤᠨ ᠲᠤᠭ᠎ᠠ ᠪᠦᠷᠢᠳᠬᠡᠯ ᠤᠨ ᠰᠠᠭᠤᠷᠢ ᠠᠵᠢᠯ᠂ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢ ᠵᠢᠯᠣᠭᠤᠳᠴᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠢᠨᠠᠨ ᠬᠠᠷᠭᠤᠭᠤᠯᠬᠤ᠂ ᠬᠢᠨᠠᠨ ᠡᠵᠡᠮᠳᠡᠬᠦ ᠪᠠ ᠦᠨᠡᠯᠡᠨ ᠵᠢᠱᠢᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠴᠢᠬᠤᠯᠠ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ᠂ ᠬᠢᠨᠠᠨ ᠡᠵᠡᠮᠳᠡᠬᠦ ᠪᠠ ᠦᠨᠡᠯᠡᠨ ᠵᠢᠱᠢᠬᠦ ᠶᠢ ᠥᠷᠨᠢᠭᠦᠯᠦᠨ᠎ᠡ᠃    ︵ᠠᠷᠪᠠ︶ ᠪᠦᠬᠦ ᠲᠣᠭᠤᠷᠢᠭ ᠤᠨ ᠲᠤᠭ᠎ᠠ ᠪᠦᠷᠢᠳᠬᠡᠯ ᠤᠨ ᠲᠤᠰᠬᠠᠶ ᠮᠡᠷᠭᠡᠵᠢᠯ ᠤᠨ ᠡᠩᠨᠡᠭᠡᠨ ᠤ ᠪᠠᠶᠢᠭᠤᠯᠤᠯᠲᠠ ᠬᠢᠭᠡᠳ ᠪᠣᠯᠪᠠᠰᠤᠷᠠᠭᠤᠯᠤᠯ ᠤᠨ ᠠᠵᠢᠯ ᠢ ᠬᠠᠷᠢᠭᠤᠴᠠᠨ᠎ᠠ᠃ ᠪᠦᠬᠦ ᠲᠣᠭᠤᠷᠢᠭ ᠤᠨ ᠲᠤᠭ᠎ᠠ ᠪᠦᠷᠢᠳᠬᠡᠯ ᠤᠨ ᠮᠡᠳᠡᠭᠡ ᠵᠠᠩᠭᠢᠵᠢᠯᠲᠠ ᠶᠢᠨ ᠰᠢᠰᠲ᠋ᠧᠮ᠂ ᠲᠤᠭ᠎ᠠ ᠪᠦᠷᠢᠳᠬᠡᠯ ᠤᠨ ᠳ᠋ᠠᠶᠢᠲ᠋ᠠ ᠬᠥᠮᠥᠷᠭᠡ ᠶᠢᠨ ᠰᠢᠰᠲ᠋ᠧᠮ ᠢ ᠪᠠᠶᠢᠭᠤᠯᠬᠤ ᠶᠢᠨ ᠬᠠᠮᠲᠤ ᠬᠠᠮᠢᠶᠠᠷᠬᠤ ᠶᠢ ᠬᠠᠷᠢᠭᠤᠴᠠᠵᠤ᠂ ᠡᠯ᠎ᠡ ᠪᠠᠯᠭᠠᠰᠤ ᠰᠢᠶᠠᠩ ᠵᠡᠭᠡᠯᠢ ᠭᠤᠳᠤᠮᠵᠢ ᠵᠢᠴᠢ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠲᠤᠭ᠎ᠠ ᠪᠦᠷᠢᠳᠬᠡᠯ ᠤᠨ ᠮᠡᠳᠡᠭᠡ ᠵᠠᠩᠭᠢᠵᠢᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠵᠢᠯᠣᠭᠤᠳᠤᠨ᠎ᠠ᠃    ︵ᠠᠷᠪᠠᠨ ᠨᠢᠭᠡ︶ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠰᠠᠶᠢᠬᠠᠨ ᠬᠤᠷᠰᠢᠯᠴᠡᠯ ᠢ ᠪᠡᠶᠡᠯᠡᠭᠦᠯᠦᠨ᠎ᠡ᠃    ︵ᠠᠷᠪᠠᠨ ᠬᠤᠶᠠᠷ︶ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃    ᠬᠤᠶᠠᠷ᠂ ᠳᠤᠳᠤᠭᠠᠳᠤ ᠶᠢᠨ ᠪᠠᠶᠢᠭᠤᠯᠤᠮᠵᠢ    ᠳᠡᠭᠡᠷ᠎ᠡ ᠳᠤᠷᠠᠳᠤᠭᠰᠠᠨ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠨ᠂ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ 3 ᠳᠣᠲᠣᠭᠠᠳᠤ ᠪᠠᠶᠢᠭᠤᠯᠤᠮᠵᠢ ᠲᠣᠬᠢᠷᠠᠭᠤᠯᠪᠠ᠄    ︵ᠨᠢᠭᠡ︶ ᠠᠯᠪᠠᠨ ᠭᠡᠷ    ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠪᠠᠶᠢᠭᠤᠯᠭ᠎ᠠ ᠶᠢᠨ ᠠᠵᠢᠯ ᠤᠨ ᠳᠦᠷᠢᠮ ᠢ ᠲᠣᠭᠲᠠᠭᠠᠨ᠂ ᠴᠢᠬᠤᠯᠠ ᠠᠵᠢᠯ ᠤᠨ ᠬᠡᠷᠡᠭᠵᠢᠭᠦᠯᠬᠦ ᠪᠠ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠠᠯᠪᠠᠨ ᠪᠢᠴᠢᠭ    ᠎ ᠢ ᠰᠢᠢᠳᠪᠦᠷᠢᠯᠡᠬᠦ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠮᠡᠳᠡᠭᠡ ᠵᠠᠩᠭᠢ ᠶᠢᠨ ᠤᠬᠠᠭᠤᠯᠭ᠎ᠠ᠂ ᠨᠢᠭᠤᠴᠠ ᠮᠠᠲ᠋ᠧᠷᠢᠶᠠᠯ ᠤᠨ ᠨᠢᠭᠤᠴᠠ ᠶᠢ ᠬᠠᠮᠠᠭᠠᠯᠠᠬᠤ᠂ ᠳᠠᠩᠰᠠ ᠡᠪᠬᠡᠮᠡᠯ ᠤᠨ ᠬᠠᠮᠢᠶᠠᠷᠤᠯᠲᠠ ᠵᠡᠷᠭᠡ ᠵᠠᠰᠠᠭ ᠤᠨ ᠶᠠᠪᠤᠳᠠᠯ ᠤᠨ ᠠᠵᠢᠯ ᠢ ᠬᠠᠷᠢᠭᠤᠴᠠᠨ᠎ᠠ᠃ ᠬᠤᠷᠠᠯ ᠤᠨ ᠶᠠᠪᠤᠳᠠᠯ ᠤᠨ ᠵᠣᠬᠢᠶᠠᠨ ᠪᠠᠶᠢᠭᠤᠯᠤᠯᠲᠠ᠂ ᠠᠯᠪᠠᠨ ᠶᠠᠪᠤᠳᠠᠯ ᠤᠨ ᠵᠣᠴᠢᠯᠠᠭ᠎ᠠ ᠂ ᠠᠮᠤᠷ ᠲᠦᠪᠰᠢᠨ ᠤ ᠬᠠᠮᠠᠭᠠᠯᠠᠯᠲᠠ ᠵᠡᠷᠭᠡ ᠥᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃ ᠪᠠᠶᠢᠭᠤᠯᠤᠮᠵᠢ ᠶᠢᠨ ᠣᠷᠣᠨ ᠲᠤᠭ᠎ᠠ᠂ ᠵᠣᠬᠢᠶᠠᠨ ᠪᠠᠶᠢᠭᠤᠯᠬᠤ ᠠᠵᠢᠯᠲᠠᠨ ᠤ ᠶᠠᠪᠤᠳᠠᠯ᠂ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ᠂ ᠡᠳ᠋ ᠤᠨ ᠶᠠᠪᠤᠳᠠᠯ ᠤᠨ ᠬᠠᠮᠢᠶᠠᠷᠤᠯᠲᠠ᠂ ᠲᠤᠭ᠎ᠠ ᠪᠦᠷᠢᠳᠬᠡᠯ ᠤᠨ ᠬᠥᠮᠦᠵᠢᠯ ᠪᠣᠯᠪᠠᠰᠤᠷᠠᠭᠤᠯᠤᠯ ᠪᠣᠯᠤᠨ ᠲᠤᠭ᠎ᠠ ᠪᠦᠷᠢᠳᠬᠡᠯ ᠤᠨ ᠰᠢᠷᠢᠰ ᠮᠡᠷᠭᠡᠵᠢᠯ ᠤᠨ ᠴᠣᠯᠠ ᠶᠢᠨ ᠬᠢᠷᠢ ᠬᠡᠮ ᠢ ᠬᠢᠨᠠᠨ ᠲᠣᠭᠲᠠᠭᠠᠬᠤ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃ ᠪᠦᠬᠦ ᠲᠣᠭᠤᠷᠢᠭ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ᠂ ᠠᠵᠤ ᠠᠬᠤᠶ᠂ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ᠠᠵᠢᠯᠯᠠᠬᠤ ᠭᠠᠵᠠᠷ᠄ ᠲᠣᠭᠤᠷᠢᠭ ᠤᠨ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ 5 ᠳ᠋ᠤᠭᠠᠷ ᠳᠠᠪᠬᠤᠷᠯᠢᠭ ᠤᠨ 531 ᠳ᠋ᠤᠭᠠᠷ ᠭᠡᠷ    ᠬᠠᠷᠢᠯᠴᠠᠬᠤ ᠤᠲᠠᠰᠤ᠄ 0476-3510561    ︵ᠬᠤᠶᠠᠷ︶ ᠶᠡᠷᠥᠩᠬᠡᠶᠢᠯᠡᠭᠰᠡᠨ ᠲᠣᠭᠠᠴᠠᠭ᠎ᠠ ᠬᠢᠬᠦ ᠲᠠᠰᠤᠭ    ᠤᠯᠤᠰ ᠠᠷᠠᠳ ᠤᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠳᠤ ᠲᠤᠭ᠎ᠠ ᠪᠦᠷᠢᠳᠬᠡᠯ ᠤᠨ ᠬᠢᠨᠠᠨ ᠬᠡᠮᠵᠢᠯᠲᠡ᠂ ᠲᠤᠭ᠎ᠠ ᠪᠦᠷᠢᠳᠬᠡᠯ ᠤᠨ ᠲᠥᠰᠦᠭᠡᠯᠡᠯ ᠪᠠ ᠶᠡᠷᠦᠩᠬᠡᠶᠢᠯᠡᠭᠰᠡᠨ ᠵᠠᠳᠠᠯᠤᠯᠲᠠ ᠰᠤᠳᠤᠯᠤᠯᠲᠠ ᠬᠢᠬᠦ ᠶᠢ ᠬᠠᠷᠢᠭᠤᠴᠠᠵᠤ᠂ ᠬᠤᠷᠸ᠎ᠠ ᠲᠣᠬᠢᠷᠠᠭᠤᠯᠭ᠎ᠠ ᠡᠵᠡᠮᠰᠢᠯ ᠤᠨ ᠯᠠᠪᠯᠠᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠲᠤᠭ᠎ᠠ ᠪᠦᠷᠢᠳᠬᠡᠯ ᠤᠨ ᠳ᠋ᠠᠶᠢᠲ᠋ᠠ ᠬᠥᠮᠥᠷᠭᠡ ᠶᠢᠨ ᠰᠢᠰᠲ᠋ᠧᠮ ᠤᠨ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠶᠡᠷᠦᠩᠬᠡᠶᠢᠯᠡᠭᠰᠡᠨ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠨᠠᠶᠢᠷᠠᠭᠤᠯᠤᠨ ᠡᠮᠬᠢᠳᠬᠡᠨ᠎ᠡ᠃ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠨᠡᠶᠢᠲᠡᠯᠡᠬᠦ ᠪᠠ ᠲᠤᠭ᠎ᠠ ᠪᠦᠷᠢᠳᠬᠡᠯ ᠤᠨ ᠰᠣᠨᠢᠨ ᠮᠡᠳᠡᠭᠡᠨ ᠤ ᠤᠬᠠᠭᠤᠯᠭ᠎ᠠ ᠶᠢᠨ ᠠᠵᠢᠯ ᠢ ᠬᠠᠷᠢᠭᠤᠴᠠᠨ᠎ᠠ᠃ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠢᠨᠠᠨ ᠰᠢᠯᠭᠠᠬᠤ ᠳᠤᠮᠳᠠᠬᠢ ᠠᠵᠤ ᠠᠬᠤᠶ ᠶᠢᠨ ᠭᠦᠢᠴᠡᠳᠬᠡᠯ ᠲᠤᠭ᠎ᠠ ᠶᠢ ᠬᠢᠨᠠᠨ ᠰᠢᠯᠭᠠᠬᠤ ᠠᠵᠢᠯ ᠢ ᠡᠭᠦᠷᠭᠡᠯᠡᠨ᠎ᠡ᠃ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ᠂ ᠠᠷᠭᠠᠴᠠᠭᠠᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠲᠤᠭ᠎ᠠ ᠪᠦᠷᠢᠳᠬᠡᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠪᠦᠬᠦ ᠲᠣᠭᠤᠷᠢᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠵᠡᠷᠭᠡ ᠤᠯᠤᠰ ᠠᠷᠠᠳ ᠤᠨ ᠠᠵᠤ ᠠᠬᠤᠶ ᠶᠢᠨ ᠲᠣᠭᠠᠴᠠᠭ᠎ᠠ ᠬᠢᠬᠦ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃ ᠪᠦᠬᠦ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠷᠢ ᠥᠭᠴᠡᠭᠡ ᠶᠢᠨ ᠬᠦᠰᠦᠨᠦᠭᠲᠦ ᠶᠢ ᠨᠠᠶᠢᠷᠠᠭᠤᠯᠤᠨ ᠵᠣᠬᠢᠶᠠᠨ᠎ᠠ᠃ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ᠂ ᠪᠠᠶᠢᠴᠠᠭᠠᠯᠲᠠ ᠶᠢᠨ ᠲᠥᠰᠦᠯ ᠵᠡᠷᠭᠡ ᠵᠢᠷᠤᠭ ᠲᠥᠯᠥᠪᠯᠡᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃    ᠠᠵᠢᠯᠯᠠᠬᠤ ᠭᠠᠵᠠᠷ᠄ ᠲᠣᠭᠤᠷᠢᠭ ᠤᠨ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ 562 ᠳ᠋ᠤᠭᠠᠷ ᠭᠡᠷ    ᠬᠠᠷᠢᠯᠴᠠᠬᠤ ᠤᠲᠠᠰᠤ᠄ 0476 - 5850211    ︵ᠭᠤᠷᠪᠠ︶ ᠲᠤᠰᠬᠠᠶ ᠮᠡᠷᠭᠡᠵᠢᠯ ᠤᠨ ᠲᠤᠭ᠎ᠠ ᠪᠦᠷᠢᠳᠬᠡᠯ ᠤᠨ ᠲᠠᠰᠤᠭ ︵ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠬᠤ ᠶᠡᠭᠡ ᠠᠩᠭᠢ ᠶᠢᠨ ᠫᠠᠶᠢᠰᠠ ᠶᠢ ᠡᠯᠭᠦᠨ᠎ᠡ︶    ᠲᠠᠷᠢᠶᠠᠯᠠᠩ ᠮᠠᠯ ᠠᠵᠤ ᠠᠬᠤᠶ᠂ ᠠᠵᠤ ᠦᠢᠯᠡᠳᠪᠦᠷᠢ᠂ ᠡᠨᠧᠷᠭᠢ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ᠂ ᠪᠠᠷᠢᠯᠭ᠎ᠠ ᠶᠢᠨ ᠦᠢᠯᠡᠰ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠥᠢᠯᠡᠰ᠂ ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ ᠥᠢᠯᠡᠰ᠂ ᠪᠦᠬᠦ ᠨᠡᠶᠢᠭᠡᠮ ᠤᠨ ᠬᠡᠷᠡᠭᠯᠡᠭᠡᠨ ᠤ ᠵᠥᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ᠂ ᠬᠤᠳᠠᠯᠳᠤᠭᠠᠨ ᠤ ᠡᠵᠡᠩᠨᠡᠯᠲᠡ ᠶᠢᠨ ᠪᠠᠶᠢᠳᠠᠯ ᠬᠢᠭᠡᠳ ᠵᠠᠬ᠎ᠠ ᠳᠡᠯᠭᠡᠭᠦᠷ ᠤᠨ ᠠᠵᠢᠯᠯᠠᠭᠠᠨ ᠤ ᠪᠠᠶᠢᠳᠠᠯ ᠢ ᠪᠦᠷᠢᠳᠬᠡᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠥᠮᠦᠨ ᠠᠮᠠ ᠶᠢᠨ ᠦᠯᠢᠭᠡᠷ ᠠᠪᠴᠤ ᠪᠠᠶᠢᠴᠠᠭᠠᠬᠤ ᠪᠠ ᠬᠥᠳᠡᠯᠮᠦᠷᠢ ᠴᠠᠯᠢᠩ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠴᠤᠭᠯᠠᠭᠤᠯᠵᠤ᠂ ᠡᠮᠬᠢᠳᠬᠡᠬᠦ ᠪᠠ ᠬᠠᠩᠭᠠᠵᠤ᠂ ᠬᠤᠯᠪᠣᠭᠳᠠᠯ ᠪᠦᠬᠦᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠲᠤ ᠪᠠᠶᠢᠴᠠᠭᠠᠯᠲᠠ ᠪᠠ ᠦᠨᠡᠯᠡᠨ ᠵᠢᠱᠢᠯᠲᠡ ᠬᠢᠵᠦ᠂ ᠬᠤᠯᠪᠣᠭᠳᠠᠯ ᠪᠦᠬᠦᠢ ᠲᠤᠰᠬᠠᠶ ᠮᠡᠷᠭᠡᠵᠢᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠵᠠᠳᠠᠯᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠥᠨ᠎ᠡ᠃ ᠪᠦᠬᠦ ᠲᠣᠭᠤᠷᠢᠭ ᠤᠨ ᠲᠤᠭ᠎ᠠ ᠪᠦᠷᠢᠳᠬᠡᠯ ᠤᠨ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠤᠭ᠎ᠠ ᠪᠦᠷᠢᠳᠬᠡᠯ ᠤᠨ ᠬᠠᠤᠯᠢ ᠠᠴᠠ ᠵᠥᠷᠢᠴᠡᠭᠰᠡᠨ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ ᠰᠢᠢᠳᠪᠦᠷᠢᠯᠡᠬᠦ ᠪᠠ ᠲᠤᠭ᠎ᠠ ᠪᠦᠷᠢᠳᠬᠡᠯ ᠤᠨ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠵᠦ᠂ ᠲᠤᠭ᠎ᠠ ᠪᠦᠷᠢᠳᠬᠡᠯ ᠢ ᠬᠠᠭᠤᠷᠮᠠᠭ ᠢᠶᠠᠷ ᠵᠣᠬᠢᠶᠠᠬᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠶᠢᠨ ᠬᠠᠮᠲᠤᠷᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠵᠤ᠂ ᠲᠤᠭ᠎ᠠ ᠪᠦᠷᠢᠳᠬᠡᠯ ᠤᠨ ᠢᠲᠡᠭᠡᠮᠵᠢ ᠶᠢᠨ ᠳᠦᠷᠢᠮ ᠢ ᠲᠡᠭᠦᠯᠳᠡᠷᠵᠢᠭᠦᠯᠦᠨ᠎ᠡ᠃ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠶᠢᠨ ︽ᠬᠤᠣᠰ ᠲᠠᠰᠢᠷᠠᠮ︾᠎ ᠤᠨ ᠰᠤᠭᠤᠴᠢᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠤᠬᠠᠭᠤᠯᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠦᠨᠳᠦᠰᠦᠨ ᠨᠢᠭᠡᠴᠢ ᠶᠢᠨ ᠨᠡᠷᠡᠰ ᠤᠨ ᠵᠢᠭᠰᠠᠭᠠᠯᠲᠠ ᠶᠢᠨ ᠬᠥᠮᠥᠷᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ᠂ ᠭᠡᠷᠡᠴᠢᠯᠡᠭᠡ ᠰᠣᠨᠣᠰᠬᠤ ᠵᠡᠷᠭᠡ ᠬᠠᠤᠯᠢ ᠴᠠᠭᠠᠵᠠ ᠶᠢᠨ ᠶᠠᠪᠤᠳᠠᠯ ᠢ ᠡᠭᠦᠷᠭᠡᠯᠡᠵᠦ᠂ ᠪᠠᠶᠢᠭᠤᠯᠭ᠎ᠠ ᠶᠢᠨ ᠴᠢᠬᠤᠯᠠ ᠶᠡᠭᠡ ᠵᠦᠢᠯᠡᠰ ᠪᠠ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠢ ᠡᠭᠦᠷᠭᠡᠯᠡᠨ᠎ᠡ᠃    ᠠᠵᠢᠯᠯᠠᠬᠤ ᠭᠠᠵᠠᠷ᠄ ᠲᠣᠭᠤᠷᠢᠭ ᠤᠨ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ 5 ᠳ᠋ᠤᠭᠠᠷ ᠳᠠᠪᠬᠤᠷᠯᠢᠭ ᠤᠨ 546 ᠳ᠋ᠤᠭᠠᠷ ᠥᠷᠥᠭᠡ    ᠬᠠᠷᠢᠯᠴᠠᠬᠤ ᠤᠲᠠᠰᠤ᠄ 0476-3512897    ᠬᠤᠶᠠᠳᠤᠭᠠᠷ ᠲᠡᠰ ᠤᠨ ᠨᠢᠭᠡᠴᠢ᠄ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠪ    ᠨᠢᠭᠡ᠂ ᠭᠤᠣᠯ ᠡᠭᠦᠷᠭᠡ ᠬᠠᠷᠢᠭᠤᠴᠠᠯᠭ᠎ᠠ    ︵ᠨᠢᠭᠡ︶ ᠲᠤᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠳᠤ ᠬᠠᠷᠢᠭᠤᠴᠠᠵᠤ᠂ ᠬᠠᠤᠯᠢ ᠲᠣᠭᠲᠠᠭᠠᠯ ᠶᠣᠰᠣᠭᠠᠷ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠦᠨ᠎ᠡ᠃    ︵ᠬᠤᠶᠠᠷ︶ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠵᠠᠷᠤᠯᠭ᠎ᠠ᠂ ᠬᠥᠯᠥᠰᠥᠨ ᠠᠵᠢᠯᠴᠢᠨ ᠤ ᠬᠢᠨᠠᠨ ᠬᠡᠮᠵᠢᠯᠲᠡ᠂ ᠰᠠᠷ᠎ᠠ ᠶᠢᠨ ᠬᠥᠳᠡᠯᠮᠦᠷᠢ ᠶᠢᠨ ᠬᠦᠴᠦᠨ ᠤ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠭᠤᠷᠪᠠ︶ ᠲᠠᠷᠢᠶᠠᠯᠠᠩ ᠤᠨ ᠦᠢᠯᠡᠳᠪᠦᠷᠢᠯᠡᠯ᠂ ᠮᠠᠯ ᠵᠢᠭᠦᠷᠲᠡᠨ ᠢ ᠬᠢᠨᠠᠨ ᠬᠡᠮᠵᠢᠵᠦ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠲᠦᠷᠪᠡ︶ ᠬᠡᠷᠡᠭᠯᠡᠭᠡᠨ ᠤ ᠦᠨ᠎ᠡ ᠬᠠᠩᠰᠢ᠂ ᠠᠵᠤ ᠦᠢᠯᠡᠳᠪᠦᠷᠢ ᠶᠢᠨ ᠦᠢᠯᠡᠳᠪᠦᠷᠢᠯᠡᠭᠴᠢ ᠶᠢᠨ ᠦᠨ᠎ᠡ ᠬᠠᠩᠰᠢ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠦᠨ᠎ᠡ ᠬᠠᠩᠰᠢ ᠶᠢᠨ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠲᠠᠪᠤ︶ ᠰᠢᠨ᠎ᠡ ᠪᠠᠷ ᠪᠠᠶᠢᠭᠤᠯᠤᠭᠰᠠᠨ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠡᠵᠡᠩᠨᠡᠯᠲᠡ ᠶᠢᠨ ᠡᠷᠦᠬᠡ ᠶᠢ ᠮᠥᠷᠳᠡᠨ ᠪᠠᠶᠢᠴᠠᠭᠠᠬᠤ᠂ ᠵᠢᠵᠢᠭ ᠪᠢᠴᠢᠯ ᠠᠵᠤ ᠦᠢᠯᠡᠳᠪᠦᠷᠢ ᠶᠢ ᠰᠢᠨ᠎ᠡ ᠪᠠᠷ ᠪᠠᠶᠢᠭᠤᠯᠬᠤ᠂ ᠪᠠᠷᠢᠯᠭ᠎ᠠ ᠶᠢᠨ ᠦᠢᠯᠡᠰ ᠤᠨ ᠪᠠᠶᠢᠴᠠᠭᠠᠯᠲᠠ ᠪᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠮᠥᠷᠳᠡᠨ ᠪᠠᠶᠢᠴᠠᠭᠠᠯᠲᠠ᠂ ᠰᠦᠯᠵᠢᠶ᠎ᠡ ᠪᠠᠷ ᠬᠤᠳᠠᠯᠳᠤᠨ ᠠᠪᠬᠤ᠂ ᠬᠤᠳᠠᠯᠳᠤᠨ ᠠᠪᠬᠤ ᠳᠠᠭᠠᠭᠠᠮᠠᠯ ᠵᠡᠷᠭᠡ ᠲᠤᠰᠬᠠᠶ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠵᠢᠷᠭᠤᠭ᠎ᠠ︶ ᠲᠤᠭ᠎ᠠ ᠪᠦᠷᠢᠳᠬᠡᠯ ᠤᠨ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠤᠭ᠎ᠠ ᠪᠠᠷᠢᠮᠲᠠ ᠶᠢ ᠰᠢᠢᠳᠪᠦᠷᠢᠯᠡᠬᠦ᠂ ᠳᠠᠮᠵᠢᠭᠤᠯᠬᠤ ᠮᠡᠷᠭᠡᠵᠢᠯ ᠤᠨ ᠳᠡᠮᠵᠢᠯᠭᠡ ᠪᠠ ᠦᠢᠯᠡᠴᠢᠯᠡᠭᠡ ᠬᠠᠩᠭᠠᠨ᠎ᠠ᠃    ︵ᠳᠤᠯᠤᠭ᠎ᠠ︶ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠠᠵᠢᠯ ᠢ ᠥᠷᠨᠢᠭᠦᠯᠵᠦ᠂ ᠲᠤᠭ᠎ᠠ ᠪᠦᠷᠢᠳᠬᠡᠯ ᠤᠨ ᠬᠠᠤᠯᠢ ᠠᠴᠠ ᠵᠥᠷᠢᠴᠡᠭᠰᠡᠨ ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ︔ ᠤᠯᠤᠰ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠦᠷᠢᠮ ᠪᠠ ᠤᠯᠤᠰ ᠤᠨ ᠲᠤᠭ᠎ᠠ ᠪᠦᠷᠢᠳᠬᠡᠯ ᠤᠨ ᠪᠠᠷᠢᠮᠵᠢᠶ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃    ︵ᠨᠠᠢᠮᠠ︶ ᠣᠷᠣᠨ ᠨᠤᠲᠤᠭ ᠤᠨ ᠵᠠᠰᠠᠭ ᠤᠨ ᠣᠷᠳᠣᠨ᠂ ᠳᠡᠭᠡᠳᠦ ᠱᠠᠲᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠨᠠᠶᠢᠳᠠᠯᠭ᠎ᠠ ᠶᠢ ᠬᠦᠯᠢᠶᠡᠵᠦ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠥᠷᠨᠢᠭᠦᠯᠦᠨ᠂ ᠲᠤᠭ᠎ᠠ ᠪᠦᠷᠢᠳᠬᠡᠯ ᠤᠨ ᠦᠢᠯᠡᠴᠢᠯᠡᠭᠡᠨ ᠬᠠᠩᠭᠠᠨ᠎ᠠ᠃    ︵ᠶᠢᠰᠦ︶ ᠳᠡᠭᠡᠳᠦ ᠱᠠᠲᠤᠨ ᠤ ᠪᠠᠶᠢᠷᠢᠯᠠᠭᠤᠯᠤᠭᠰᠠᠨ ᠡᠯ᠎ᠡ ᠲᠥᠷᠥᠯ ᠤᠨ ᠠᠵᠢᠯ ᠢ ᠨᠠᠶᠢᠳᠠᠪᠤᠷᠢᠵᠢᠭᠤᠯᠤᠨ᠎ᠠ᠃    ᠬᠤᠶᠠᠷ᠂ ᠳᠤᠳᠤᠭᠠᠳᠤ ᠶᠢᠨ ᠪᠠᠶᠢᠭᠤᠯᠤᠮᠵᠢ    ᠤᠯᠠᠭᠠᠨᠬᠠᠳᠠ ᠬᠤᠲᠠ ᠶᠢᠨ ᠶᠤᠸᠠᠨ ᠪᠣᠤ ᠱᠠᠨ ᠲᠣᠭᠤᠷᠢᠭ ᠤᠨ ᠲᠤᠭ᠎ᠠ ᠪᠦᠷᠢᠳᠭᠡᠯ ᠤᠨ ᠪᠠᠶᠢᠴᠠᠭᠠᠯᠲᠠ ᠶᠢᠨ ᠠᠩᠭᠢ ᠨᠢ ᠲᠣᠭᠤᠷᠢᠭ ᠤᠨ ᠲᠤᠭ᠎ᠠ ᠪᠦᠷᠢᠳᠭᠡᠯ ᠤᠨ ᠲᠣᠪᠴᠢᠶᠠᠨ ᠤ ᠬᠠᠷᠢᠶ᠎ᠠ ᠳᠡᠳ᠋ ᠰᠠᠯᠠᠭᠠᠨ ᠳᠡᠰ ᠤᠨ ᠠᠵᠢᠯ ᠦᠢᠯᠡᠰ ᠤᠨ ᠨᠢᠭᠡᠴᠢ ᠲᠠᠢ ᠲᠡᠩᠴᠡᠵᠦ᠂ ᠨᠢᠭᠡᠴᠢ ᠶᠢᠨ ᠲᠥᠷᠥᠯ ᠵᠦᠢᠯ ᠨᠢ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠪᠣᠯᠤᠨ᠎ᠠ᠃ ᠳᠡᠭᠡᠷ᠎ᠡ ᠳᠤᠷᠠᠳᠤᠭᠰᠠᠨ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠨ 3 ᠳᠣᠲᠣᠭᠠᠳᠤ ᠪᠠᠶᠢᠭᠤᠯᠤᠮᠵᠢ ᠲᠣᠬᠢᠷᠠᠭᠤᠯᠪᠠ᠃    ︵ᠨᠢᠭᠡ︶ ᠰᠠᠭᠤᠭᠠᠯᠢ ᠡᠷᠥᠬᠡ ᠶᠢᠨ ᠪᠠᠶᠢᠴᠠᠭᠠᠯᠲᠠ ᠶᠢᠨ ᠲᠠᠰᠤᠭ    ᠰᠠᠭᠤᠭᠠᠯᠢ ᠡᠷᠦᠬᠡ ᠶᠢᠨ ᠣᠷᠣᠯᠭ᠎ᠠ ᠵᠠᠷᠤᠯᠭ᠎ᠠ ᠬᠢᠭᠡᠳ ᠠᠮᠢᠳᠤᠷᠠᠯ ᠤᠨ ᠪᠠᠶᠢᠳᠠᠯ ᠢ ᠪᠠᠶᠢᠴᠠᠭᠠᠬᠤ᠂ ᠲᠠᠷᠢᠶᠠᠴᠢᠨ ᠡᠷᠦᠬᠡ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠪᠠᠶᠢᠴᠠᠭᠠᠯᠲᠠ᠂ ᠲᠠᠷᠢᠶᠠᠴᠢᠨ ᠬᠦᠴᠦ ᠶᠠᠪᠤᠭᠰᠠᠳ᠂ ᠰᠦᠯᠵᠢᠶ᠎ᠡ ᠪᠠᠷ ᠬᠤᠳᠠᠯᠳᠤᠨ ᠠᠪᠤᠭᠰᠠᠨ ᠬᠡᠷᠡᠭᠯᠡᠭᠴᠢ ᠵᠡᠷᠭᠡ ᠰᠠᠭᠤᠭᠠᠯᠢ ᠡᠷᠦᠬᠡ ᠶᠢᠨ ᠲᠥᠷᠥᠯ ᠤᠨ ᠲᠤᠰᠬᠠᠶ ᠬᠢᠨᠠᠨ ᠬᠡᠮᠵᠢᠬᠦ ᠪᠠᠶᠢᠴᠠᠭᠠᠯᠲᠠ᠂ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠬᠢᠨᠠᠨ ᠪᠠᠶᠢᠴᠠᠭᠠᠯᠲᠠ᠂ ᠦᠨᠡᠯᠡᠨ ᠵᠢᠱᠢᠯᠲᠡ᠂ ᠵᠠᠳᠠᠯᠤᠯᠲᠠ ᠵᠡᠷᠭᠡ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃    ᠠᠵᠢᠯᠯᠠᠬᠤ ᠭᠠᠵᠠᠷ᠄ ᠲᠣᠭᠤᠷᠢᠭ ᠤᠨ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ 5 ᠳ᠋ᠤᠭᠠᠷ ᠳᠠᠪᠬᠤᠷᠯᠢᠭ ᠤᠨ 549 ᠳ᠋ᠤᠭᠠᠷ ᠥᠷᠥᠭᠡ    ᠬᠠᠷᠢᠯᠴᠠᠬᠤ ᠤᠲᠠᠰᠤ᠄ 0476 - 5851022    ︵ᠬᠤᠶᠠᠷ︶ ᠲᠤᠰᠬᠠᠢ ᠪᠠᠶᠢᠴᠠᠭᠠᠯᠲᠠ ᠶᠢᠨ ᠲᠠᠰᠤᠭ    ᠠᠵᠤ ᠦᠢᠯᠡᠳᠪᠦᠷᠢ ᠶᠢᠨ ᠦᠢᠯᠡᠳᠪᠦᠷᠢᠯᠡᠭᠴᠢ ᠶᠢᠨ ᠦᠨ᠎ᠡ ᠬᠠᠩᠰᠢ᠂ ᠬᠤᠳᠠᠯᠳᠤᠨ ᠠᠪᠬᠤ ᠳᠠᠭᠠᠭᠠᠮᠠᠯ ᠤᠨ ᠪᠠᠶᠢᠴᠠᠭᠠᠯᠲᠠ᠂ ᠪᠢᠴᠢᠯ ᠵᠢᠵᠢᠭ ᠠᠵᠤ ᠠᠬᠤᠶᠢᠯᠠᠯ ᠤᠨ ᠮᠥᠷᠳᠡᠨ ᠪᠠᠶᠢᠴᠠᠭᠠᠯᠲᠠ᠂ ᠦᠢᠯᠡᠴᠢᠯᠡᠭᠡᠨ ᠤ ᠦᠢᠯᠡᠰ ᠤᠨ ᠬᠡᠷᠡᠭᠯᠡᠭᠡᠨ ᠤ ᠪᠠᠶᠢᠴᠠᠭᠠᠯᠲᠠ ᠵᠢᠴᠢ ᠪᠤᠰᠤᠳ ᠠᠵᠤ ᠠᠬᠤᠶᠢᠯᠠᠯ ᠤᠨ ᠲᠥᠷᠥᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠳᠠᠭᠠᠭᠠᠴᠢᠯᠠᠨ ᠬᠢᠵᠦ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠢᠨᠠᠨ ᠪᠠᠶᠢᠴᠠᠭᠠᠬᠤ᠂ ᠦᠨᠡᠯᠡᠨ ᠵᠢᠱᠢᠬᠦ᠂ ᠵᠠᠳᠠᠯᠬᠤ ᠵᠡᠷᠭᠡ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃    ︵ᠭᠤᠷᠪᠠ︶ ᠶᠡᠷᠥᠩᠬᠡᠶᠢᠯᠡᠭᠰᠡᠨ ᠪᠠᠢᠴᠠᠭᠠᠯᠲᠠ ᠶᠢᠨ ᠲᠠᠰᠤᠭ    ᠲᠠᠷᠢᠶᠠᠯᠠᠩ᠂ ᠮᠠᠯ ᠠᠵᠤ ᠠᠬᠤᠶ᠂ ᠬᠥᠳᠡᠯᠮᠦᠷᠢ ᠬᠦᠴᠦᠨ ᠵᠡᠷᠭᠡ ᠲᠠᠯ᠎ᠠ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠳᠠᠭᠠᠭᠠᠴᠢᠯᠠᠨ ᠡᠷᠬᠢᠯᠡᠵᠦ᠂ ᠲᠤᠭ᠎ᠠ ᠪᠦᠷᠢᠳᠬᠡᠯ ᠤᠨ ᠵᠠᠳᠠᠯᠤᠯᠲᠠ ᠶᠢᠨ ᠰᠤᠳᠤᠯᠭᠠᠨ ᠢ ᠥᠷᠨᠢᠭᠦᠯᠵᠦ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠮᠠᠲ᠋ᠧᠷᠢᠶᠠᠯ ᠢ ᠨᠠᠶᠢᠷᠠᠭᠤᠯᠤᠨ᠂ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠬᠠᠷᠢᠭᠤᠴᠠᠨ᠎ᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1