ᠶᠤᠸᠠᠨ ᠪᠤᠤ ᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2024/5/8
    ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠲᠣᠭᠤᠷᠢᠭ ᠢᠶᠠᠨ ᠵᠠᠰᠠᠬᠤ ᠬᠤᠷᠢᠶᠠᠨ ᠤ ᠠᠯᠪᠠᠨ ᠭᠡᠷ᠂ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠫᠠᠶᠢᠰᠠ ᠶᠢ ᠡᠯᠭᠦᠵᠦ᠂ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠪᠠᠶᠢᠵᠤ᠂ ᠵᠢᠩᠬᠢᠨᠢ ᠰᠠᠯᠠᠭᠠᠨ ᠳᠡᠰ ᠪᠣᠯᠤᠨ᠎ᠠ᠃    ᠬᠠᠷᠢᠭᠤᠴᠠᠯᠭᠠᠲᠠᠨ᠄ ᠵᠠᠩ ᠴᠢᠩ ᠵᠧᠦ    ᠠᠵᠢᠯᠯᠠᠬᠤ ᠴᠠᠭ᠄ ᠭᠠᠷᠠᠭ ᠪᠦᠷᠢ ᠶᠢᠨ ᠨᠢᠭᠡᠨ ᠠᠴᠠ ᠭᠠᠷᠠᠭ ᠪᠥᠷᠢ ᠶᠢᠨ ᠲᠠᠪᠤᠨ ᠬᠦᠷᠲᠡᠯ᠎ᠡ᠂ ᠦᠳᠡ ᠶᠢᠨ ᠡᠮᠦᠨᠡᠬᠢ 8᠄ 30 - 12᠄ 00᠂ ᠦᠳᠡ ᠶᠢᠨ ᠬᠤᠶᠢᠨᠠᠬᠢ 14᠄ 30 - 17᠄ 00    ᠪᠠᠶᠢᠭᠤᠯᠭ᠎ᠠ ᠶᠢᠨ ᠬᠠᠶ᠋ᠢᠭ᠄ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠫᠢᠩᠵᠤᠸᠠᠩ ᠪᠠᠯᠭᠠᠰᠤᠨ ᠤ ᠬᠠᠲᠤᠨ ᠭᠤᠣᠯ ᠵᠡᠭᠡᠯᠢ ᠶᠢᠨ ᠳᠤᠮᠳᠠ ᠬᠡᠰᠡᠭ ᠤᠨ ᠡᠮᠦᠨ᠎ᠡ ᠲᠠᠯ᠎ᠠ    ᠬᠠᠷᠢᠯᠴᠠᠬᠤ ᠤᠲᠠᠰᠤ᠄ 0476-3508148    ᠰᠢᠦᠳᠠᠨ ᠨᠣᠮᠧᠷ᠄ 024076    ᠨᠢᠭᠡ᠂ ᠭᠤᠣᠯ ᠡᠭᠦᠷᠭᠡ ᠬᠠᠷᠢᠭᠤᠴᠠᠯᠭ᠎ᠠ    ︵ᠨᠢᠭᠡ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠪᠠ ᠲᠤᠰ ᠪᠡᠶ᠎ᠡ ᠶᠢᠨ ᠪᠠᠶᠢᠭᠤᠯᠤᠯᠲᠠ ᠶᠢᠨ ᠪᠦᠬᠦ ᠶᠠᠪᠤᠴᠠ ᠶᠢᠨ ᠡᠯ᠎ᠡ ᠲᠠᠯ᠎ᠠ ᠳᠤ ᠲᠤᠭᠤᠰᠢᠯᠠᠭᠤᠯᠵᠤ᠂ ᠦᠨᠳᠦᠰᠦᠲᠡᠨ ᠤ ᠤᠨᠤᠯ᠂ ᠦᠨᠳᠦᠰᠦᠲᠡᠨ ᠤ ᠲᠦᠷᠦ ᠶᠢᠨ ᠪᠤᠳᠤᠯᠭ᠎ᠠ᠂ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠦᠨᠳᠦᠰᠦᠨ ᠮᠡᠳᠡᠯᠭᠡ ᠶᠢᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠨ᠎ᠡ᠃    ︵ᠬᠤᠶᠠᠷ︶ ᠪᠥᠬᠦ ᠲᠠᠯ᠎ᠠ ᠪᠠᠷ ᠬᠠᠤᠯᠢ ᠪᠠᠷ ᠲᠣᠭᠤᠷᠢᠭ ᠢᠶᠠᠨ ᠵᠠᠰᠠᠬᠤ ᠴᠢᠬᠤᠯᠠ ᠶᠡᠭᠡ ᠠᠰᠠᠭᠤᠳᠠᠯ ᠤᠨ ᠲᠥᠷᠥ ᠶᠢᠨ ᠪᠣᠳᠣᠯᠭ᠎ᠠ ᠶᠢᠨ ᠰᠤᠳᠤᠯᠭᠠᠨ ᠢ ᠬᠠᠷᠢᠭᠤᠴᠠᠵᠤ᠂ ᠬᠤᠯᠪᠣᠭᠳᠠᠯ ᠪᠥᠬᠦᠶ ᠲᠠᠯ᠎ᠠ ᠶᠢᠨ ᠬᠢᠨ ᠢ ᠵᠣᠬᠢᠴᠠᠭᠤᠯᠤᠨ ᠪᠥᠬᠦ ᠲᠠᠯ᠎ᠠ ᠪᠠᠷ ᠬᠠᠤᠯᠢ ᠪᠠᠷ ᠲᠣᠭᠤᠷᠢᠭ ᠢᠶᠠᠨ ᠵᠠᠰᠠᠬᠤ ᠳᠤᠮᠳᠠ ᠣᠷᠳᠣ ᠬᠤᠭᠤᠴᠠᠭᠠᠨ ᠤ ᠲᠥᠯᠥᠪᠵᠢᠭᠦᠯᠭᠡ ᠶᠢᠨ ᠰᠠᠨᠠᠭᠤᠯᠭ᠎ᠠ ᠳᠤᠷᠠᠳᠴᠤ᠂ ᠬᠤᠯᠪᠣᠭᠳᠠᠯ ᠪᠥᠬᠦᠶ ᠰᠢᠢᠳᠪᠥᠷᠢᠲᠥ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠰᠢᠮᠳᠠᠭᠤᠯᠤᠨ ᠪᠠᠶᠢᠴᠠᠭᠠᠬᠤ ᠠᠵᠢᠯ ᠢ ᠬᠠᠷᠢᠭᠤᠴᠠᠨ᠎ᠠ᠃    ︵ᠭᠤᠷᠪᠠ︶ ᠡᠯ᠎ᠡ ᠰᠠᠯᠠᠭ᠎ᠠ ᠮᠥᠴᠢᠷ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠬᠡᠷᠡᠭᠵᠢᠭᠦᠯᠬᠦ ᠶᠠᠪᠤᠴᠠ ᠳᠠᠬᠢ ᠬᠤᠯᠪᠣᠭᠳᠠᠯ ᠪᠦᠬᠦᠢ ᠮᠠᠷᠭᠤᠯᠳᠤᠭᠠᠨ ᠪᠠ ᠠᠰᠠᠭᠤᠳᠠᠯ ᠢ ᠬᠠᠷᠢᠭᠤᠴᠠᠨ ᠵᠣᠬᠢᠴᠠᠭᠤᠯᠤᠨ᠎ᠠ᠃ ᠲᠤᠭᠤᠷᠢᠭ ᠤᠨ ᠵᠠᠰᠠᠭ ᠤᠨ ᠣᠷᠳᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠨᠡᠶᠢᠲᠡᠯᠡᠬᠦ᠂ ᠢᠯᠭᠠᠷᠠᠭᠤᠯᠬᠤ ᠵᠡᠷᠭᠡ ᠠᠵᠢᠯ ᠢ ᠳᠠᠭᠠᠭᠠᠴᠢᠯᠠᠨ ᠭᠦᠢᠴᠡᠳᠬᠡᠨ᠎ᠡ᠃    ︵ᠲᠦᠷᠪᠡ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠡᠯ᠎ᠡ ᠰᠠᠯᠠᠭ᠎ᠠ ᠮᠥᠴᠢᠷ ᠪᠣᠯᠤᠨ ᠪᠠᠯᠭᠠᠰᠤ ᠰᠢᠶᠠᠩ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠵᠢᠯᠣᠭᠤᠳᠬᠤ᠂ ᠬᠢᠨᠠᠯᠲᠠ ᠲᠠᠯᠪᠢᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠬᠠᠤᠯᠢ ᠶᠢ ᠴᠢᠩᠭ᠎ᠠ ᠵᠢᠷᠤᠮᠵᠢᠭᠤᠨ ᠲᠥᠪ ᠭᠤᠤᠯᠴᠢ ᠪᠣᠯᠪᠠᠰᠤᠨ ᠢᠶᠠᠷ ᠬᠡᠷᠡᠭᠵᠢᠭᠦᠯᠬᠦ ᠶᠢ ᠠᠬᠢᠭᠤᠯᠤᠨ᠎ᠠ᠃ ᠪᠥᠬᠦ ᠲᠣᠭᠤᠷᠢᠭ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠷᠭᠤ ᠬᠦᠯᠢᠶᠡᠬᠦ ᠬᠡᠷᠡᠭ ᠢ ᠰᠢᠢᠳᠪᠥᠷᠢᠯᠡᠨ᠎ᠡ᠃    ︵ᠲᠠᠪᠤ︶ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠬᠦ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠦᠬᠦ ᠲᠣᠭᠤᠷᠢᠭ ᠤᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠠᠤᠯᠢ ᠶᠣᠰᠣᠭᠠᠷ ᠵᠠᠰᠠᠬᠤ ᠪᠠ ᠬᠠᠤᠯᠢ ᠪᠠᠷ ᠵᠠᠰᠠᠬᠤ ᠶᠢ ᠡᠭᠦᠳᠦᠨ ᠪᠠᠶᠢᠭᠤᠯᠬᠤ ᠠᠵᠢᠯ ᠢ ᠵᠢᠯᠣᠭᠤᠳᠴᠤ᠂ ᠠᠷᠠᠳ ᠲᠦᠮᠡᠨ ᠤ ᠬᠠᠤᠯᠢ ᠪᠠᠷ ᠵᠠᠰᠠᠬᠤ ᠪᠠᠶᠢᠭᠤᠯᠤᠯᠲᠠ ᠳᠤ ᠣᠷᠣᠯᠴᠠᠬᠤ ᠪᠠ ᠠᠬᠢᠭᠤᠯᠬᠤ ᠶᠢ ᠲᠥᠯᠬᠢᠨ ᠠᠬᠢᠭᠤᠯᠤᠨ᠎ᠠ᠃ ᠡᠶᠡᠳᠡᠭᠦᠯᠬᠦ ᠠᠵᠢᠯ ᠪᠠ ᠠᠷᠠᠳ ᠤᠨ ᠬᠠᠪᠰᠤᠷᠤᠨ ᠰᠢᠭᠦᠭᠴᠢ᠂ ᠠᠷᠠᠳ ᠤᠨ ᠬᠢᠨᠠᠯᠲᠠ ᠲᠠᠯᠪᠢᠭᠴᠢ ᠶᠢ ᠰᠣᠩᠭᠤᠨ ᠲᠣᠮᠢᠯᠠᠬᠤ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠰᠠᠯᠪᠤᠷᠢ ᠶᠢᠨ ᠪᠠᠶᠢᠭᠤᠯᠤᠯᠲᠠ ᠶᠢ ᠠᠬᠢᠭᠤᠯᠤᠨ᠎ᠠ᠃    ︵ᠵᠢᠷᠭᠤᠭ᠎ᠠ︶ ᠪᠥᠬᠦ ᠣᠷᠣᠨ ᠤ ᠨᠡᠶᠢᠭᠡᠮ ᠲᠣᠭᠤᠷᠢᠭ ᠤᠨ ᠵᠠᠯᠠᠷᠠᠭᠤᠯᠬᠤ ᠠᠵᠢᠯ ᠢ ᠵᠢᠯᠣᠭᠤᠳᠤᠨ ᠬᠠᠮᠢᠶᠠᠷᠬᠤ ᠶᠢ ᠬᠠᠷᠢᠭᠤᠴᠠᠵᠤ᠂ ᠡᠷᠡᠭᠦᠦ ᠶᠢᠨ ᠬᠤᠭᠤᠴᠠᠭ᠎ᠠ ᠨᠢ ᠳᠦᠭᠦᠷᠴᠦ ᠰᠤᠯᠠᠯᠠᠭᠳᠠᠭᠰᠠᠨ ᠬᠥᠮᠦᠰ ᠢ ᠬᠠᠪᠰᠤᠷᠤᠨ ᠰᠤᠷᠭᠠᠵᠤ ᠲᠥᠪᠬᠢᠨᠡᠭᠦᠯᠬᠦ ᠠᠵᠢᠯ ᠢ ᠵᠢᠯᠣᠭᠤᠳᠤᠨ᠎ᠠ᠃    ︵ᠳᠤᠯᠤᠭ᠎ᠠ︶ ᠪᠥᠬᠦ ᠲᠣᠭᠤᠷᠢᠭ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠥᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠲᠠ ᠬᠥᠳᠡᠭᠡ᠂ ᠣᠷᠣᠨ ᠪᠦᠰᠡ ᠶᠢᠨ ᠬᠠᠤᠯᠢ ᠴᠠᠭᠠᠵᠠ ᠶᠢᠨ ᠥᠢᠯᠡᠴᠢᠯᠡᠭᠡᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠬᠦ ᠪᠠ ᠪᠠᠶᠢᠷᠢᠰᠢᠭᠤᠯᠤᠨ᠎ᠠ᠃ ᠬᠠᠤᠯᠢᠴᠢ᠂ ᠠᠯᠪᠠᠨ ᠭᠡᠷᠡᠴᠢᠯᠡᠭᠡ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠬᠠᠮᠢᠶᠠᠷᠴᠤ᠂ ᠬᠠᠤᠯᠢᠴᠢ᠂ ᠠᠯᠪᠠᠨ ᠭᠡᠷᠡᠴᠢᠯᠡᠭᠴᠢ᠂ ᠬᠠᠤᠯᠢ ᠴᠠᠭᠠᠵᠠ ᠶᠢᠨ ᠵᠥᠪᠯᠡᠭᠴᠢ᠂ ᠬᠠᠤᠯᠢ ᠴᠠᠭᠠᠵᠠ ᠶᠢᠨ ᠠᠵᠢᠯᠯᠠᠭᠴᠢᠳ ᠤᠨ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠬᠠᠤᠯᠢ ᠴᠠᠭᠠᠵᠠ ᠶᠢᠨ ᠲᠤᠰᠠᠯᠠᠮᠵᠢ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠥᠨᠳᠡᠯᠡᠨ ᠠᠴᠠ ᠲᠠᠰᠤᠯᠬᠤ ᠪᠠ ᠨᠡᠶᠢᠭᠡᠮ ᠳᠤ ᠬᠠᠨᠳᠤᠭᠤᠯᠤᠭᠰᠠᠨ ᠬᠠᠤᠯᠢ ᠴᠠᠭᠠᠵᠠ ᠶᠢᠨ ᠬᠢᠨᠠᠨ ᠲᠣᠭᠲᠠᠭᠠᠬᠤ ᠠᠵᠢᠯ ᠢ ᠬᠠᠪᠰᠤᠷᠤᠨ ᠵᠢᠯᠣᠭᠤᠳᠤᠨ᠎ᠠ᠃ ᠳᠡᠭᠡᠳᠦ ᠱᠠᠲᠤ ᠶᠢ ᠬᠠᠮᠵᠢᠨ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠶᠢᠨ ᠬᠠᠮᠢᠶ᠎ᠠ ᠪᠦᠬᠦᠢ ᠠᠵᠢᠯ ᠢ ᠥᠷᠨᠢᠭᠦᠯᠦᠨ᠎ᠡ᠃    ︵ᠨᠠᠢᠮᠠ︶ ᠪᠥᠬᠦ ᠲᠣᠭᠤᠷᠢᠭ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠴᠠᠭᠳᠠᠭᠠᠨ ᠤ ᠲᠡᠷᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠳ᠋ ᠤᠨ ᠶᠠᠪᠤᠳᠠᠯ᠂ ᠲᠣᠨᠤᠭ ᠲᠥᠬᠦᠭᠡᠷᠦᠮᠵᠢ᠂ ᠪᠡᠯᠡᠳᠬᠡᠮᠵᠢ᠂ ᠲᠠᠯᠠᠪᠤᠷ ᠵᠡᠷᠭᠡ ᠪᠠᠲᠤᠯᠠᠭ᠎ᠠ ᠶᠢᠨ ᠠᠵᠢᠯ ᠢ ᠵᠢᠯᠣᠭᠤᠳᠤᠨ᠂ ᠬᠢᠨᠠᠯᠲᠠ ᠲᠠᠯᠪᠢᠨ᠎ᠠ᠃    ︵ᠶᠢᠰᠦ︶ ᠪᠦᠬᠦ ᠲᠣᠭᠤᠷᠢᠭ ᠤᠨ ᠬᠠᠤᠯᠢ ᠪᠠᠷ ᠵᠠᠰᠠᠬᠤ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠪᠣᠯᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠡᠩᠨᠡᠭᠡᠨ ᠤ ᠪᠠᠶᠢᠭᠤᠯᠤᠯᠲᠠ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠴᠠᠭᠳᠠᠭᠠᠨ ᠤ ᠶᠠᠪᠤᠳᠠᠯ ᠤᠨ ᠬᠠᠮᠢᠶᠠᠷᠤᠯᠲᠠ ᠪᠣᠯᠤᠨ ᠴᠠᠭᠳᠠᠭᠠᠨ ᠤ ᠶᠠᠪᠤᠳᠠᠯ ᠤᠨ ᠰᠢᠮᠳᠠᠭᠤᠯᠤᠨ ᠪᠠᠶᠢᠴᠠᠭᠠᠬᠤ ᠠᠵᠢᠯ ᠢ ᠬᠠᠷᠢᠭᠤᠴᠠᠨ᠎ᠠ᠃    ︵ᠠᠷᠪᠠ︶ ᠪᠦᠬᠦ ᠲᠣᠭᠤᠷᠢᠭ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢ ᠲᠥᠯᠥᠪᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠠᠷᠪᠠᠨ ᠨᠢᠭᠡ︶ ᠲᠤᠭᠤᠷᠢᠭ ᠤᠨ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠲᠣᠭᠤᠷᠢᠭ ᠢᠶᠠᠨ ᠵᠠᠰᠠᠬᠤ ᠬᠤᠷᠢᠶᠠᠨ ᠤ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃    ︵ᠠᠷᠪᠠᠨ ᠬᠤᠶᠠᠷ︶ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠰᠠᠶᠢᠬᠠᠨ ᠬᠤᠷᠰᠢᠯᠴᠡᠯ ᠢ ᠪᠡᠶᠡᠯᠡᠭᠦᠯᠦᠨ᠎ᠡ᠃    ︵ᠠᠷᠪᠠᠨ ᠭᠤᠷᠪᠠ︶ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃    ᠬᠤᠶᠠᠷ᠂ ᠳᠤᠳᠤᠭᠠᠳᠤ ᠪᠠᠶᠢᠭᠤᠯᠤᠮᠵᠢ    ᠲᠤᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠨᠢ 9 ᠳᠣᠲᠣᠭᠠᠳᠤ ᠪᠠᠶᠢᠭᠤᠯᠤᠮᠵᠢ ᠪᠠ 12 ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠰᠠᠯᠪᠣᠷᠢ ᠶᠢ ᠪᠠᠶᠢᠭᠤᠯᠪᠠ᠃    ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠵᠤ᠂ ᠬᠤᠷᠠᠯ ᠢ ᠵᠣᠬᠢᠶᠠᠨ ᠪᠠᠶᠢᠭᠤᠯᠬᠤ᠂ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠶᠢ ᠰᠢᠢᠳᠪᠦᠷᠢᠯᠡᠬᠦ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ᠂ ᠳᠠᠩᠰᠠ ᠡᠪᠬᠡᠮᠡᠯ ᠤᠨ ᠬᠠᠮᠢᠶᠠᠷᠤᠯᠲᠠ᠂ ᠡᠳ᠋ ᠤᠨ ᠶᠠᠪᠤᠳᠠᠯ ᠤᠨ ᠲᠣᠨᠤᠭ ᠲᠥᠬᠦᠭᠡᠷᠦᠮᠵᠢ ᠶᠢᠨ ᠪᠠᠲᠤᠯᠠᠭ᠎ᠠ ᠵᠡᠷᠭᠡ ᠠᠵᠢᠯ ᠢ ᠡᠭᠦᠷᠭᠡᠯᠡᠨ᠎ᠡ᠃ ᠪᠥᠬᠦ ᠲᠣᠭᠤᠷᠢᠭ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠵᠥᠭᠡᠯᠡᠨ ᠲᠣᠨᠤᠭ᠂ ᠲᠠᠪᠴᠠᠩ ᠢ ᠵᠢᠷᠤᠵᠤ ᠲᠥᠯᠥᠪᠯᠡᠬᠦ᠂ ᠰᠤᠳᠤᠯᠤᠨ ᠨᠡᠭᠡᠭᠡᠬᠦ᠂ ᠪᠦᠲᠦᠭᠡᠨ ᠪᠠᠶᠢᠭᠤᠯᠬᠤ᠂ ᠬᠡᠷᠡᠭᠯᠡᠬᠦ ᠪᠠ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠣᠯᠭ᠎ᠠ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠢᠢᠳᠪᠥᠷᠢᠯᠡᠬᠦ ᠪᠠ ᠶᠡᠷᠦᠩᠬᠡᠶᠢᠯᠡᠨ ᠵᠣᠬᠢᠴᠠᠭᠤᠯᠵᠤ ᠲᠣᠬᠢᠷᠠᠭᠤᠯᠬᠤ ᠠᠵᠢᠯ ᠢ ᠡᠭᠦᠷᠭᠡᠯᠡᠨ᠎ᠡ᠃    ᠠᠵᠢᠯᠯᠠᠬᠤ ᠭᠠᠵᠠᠷ᠄ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠠᠯᠪᠠᠨ ᠠᠰᠠᠷ ᠤᠨ 3 ᠳ᠋ᠤᠭᠠᠷ ᠳᠠᠪᠬᠤᠷᠯᠢᠭ    ᠬᠠᠷᠢᠯᠴᠠᠬᠤ ᠤᠲᠠᠰᠤ᠄ 0476-3508148    ︵ᠬᠤᠶᠠᠷ︶ ᠤᠯᠤᠰ ᠲᠥᠷᠥ ᠠᠵᠢᠯᠲᠠᠨ ᠤ ᠶᠠᠪᠤᠳᠠᠯ ᠤᠨ ᠲᠠᠰᠤᠭ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠡᠩᠨᠡᠭᠡᠨ ᠤ ᠪᠠᠶᠢᠭᠤᠯᠤᠯᠲᠠ᠂ ᠬᠢᠨᠠᠨ ᠰᠢᠯᠭᠠᠬᠤ ᠵᠢᠴᠢ ᠱᠠᠩᠨᠠᠵᠤ ᠲᠣᠷᠭᠠᠬᠤ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠴᠠᠭᠳᠠᠭᠠᠨ ᠤ ᠶᠠᠪᠤᠳᠠᠯ ᠤᠨ ᠰᠢᠮᠳᠠᠭᠤᠯᠤᠨ ᠪᠠᠶᠢᠴᠠᠭᠠᠬᠤ᠂ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯᠲᠠᠨ ᠤ ᠶᠠᠪᠤᠳᠠᠯ ᠴᠠᠯᠢᠩ ᠪᠣᠯᠤᠨ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠠᠵᠢᠯ ᠢ ᠡᠭᠦᠷᠭᠡᠯᠡᠨ᠎ᠡ᠃    ᠠᠵᠢᠯᠯᠠᠬᠤ ᠭᠠᠵᠠᠷ᠄ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠠᠯᠪᠠᠨ ᠠᠰᠠᠷ ᠤᠨ 3 ᠳ᠋ᠤᠭᠠᠷ ᠳᠠᠪᠬᠤᠷᠯᠢᠭ    ᠬᠠᠷᠢᠯᠴᠠᠬᠤ ᠤᠲᠠᠰᠤ᠄ 0476 - 5856990    ︵ᠭᠤᠷᠪᠠ︶᠂ ᠲᠤᠭᠤᠷᠢᠭ ᠤᠨ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ ᠵᠠᠰᠠᠬᠤ ᠬᠤᠷᠢᠶᠠᠨ ᠤ ᠠᠯᠪᠠᠨ ᠭᠡᠷ ᠤᠨ ᠨᠠᠷᠢᠨ ᠪᠢᠴᠢᠭ ᠤᠨ ᠲᠠᠰᠤᠭ᠃ ᠲᠤᠭᠤᠷᠢᠭ ᠤᠨ ᠨᠠᠮ ᠤᠨ ᠬᠤᠷᠢᠶᠠᠨ ᠤ ᠪᠥᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ ᠵᠠᠰᠠᠬᠤ ᠬᠤᠷᠢᠶᠠᠨ ᠤ ᠠᠯᠪᠠᠨ ᠬᠡᠷ ᠤᠨ ᠡᠳᠦᠷ ᠲᠤᠲᠤᠮ ᠤᠨ ᠬᠡᠷᠡᠭ ᠶᠠᠪᠤᠳᠠᠯ ᠢ ᠡᠭᠦᠷᠭᠡᠯᠡᠵᠦ᠂ ᠪᠠᠶᠢᠭᠤᠯᠭ᠎ᠠ ᠶᠢᠨ ᠡᠯ᠎ᠡ ᠳᠣᠲᠣᠭᠠᠳᠤ ︵ᠳᠣᠷᠣᠭᠰᠢ︶ ᠪᠠᠶᠢᠭᠤᠯᠤᠮᠵᠢ ᠶᠢ ᠨᠢᠭᠡᠲᠥᠯᠲᠠᠢ ᠲᠥᠯᠥᠪᠵᠢᠭᠦᠯᠥᠨ ᠬᠠᠮᠢᠶ᠎ᠠ ᠪᠦᠬᠦᠢ ᠠᠵᠢᠯ ᠢ ᠭᠦᠢᠴᠡᠳᠬᠡᠨ᠎ᠡ᠃ ᠪᠦᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ ᠵᠠᠰᠠᠬᠤ ᠠᠵᠢᠯ ᠤᠨ ᠲᠥᠯᠥᠪᠵᠢᠭᠦᠯᠭᠡ ᠶᠢᠨ ᠰᠠᠨᠠᠭᠤᠯᠭ᠎ᠠ ᠶᠢ ᠵᠣᠬᠢᠴᠠᠭᠤᠯᠬᠤ ᠪᠠ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠠᠵᠢᠯ ᠢ ᠬᠠᠷᠢᠭᠤᠴᠠᠨ᠎ᠠ᠃ ᠪᠦᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ ᠵᠠᠰᠠᠬᠤ ᠬᠤᠯᠪᠣᠭᠳᠠᠯ ᠪᠦᠬᠦᠢ ᠴᠢᠬᠤᠯᠠ ᠪᠢᠴᠢᠭ ᠮᠠᠲ᠋ᠧᠷᠢᠶᠠᠯ ᠢ ᠲᠤᠭᠤᠷᠪᠢᠨ ᠲᠣᠭᠲᠠᠭᠠᠵᠤ᠂ ᠪᠦᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ ᠵᠠᠰᠠᠬᠤ ᠶᠢ ᠠᠬᠢᠭᠤᠯᠬᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠪᠠ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠬᠤ ᠰᠠᠨᠠᠯ ᠪᠠ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠤᠨ᠎ᠠ᠃ ᠪᠦᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ ᠵᠠᠰᠠᠬᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠬᠤ ᠣᠨ ᠤ ᠰᠢᠮᠳᠠᠭᠤᠯᠤᠨ ᠪᠠᠶᠢᠴᠠᠭᠠᠬᠤ ᠠᠵᠢᠯ ᠤᠨ ᠲᠥᠯᠥᠪᠯᠡᠭᠡ ᠪᠣᠯᠤᠨ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢ ᠲᠤᠭᠤᠷᠪᠢᠨ ᠲᠣᠭᠲᠠᠭᠠᠵᠤ᠂ ᠰᠢᠮᠳᠠᠭᠤᠯᠤᠨ ᠪᠠᠶᠢᠴᠠᠭᠠᠬᠤ᠂ ᠰᠢᠯᠭᠠᠨ ᠬᠢᠨᠠᠬᠤ ᠪᠠ ᠬᠠᠷᠢᠭᠤᠴᠠᠯᠭ᠎ᠠ ᠬᠡᠯᠡᠯᠴᠡᠬᠦ ᠰᠠᠨᠠᠭᠤᠯᠭ᠎ᠠ ᠳᠤᠷᠠᠳᠴᠤ᠂ ᠴᠢᠬᠤᠯᠠ ᠶᠡᠭᠡ ᠲᠤᠰᠬᠠᠶ ᠰᠢᠮᠳᠠᠭᠤᠯᠤᠨ ᠪᠠᠶᠢᠴᠠᠭᠠᠬᠤ ᠪᠠ ᠣᠨ ᠤ ᠰᠢᠯᠭᠠᠨ ᠬᠢᠨᠠᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃    ᠠᠵᠢᠯᠯᠠᠬᠤ ᠭᠠᠵᠠᠷ᠄ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠠᠯᠪᠠᠨ ᠠᠰᠠᠷ ᠤᠨ 4 ᠳ᠋ᠦ᠋ᠭᠡᠷ ᠳᠠᠪᠬᠤᠷᠯᠢᠭ᠃    ᠬᠠᠷᠢᠯᠴᠠᠬᠤ ᠤᠲᠠᠰᠤ᠄ 0476 - 5850819    ︵ᠲᠦᠷᠪᠡ︶ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠷᠭᠤ ᠬᠦᠯᠢᠶᠡᠬᠦ ᠲᠠᠰᠤᠭ᠃ ᠪᠥᠬᠦ ᠲᠣᠭᠤᠷᠢᠭ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠲᠣᠭᠤᠷᠢᠭ ᠤᠨ ᠲᠣᠰ ᠱᠠᠲᠤᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠷᠭᠤ ᠬᠦᠯᠢᠶᠡᠬᠦ ᠬᠡᠷᠡᠭ ᠢ ᠰᠢᠢᠳᠪᠥᠷᠢᠯᠡᠬᠦ ᠠᠵᠢᠯ ᠢ ᠬᠠᠷᠢᠭᠤᠴᠠᠨ᠎ᠠ᠃ ᠬᠥᠨᠳᠡᠯᠡᠨ ᠠᠴᠠ ᠲᠠᠰᠤᠯᠬᠤ ᠠᠵᠢᠯ ᠢ ᠬᠠᠪᠰᠤᠷᠤᠨ ᠵᠢᠯᠣᠭᠤᠳᠬᠤ ᠪᠠ ᠬᠠᠮᠢᠶᠠᠷᠤᠨ᠎ᠠ᠃    ᠠᠵᠢᠯᠯᠠᠬᠤ ᠭᠠᠵᠠᠷ᠄ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠠᠯᠪᠠᠨ ᠠᠰᠠᠷ ᠤᠨ 4 ᠳ᠋ᠦ᠋ᠭᠡᠷ ᠳᠠᠪᠬᠤᠷᠯᠢᠭ᠃    ᠬᠠᠷᠢᠯᠴᠠᠬᠤ ᠤᠲᠠᠰᠤ᠄ 0476 - 5856981    ︵ᠲᠠᠪᠤ︶ ᠵᠠᠰᠠᠭ ᠵᠠᠬᠢᠷᠬᠠᠨ ᠤ ᠬᠠᠤᠯᠢ ᠬᠡᠷᠡᠭᠵᠢᠭᠦᠯᠬᠦ ᠶᠢ ᠵᠣᠬᠢᠴᠠᠭᠤᠯᠤᠨ ᠬᠢᠨᠠᠬᠤ ᠲᠠᠰᠤᠭ᠃ ᠪᠦᠬᠦ ᠲᠣᠭᠤᠷᠢᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠵᠤ ᠂ ᠡᠯ᠎ᠡ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ ᠳᠦᠷᠢᠮ᠂ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢ ᠲᠡᠮᠳᠡᠭᠯᠡᠬᠦ ᠳᠦᠷᠢᠮ᠂ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠤᠨ ᠬᠠᠤᠯᠢ ᠳᠦᠷᠢᠮ ᠤᠨ ᠬᠢᠨᠠᠨ ᠬᠠᠷᠭᠤᠭᠤᠯᠬᠤ ᠳᠦᠷᠢᠮ ᠢ ᠨᠠᠶᠢᠳᠠᠪᠤᠷᠢᠵᠢᠭᠤᠯᠬᠤ ᠶᠢ ᠵᠢᠯᠣᠭᠤᠳᠤᠨ᠂ ᠬᠢᠨᠠᠯᠲᠠ ᠲᠠᠯᠪᠢᠵᠤ᠂ ᠬᠠᠤᠯᠢ ᠶᠢ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠡᠷᠡᠭᠵᠢᠭᠦᠯᠬᠦ ᠶᠢ ᠠᠬᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠪᠣᠯᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠠᠵᠢᠯᠲᠠᠨ ᠤ ᠬᠢᠷᠢ ᠬᠡᠮ ᠢ ᠬᠢᠨᠠᠨ ᠬᠠᠷᠭᠤᠭᠤᠯᠬᠤ᠂ ᠪᠣᠯᠪᠠᠰᠤᠷᠠᠭᠤᠯᠬᠤ᠂ ᠰᠢᠯᠭᠠᠬᠤ ᠪᠠ ᠦᠨᠡᠮᠯᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢᠨ ᠠᠵᠢᠯ ᠢ ᠬᠠᠷᠢᠭᠤᠴᠠᠨ ᠠᠬᠢᠭᠤᠯᠤᠨ᠎ᠠ᠃ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠪᠠ ᠣᠨᠳᠣᠤ ᠰᠠᠨᠠᠯ ᠲᠠᠢ ᠭᠤᠶᠤᠴᠢᠯᠠᠯ ᠵᠡᠷᠭᠡ ᠠᠵᠢᠯ ᠢ ᠬᠠᠷᠢᠭᠤᠴᠠᠨ᠎ᠠ᠃ ᠲᠤᠭᠤᠷᠢᠭ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ᠂ ᠭᠡᠷ᠎ᠡ᠂ ᠵᠥᠪᠯᠡᠬᠦ ᠰᠡᠳᠦᠪ᠂ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠢᠭᠠᠪᠤᠷᠢ ᠠᠪᠬᠤ ᠵᠡᠷᠭᠡ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠨ᠎ᠠ᠃    ᠠᠵᠢᠯᠯᠠᠬᠤ ᠭᠠᠵᠠᠷ᠄ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠠᠯᠪᠠᠨ ᠠᠰᠠᠷ ᠤᠨ 4 ᠳ᠋ᠦ᠋ᠭᠡᠷ ᠳᠠᠪᠬᠤᠷᠯᠢᠭ᠃    ᠬᠠᠷᠢᠯᠴᠠᠬᠤ ᠤᠲᠠᠰᠤ᠄ 0476 - 5856985    ︵ᠵᠢᠷᠭᠤᠭ᠎ᠠ︶ ᠬᠠᠤᠯᠢ ᠲᠦᠭᠡᠮᠡᠯᠵᠢᠭᠦᠯᠬᠦ ᠪᠠ ᠬᠠᠤᠯᠢ ᠶᠣᠰᠣᠭᠠᠷ ᠵᠠᠰᠠᠬᠤ ᠲᠠᠰᠤᠭ᠃ ᠪᠦᠬᠦ ᠲᠣᠭᠤᠷᠢᠭ ᠤᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠪᠠ ᠲᠥᠷᠥ ᠶᠢᠨ ᠠᠵᠢᠯᠲᠠᠨ ᠤ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠬᠠᠤᠯᠢ ᠪᠠᠷ ᠵᠠᠰᠠᠬᠤ ᠪᠠ ᠬᠠᠤᠯᠢ ᠪᠠᠷ ᠵᠠᠰᠠᠬᠤ ᠶᠢ ᠡᠭᠦᠳᠦᠨ ᠪᠠᠶᠢᠭᠤᠯᠬᠤ ᠵᠢᠴᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠣᠶᠣᠯ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠭᠠᠳᠠᠭᠠᠳᠤ ᠤᠬᠠᠭᠤᠯᠭ᠎ᠠ ᠶᠢᠨ ᠠᠵᠢᠯ ᠢ ᠬᠠᠷᠢᠭᠤᠴᠠᠨ᠎ᠠ᠃    ᠠᠵᠢᠯᠯᠠᠬᠤ ᠭᠠᠵᠠᠷ᠄ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠠᠯᠪᠠᠨ ᠠᠰᠠᠷ ᠤᠨ 4 ᠳ᠋ᠦ᠋ᠭᠡᠷ ᠳᠠᠪᠬᠤᠷᠯᠢᠭ    ᠬᠠᠷᠢᠯᠴᠠᠬᠤ ᠤᠲᠠᠰᠤ᠄ 0476 - 5856991    ︵ᠳᠤᠯᠤᠭ᠎ᠠ︶ ᠠᠷᠠᠳ ᠲᠦᠮᠡᠨ ᠤ ᠬᠠᠤᠯᠢ ᠪᠠᠷ ᠵᠠᠰᠠᠬᠤ ᠳᠤ ᠣᠷᠤᠯᠴᠠᠬᠤ ᠪᠠ ᠬᠠᠥᠯᠢ ᠪᠠᠷ ᠵᠠᠰᠠᠬᠤ ᠶᠢ ᠠᠬᠢᠭᠤᠯᠬᠤ ᠲᠠᠰᠤᠭ᠃ ᠪᠦᠬᠦ ᠲᠣᠭᠤᠷᠢᠭ ᠤᠨ ᠠᠷᠠᠳ ᠣᠯᠠᠨ ᠤ ᠬᠠᠤᠯᠢ ᠪᠠᠷ ᠵᠠᠰᠠᠬᠤ ᠪᠠᠶᠢᠭᠤᠯᠤᠯᠲᠠ ᠳᠤ ᠣᠷᠣᠯᠴᠠᠬᠤ᠂ ᠠᠬᠢᠭᠤᠯᠬᠤ᠂ ᠬᠢᠨᠠᠯᠲᠠ ᠲᠠᠯᠪᠢᠬᠤ ᠶᠢ ᠪᠠᠲᠤᠯᠠᠬᠤ ᠳᠦᠷᠢᠮ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠠᠷᠠᠳ ᠤᠨ ᠪᠦᠯᠬᠦᠮ᠂ ᠤᠯᠠᠨ ᠲᠦᠮᠡᠨ ᠤ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢᠨ ᠠᠵᠢᠯ ᠳᠤ ᠣᠷᠣᠯᠴᠠᠬᠤ ᠪᠠ ᠲᠡᠭᠦᠨ ᠢ ᠳᠡᠮᠵᠢᠬᠦ ᠶᠢ ᠵᠢᠯᠣᠭᠤᠳᠤᠨ᠎ᠠ᠃ ᠪᠥᠬᠦ ᠲᠣᠭᠤᠷᠢᠭ ᠤᠨ ᠬᠠᠤᠯᠢ ᠴᠠᠭᠠᠵᠠ ᠶᠢᠨ ᠭᠠᠵᠠᠷ ᠤᠨ ᠪᠠᠶᠢᠭᠤᠯᠤᠯᠲᠠ ᠶᠢ ᠠᠬᠢᠭᠤᠯᠬᠤ ᠶᠢ ᠵᠢᠯᠣᠭᠤᠳᠤᠨ᠎ᠠ᠃ ᠠᠷᠠᠳ ᠤᠨ ᠡᠶᠡᠳᠡᠭᠦᠯᠬᠦ᠂ ᠵᠠᠰᠠᠭ ᠵᠠᠬᠢᠷᠭᠠᠨ ᠤ ᠡᠶᠡᠳᠡᠭᠦᠯᠬᠦ ᠪᠠ ᠠᠵᠢᠯ ᠲᠥᠷᠥᠯ ᠤᠨ ᠴᠢᠨᠠᠷᠲᠠᠶ ᠲᠤᠰᠬᠠᠶ ᠮᠡᠷᠭᠡᠵᠢᠯ ᠤᠨ ᠴᠢᠨᠠᠷᠲᠠᠶ ᠡᠶᠡᠳᠡᠭᠦᠯᠬᠦ ᠠᠵᠢᠯ ᠢ ᠵᠢᠯᠣᠭᠤᠳᠤᠨ᠎ᠠ᠃ ᠠᠷᠠᠳ ᠤᠨ ᠬᠠᠪᠰᠤᠷᠤᠨ ᠰᠢᠭᠦᠭᠴᠢ᠂ ᠠᠷᠠᠳ ᠤᠨ ᠬᠢᠨᠠᠯᠲᠠ ᠲᠠᠯᠪᠢᠭᠴᠢ ᠶᠢ ᠰᠣᠩᠭᠤᠨ ᠲᠣᠮᠢᠯᠠᠬᠤ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃    ᠠᠵᠢᠯᠯᠠᠬᠤ ᠭᠠᠵᠠᠷ᠄ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠠᠯᠪᠠᠨ ᠠᠰᠠᠷ ᠤᠨ 4 ᠳ᠋ᠦ᠋ᠭᠡᠷ ᠳᠠᠪᠬᠤᠷᠯᠢᠭ    ᠬᠠᠷᠢᠯᠴᠠᠬᠤ ᠤᠲᠠᠰᠤ᠄ 0476 - 5856989    ︵ᠨᠠᠢᠮᠠ︶ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠬᠠᠮᠢᠶᠠᠷᠤᠯᠲᠠ ᠶᠢᠨ ᠲᠠᠰᠤᠭ ︵ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ︶ ᠪᠥᠬᠦ ᠲᠣᠭᠤᠷᠢᠭ ᠤᠨ ᠨᠡᠶᠢᠭᠡᠮ ᠲᠣᠭᠤᠷᠢᠭ ᠤᠨ ᠵᠠᠯᠠᠷᠠᠭᠤᠯᠬᠤ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠬᠠᠷᠢᠭᠤᠴᠠᠵᠤ᠂ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠤᠨ ᠡᠷᠡᠭᠦᠦ ᠰᠢᠢᠳᠬᠡᠯ ᠢ ᠬᠡᠷᠡᠭᠵᠢᠭᠦᠯᠬᠦ᠂ ᠬᠠᠮᠢᠶᠠᠷᠴᠤ ᠬᠥᠮᠦᠵᠢᠭᠦᠯᠬᠦ ᠪᠠ ᠬᠠᠪᠰᠤᠷᠤᠨ ᠲᠡᠳᠬᠦᠬᠦ ᠠᠵᠢᠯ ᠢ ᠨᠠᠶᠢᠳᠠᠪᠤᠷᠢᠵᠢᠭᠤᠯᠤᠨ᠎ᠠ᠃ ᠨᠡᠶᠢᠭᠡᠮ ᠤᠨ ᠬᠦᠴᠦᠨ ᠪᠠ ᠰᠠᠶᠢᠨ ᠳᠤᠷ᠎ᠠ ᠶᠢᠨ ᠠᠵᠢᠯᠯᠠᠭᠴᠢ ᠶᠢᠨ ᠨᠡᠶᠢᠭᠡᠮ ᠲᠣᠭᠤᠷᠢᠭ ᠤᠨ ᠵᠠᠰᠠᠨ ᠬᠥᠮᠥᠵᠢᠭᠦᠯᠬᠦ ᠠᠵᠢᠯ ᠳᠤ ᠣᠷᠣᠯᠴᠠᠬᠤ ᠶᠢ ᠵᠢᠯᠣᠭᠤᠳᠤᠨ᠎ᠠ᠃ ᠬᠠᠪᠰᠤᠷᠤᠨ ᠰᠤᠷᠭᠠᠵᠤ ᠲᠥᠪᠬᠢᠨᠡᠭᠦᠯᠬᠦ ᠠᠵᠢᠯ ᠢ ᠵᠣᠬᠢᠴᠠᠭᠤᠯᠤᠨ᠎ᠠ᠃    ᠠᠵᠢᠯᠯᠠᠬᠤ ᠭᠠᠵᠠᠷ᠄ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠠᠯᠪᠠᠨ ᠠᠰᠠᠷ ᠤᠨ 4 ᠳ᠋ᠦ᠋ᠭᠡᠷ ᠳᠠᠪᠬᠤᠷᠯᠢᠭ    ᠬᠠᠷᠢᠯᠴᠠᠬᠤ ᠤᠲᠠᠰᠤ᠄ 0476 - 5856982    ︵ᠶᠢᠰᠦ︶ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠥᠢᠯᠡᠴᠢᠯᠡᠭᠡᠨ ᠤ ᠬᠠᠮᠢᠶᠠᠷᠤᠯᠲᠠ ᠶᠢᠨ ᠲᠠᠰᠤᠭ᠃ ᠪᠥᠬᠦ ᠲᠣᠭᠤᠷᠢᠭ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠥᠢᠯᠡᠴᠢᠯᠡᠭᠡᠨ ᠤ ᠰᠢᠰᠲ᠋ᠧᠮ ᠪᠠ ᠲᠠᠪᠴᠠᠩ ᠤᠨ ᠪᠠᠶᠢᠭᠤᠯᠤᠯᠲᠠ ᠶᠢ ᠲᠥᠯᠥᠪᠵᠢᠭᠦᠯᠦᠨ ᠠᠬᠢᠭᠤᠯᠬᠤ ᠠᠵᠢᠯ ᠢ ᠬᠠᠷᠢᠭᠤᠴᠠᠨ᠎ᠠ᠃ ᠬᠠᠤᠯᠢ ᠴᠠᠭᠠᠵᠠ ᠶᠢᠨ ᠲᠤᠰᠠᠯᠠᠮᠵᠢ᠂ ᠬᠠᠤᠯᠢᠴᠢ᠂ ᠠᠯᠪᠠᠨ ᠭᠡᠷᠡᠴᠢᠯᠡᠭᠡ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠢ ᠵᠢᠯᠣᠭᠤᠳᠴᠤ᠂ ᠬᠢᠨᠠᠯᠲᠠ ᠲᠠᠯᠪᠢᠨ᠎ᠠ᠃ ᠬᠠᠤᠯᠢᠴᠢ ᠶᠢᠨ ᠬᠡᠷᠡᠭ ᠡᠷᠬᠢᠯᠡᠬᠦ ᠭᠠᠵᠠᠷ᠂ ᠠᠯᠪᠠᠨ ᠭᠡᠷᠡᠴᠢᠯᠡᠭᠡ ᠶᠢᠨ ᠭᠠᠵᠠᠷ ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠭᠠᠵᠠᠷ ᠵᠢᠴᠢ ᠲᠡᠭᠦᠨ ᠤ ᠠᠵᠢᠯᠯᠠᠭᠰᠠᠳ ᠲᠤ ᠬᠠᠤᠯᠢ ᠲᠣᠭᠲᠠᠭᠠᠯ ᠶᠣᠰᠣᠭᠠᠷ ᠠᠵᠢᠯ ᠡᠷᠬᠢᠯᠡᠬᠦ ᠶᠢ ᠬᠢᠨᠠᠨ ᠬᠠᠮᠢᠶᠠᠷᠴᠤ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠲᠠᠳ ᠤᠨ ᠠᠵᠢᠯ ᠡᠷᠬᠢᠯᠡᠬᠦ ᠬᠢᠷᠢ ᠭᠡᠮ ᠳᠤ ᠠᠩᠬᠠᠨ ᠤ ᠬᠢᠨᠠᠯᠲᠠ ᠬᠢᠨ᠎ᠡ᠃ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠪᠠ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠶᠢᠨ ᠬᠠᠮᠢᠶ᠎ᠠ ᠪᠦᠬᠦᠢ ᠠᠵᠢᠯ ᠢ ᠬᠠᠮᠵᠢᠨ ᠥᠷᠨᠢᠭᠦᠯᠦᠨ᠎ᠡ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠰᠠᠶᠢᠨ ᠳᠤᠷ᠎ᠠ ᠶᠢᠨ ᠠᠵᠢᠯᠯᠠᠭᠴᠢ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠥᠷᠨᠢᠭᠦᠯᠬᠦ ᠶᠢ ᠵᠢᠯᠣᠭᠤᠳᠤᠨ᠎ᠠ᠃ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠠᠤᠯᠢ ᠴᠠᠭᠠᠵᠠ ᠶᠢᠨ ᠵᠥᠪᠯᠡᠭᠴᠢ ᠶᠢ ᠵᠢᠯᠣᠭᠤᠳᠤᠨ ᠬᠢᠨᠠᠯᠲᠠ ᠲᠠᠯᠪᠢᠬᠤ ᠠᠵᠢᠯ ᠢ ᠡᠭᠦᠷᠭᠡᠯᠡᠨ᠎ᠡ᠃    ᠠᠵᠢᠯᠯᠠᠬᠤ ᠭᠠᠵᠠᠷ᠄ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠠᠯᠪᠠᠨ ᠠᠰᠠᠷ ᠤᠨ 4 ᠳ᠋ᠦ᠋ᠭᠡᠷ ᠳᠠᠪᠬᠤᠷᠯᠢᠭ    ᠬᠠᠷᠢᠯᠴᠠᠬᠤ ᠤᠲᠠᠰᠤ᠄ 0476 - 5920148    ︵ᠠᠷᠪᠠ︶ ᠬᠠᠤᠯᠢ ᠴᠠᠭᠠᠵᠠ ᠶᠢᠨ ᠰᠠᠯᠪᠤᠷᠢ    ᠫᠢᠩᠵᠤᠸᠠᠩ ᠤᠨ ᠬᠠᠤᠯᠢ ᠴᠠᠭᠠᠵᠠ ᠶᠢᠨ ᠰᠠᠯᠪᠤᠷᠢ᠂ ᠦ᠋ ᠵᠢᠶᠠ ᠬᠠᠤᠯᠢ ᠴᠠᠭᠠᠵᠠ ᠶᠢᠨ ᠰᠠᠯᠪᠤᠷᠢ᠂ ᠮᠤᠬᠤᠷ ᠭᠤᠣᠯ ᠬᠠᠤᠯᠢ ᠴᠠᠭᠠᠵᠠ ᠶᠢᠨ ᠰᠠᠯᠪᠤᠷᠢ᠂ ᠶᠤᠸᠠᠨ ᠪᠦᠦ ᠱᠠᠨ ᠬᠠᠤᠯᠢ ᠴᠠᠭᠠᠵᠠ ᠶᠢᠨ ᠰᠠᠯᠪᠤᠷᠢ᠂ ᠹᠧᠩ ᠱᠦᠢ ᠭᠧᠤ ᠬᠠᠤᠯᠢ ᠴᠠᠭᠠᠵᠠ ᠶᠢᠨ ᠰᠠᠯᠪᠤᠷᠢ᠂ ᠰᠢ ᠯᠦ ᠲᠢᠶᠠᠨ ᠬᠠᠤᠯᠢ ᠴᠠᠭᠠᠵᠠ ᠶᠢᠨ ᠰᠠᠯᠪᠤᠷᠢ᠂ ᠫᠢᠩᠵᠤᠸᠠᠩ ᠤᠨ ᠳ᠋ᠥᠩᠴᠧᠩ ᠬᠠᠤᠯᠢ ᠴᠠᠭᠠᠵᠠ ᠶᠢᠨ ᠰᠠᠯᠪᠤᠷᠢ᠂ ᠫᠢᠩᠵᠤᠸᠠᠩ ᠤᠨ ᠴᠧᠩ ᠴᠢᠥᠢ ᠬᠠᠤᠯᠢ ᠴᠠᠭᠠᠵᠠ ᠶᠢᠨ ᠰᠠᠯᠪᠤᠷᠢ᠂ ᠫᠢᠩᠵᠤᠸᠠᠩ ᠤᠨ ᠰᠢ ᠴᠧᠩ ᠬᠠᠤᠯᠢ ᠴᠠᠭᠠᠵᠠ ᠶᠢᠨ ᠰᠠᠯᠪᠤᠷᠢ᠂ ᠶᠦᠨ ᠱᠠᠨ ᠵᠠᠮ ᠤᠨ ᠬᠠᠤᠯᠢ ᠴᠠᠭᠠᠵᠠ ᠶᠢᠨ ᠰᠠᠯᠪᠤᠷᠢ ᠵᠡᠷᠭᠡ 12 ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠰᠠᠯᠪᠤᠷᠢ ᠶᠢ ᠪᠠᠶᠢᠭᠤᠯᠪᠠ᠃ ᠬᠠᠤᠯᠢ ᠴᠠᠭᠠᠵᠠ ᠶᠢᠨ ᠰᠠᠯᠪᠤᠷᠢ ᠨᠢ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠲᠣᠮᠢᠯᠠᠭᠰᠠᠨ ᠪᠠᠶᠢᠭᠤᠯᠤᠮᠵᠢ ᠪᠣᠯᠤᠭᠰᠠᠨ ᠤ ᠬᠤᠪᠢ ᠳᠤ᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠠᠴᠠ ᠪᠠᠶᠢᠭ᠎ᠠ ᠭᠠᠵᠠᠷ ᠤᠨ ᠪᠠᠯᠭᠠᠰᠤ ᠰᠢᠶᠠᠩ ᠵᠡᠭᠡᠯᠢ ᠭᠤᠳᠤᠮᠵᠢ ᠲᠠᠢ ᠳᠠᠪᠬᠤᠷ ᠬᠠᠮᠢᠶᠠᠷᠴᠤ᠂ ᠲᠤᠬᠠᠶᠢᠯᠠᠭᠰᠠᠨ ᠠᠵᠢᠯ ᠢ ᠬᠠᠤᠯᠢ ᠴᠠᠭᠠᠵᠠ ᠶᠢᠨ ᠲᠣᠪᠴᠢᠶᠠᠨ ᠤ ᠬᠠᠮᠢᠶᠠᠷᠤᠯᠲᠠ ᠪᠠᠷ ᠭᠤᠣᠯ ᠪᠣᠯᠭᠠᠨ᠎ᠠ᠃    ᠬᠠᠤᠯᠢ ᠴᠠᠭᠠᠵᠠ ᠶᠢᠨ ᠰᠠᠯᠪᠤᠷᠢ ᠨᠢ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠶᠢ ᠭᠥᠢᠴᠡᠳᠬᠡᠵᠦ᠂ ᠬᠠᠷᠢᠶ᠎ᠠ ᠣᠷᠣᠨ ᠤ ᠪᠠᠨ ᠳᠤᠤᠷᠠᠬᠢ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠠᠷᠢᠶ᠎ᠠ ᠣᠷᠤᠨ ᠤ ᠪᠠᠨ ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ ᠡᠶᠡᠳᠡᠭᠦᠯᠭᠡ ᠪᠠ ᠠᠵᠢᠯ ᠲᠥᠷᠥᠯ ᠤᠨ ᠴᠢᠨᠠᠷᠲᠠᠶ ᠲᠤᠰᠬᠠᠶ ᠮᠡᠷᠭᠡᠵᠢᠯ ᠤᠨ ᠴᠢᠨᠠᠷᠲᠠᠶ ᠡᠶᠡᠳᠡᠭᠦᠯᠬᠦ ᠠᠵᠢᠯ ᠢ ᠵᠢᠯᠣᠭᠤᠳᠴᠤ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠥᠷᠢᠯᠡᠬᠦ ᠳᠤ ᠣᠷᠤᠯᠴᠠᠨ᠎ᠠ︔ ᠬᠠᠷᠢᠶ᠎ᠠ ᠣᠷᠣᠨ ᠳᠤ ᠪᠠᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠥᠷᠨᠢᠭᠦᠯᠵᠦ᠂ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠦᠨᠳᠦᠰᠦᠨ ᠱᠠᠲᠤᠨ ᠤ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠣᠶᠣᠯ ᠤᠨ ᠪᠠᠶᠢᠭᠤᠯᠤᠯᠲᠠ ᠶᠢ ᠠᠬᠢᠭᠤᠯᠵᠤ᠂ ᠬᠠᠤᠯᠢ ᠪᠠᠷ ᠵᠠᠰᠠᠬᠤ ᠬᠥᠳᠡᠭᠡ ᠲᠣᠰᠬᠤᠨ ᠤ ᠪᠠᠶᠢᠭᠤᠯᠤᠯᠲᠠ ᠶᠢ ᠵᠢᠯᠣᠭᠤᠳᠤᠨ ᠠᠬᠢᠭᠤᠯᠤᠨ᠎ᠠ︔ ᠬᠠᠷᠢᠶ᠎ᠠ ᠣᠷᠣᠨ ᠤ ᠪᠠᠨ ᠪᠠᠯᠭᠠᠰᠤ ᠰᠢᠶᠠᠩ ᠵᠡᠭᠡᠯᠢ ᠭᠤᠳᠤᠮᠵᠢ ᠶᠢᠨ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠤᠨ ᠥᠷᠲᠡᠭᠡᠨ ᠤ ᠠᠵᠢᠯ ᠢ ᠵᠢᠯᠣᠭᠤᠳᠴᠤ᠂ ᠬᠠᠤᠯᠢ ᠴᠠᠭᠠᠵᠠ ᠶᠢᠨ ᠲᠤᠰᠠᠯᠠᠮᠵᠢ ᠶᠢ ᠬᠠᠮᠵᠢᠨ ᠥᠷᠨᠢᠭᠦᠯᠵᠦ᠂ ᠪᠠᠯᠭᠠᠰᠤ ᠰᠢᠶᠠᠩ ᠤᠨ ᠨᠠᠮ ᠤᠨ ᠬᠤᠷᠢᠶ᠎ᠠ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠬᠡᠷᠡᠭ ᠡᠷᠬᠢᠯᠡᠬᠦ ᠭᠠᠵᠠᠷ ᠤᠨ ᠬᠠᠤᠯᠢ ᠴᠠᠭᠠᠵᠠ ᠶᠢᠨ ᠵᠥᠪᠯᠡᠭᠴᠢ ᠶᠢᠨ ᠠᠵᠢᠯ ᠢ ᠠᠬᠢᠭᠤᠯᠵᠤ᠂ ᠲᠣᠰᠬᠤᠨ ︵ᠨᠡᠶᠢᠭᠡᠮ ᠲᠣᠭᠤᠷᠢᠭ︶᠎ ᠤ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠯᠠᠬᠤ ᠲᠠᠰᠤᠭ ᠪᠣᠯᠤᠨ ᠲᠣᠰᠬᠤᠨ ︵ᠨᠡᠶᠢᠭᠡᠮ ᠲᠣᠭᠤᠷᠢᠭ︶᠎ ᠤ ᠬᠠᠤᠯᠢ ᠴᠠᠭᠠᠵᠠ ᠶᠢᠨ ᠵᠥᠪᠯᠡᠭᠴᠢ ᠶᠢᠨ ᠠᠵᠢᠯ ᠢ ᠵᠢᠯᠣᠭᠤᠳᠴᠤ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠰᠠᠯᠪᠤᠷᠢ ᠪᠣᠯᠤᠨ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠳᠠᠨ ᠤ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃︔ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠨᠠᠶᠢᠳᠠᠯᠭ᠎ᠠ ᠪᠠᠷ ᠪᠠᠶᠢᠴᠠᠭᠠᠨ ᠦᠨᠡᠯᠡᠨ ᠵᠢᠱᠢᠬᠦ ᠠᠵᠢᠯ ᠢ ᠥᠷᠨᠢᠭᠦᠯᠵᠦ᠂ ᠵᠠᠯᠠᠷᠠᠭᠤᠯᠬᠤ ᠳᠤᠭᠤᠶᠢᠯᠠᠩ ᠢ ᠲᠣᠭᠲᠠᠭᠠᠨ᠂ ᠵᠠᠯᠠᠷᠠᠭᠤᠯᠭ᠎ᠠ ︵ᠡᠶᠡᠳᠡᠭᠦᠯᠥᠭᠰᠡᠨ︶ ᠨᠡᠶᠢᠲᠡᠯᠡᠬᠦ ᠶᠢ ᠵᠣᠬᠢᠶᠠᠨ ᠪᠠᠶᠢᠭᠤᠯᠵᠤ᠂ ᠵᠠᠯᠠᠷᠠᠭᠤᠯᠬᠤ ᠲᠥᠰᠦᠯ ᠢ ᠲᠣᠭᠲᠠᠭᠠᠨ ᠨᠠᠶᠢᠳᠠᠪᠤᠷᠢᠵᠢᠭᠤᠯᠵᠤ᠂ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ ᠰᠤᠷᠭᠠᠨ ᠬᠥᠮᠦᠵᠢᠭᠦᠯᠵᠦ ᠬᠠᠪᠰᠤᠷᠤᠨ ᠲᠡᠳᠬᠦᠬᠦ ᠵᠢᠴᠢ ᠬᠢᠨᠠᠨ ᠰᠢᠯᠭᠠᠬᠤ ᠵᠡᠷᠭᠡ ᠨᠡᠶᠢᠭᠡᠮ ᠲᠣᠭᠤᠷᠢᠭ ᠤᠨ ᠵᠠᠯᠠᠷᠠᠭᠤᠯᠬᠤ ᠬᠠᠮᠢᠶ᠎ᠠ ᠪᠥᠬᠦᠶ ᠠᠵᠢᠯ ᠢ ᠥᠷᠨᠢᠭᠦᠯᠦᠨ᠎ᠡ︔ ᠡᠷᠡᠭᠦᠦ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ ᠬᠥᠮᠦᠰ ᠢ ᠲᠥᠪᠬᠢᠨᠡᠭᠦᠯᠵᠦ ᠬᠠᠪᠰᠤᠷᠤᠨ ᠰᠤᠷᠭᠠᠬᠤ ᠠᠵᠢᠯ ᠢ ᠵᠣᠬᠢᠴᠠᠭᠤᠯᠤᠨ ᠥᠷᠨᠢᠭᠦᠯᠦᠨ᠎ᠡ︔ ᠬᠠᠤᠯᠢ ᠴᠠᠭᠠᠵᠠ ᠬᠠᠤᠯᠢ ᠲᠣᠭᠲᠠᠭᠠᠯ ᠠᠴᠠ ᠣᠯᠭᠤᠭᠰᠠᠨ ᠪᠠ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠲᠤᠰᠢᠶᠠᠭᠰᠠᠨ ᠪᠤᠰᠤᠳ ᠵᠦᠢᠯᠡᠰ ᠢ ᠪᠡᠶᠡᠯᠭᠦᠯᠥᠨ᠎ᠡ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1