ᠼᠤᠤ ᡁᠢ ᠶᠦᠩ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/5/9
    5 ᠰᠠᠷ᠎ᠠ ᠶᠢᠨ 8᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢ ᡁᠢ ᠭᠠᠩ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠽᠦᠩ ᠮᠧᠩ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠪᠣᠯᠤᠨ ᠬᠥᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ᠂ ᠶᠤᠸᠠᠨ ᠪᠦᠦ ᠱᠠᠨ ᠠᠵᠤ ᠦᠢᠯᠡᠰ ᠤᠨ ᠬᠦᠷᠢᠶᠡᠯᠡᠩ ᠤᠨ ᠦᠢᠯᠡᠴᠢᠯᠡᠭᠡᠨ ᠤ ᠲᠥᠪ᠂ ᠶᠤᠸᠠᠨ ᠪᠦᠦ ᠱᠠᠨ ᠪᠠᠯᠭᠠᠰᠤ᠂ ᠫᠢᠩᠵᠤᠸᠠᠩ ᠪᠠᠯᠭᠠᠰᠤᠨ ᠤ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠪᠠᠶᠢᠴᠠᠭᠠᠨ ᠰᠤᠳᠤᠯᠪᠠ᠃    ᠶᠤᠸᠠᠨ ᠪᠦᠦ ᠱᠠᠨ ᠪᠠᠯᠭᠠᠰᠤᠨ ᠤ ᠨᠠᠨ ᠮᠢᠶᠣᠣ ᠲᠣᠰᠬᠤᠨ ᠪᠣᠯᠤᠨ ᠰᠧ ᠳ᠋ᠤᠤ ᠵᠢᠩ ᠽᠢ ᠲᠣᠰᠬᠤᠨ ᠳᠤ᠂ ᠼᠤᠤ ᡁᠢ ᠶᠦᠩ ᠲᠠᠷᠢᠶᠠᠨ ᠭᠠᠵᠠᠷ ᠲᠤ ᠭᠦᠨᠵᠡᠭᠡᠶᠢᠷᠡᠨ ᠶᠤᠸᠠᠨ ᠪᠦᠦ ᠱᠠᠨ ᠲᠣᠭᠤᠷᠢᠭ ᠤᠨ ᠤᠳᠤ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠵᠢᠴᠢ ᠰᠧ ᠳ᠋ᠤᠤ ᠵᠢᠩ ᠽᠢ ᠲᠣᠰᠬᠤᠨ ᠤ ᠰᠢᠨ᠎ᠡ ᠪᠠᠷ ᠪᠠᠶᠢᠭᠤᠯᠤᠭᠰᠠᠨ ᠬᠠᠭᠤᠷᠠᠢ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠤᠶᠤᠨᠲᠤ ᠲᠠᠷᠢᠶᠠᠯᠠᠩ᠂ ᠤᠰᠤ ᠠᠷᠪᠢᠯᠠᠬᠤ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠤᠳᠤ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠲᠣᠭᠤᠷᠢᠭ ᠤᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠲᠠᠷᠢᠶᠠᠴᠢᠨ ᠡᠷᠦᠬᠡ ᠳᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠬᠠᠩᠭᠠᠵᠤ᠂ ᠤᠨᠢᠨ ᠳᠡᠭᠡᠷ᠎ᠡ ᠨᠢ ᠠᠵᠢᠯᠯᠠᠬᠤ ᠶᠢ ᠪᠡᠶᠡᠯᠡᠭᠦᠯᠵᠦ᠂ ᠲᠠᠷᠢᠶᠠᠴᠢᠨ ᠡᠷᠦᠬᠡ ᠶᠢᠨ ︽ᠲᠤᠷᠰᠢᠯᠭ᠎ᠠ ᠪᠠᠷ ᠲᠠᠷᠢᠬᠤ︾᠎ ᠠᠴᠠ ︽ᠲᠣᠭᠠᠴᠢᠯᠠᠭᠰᠠᠨ ᠲᠠᠷᠢᠮᠠᠯ︾ ᠵᠥᠭ ᠬᠡᠯᠪᠡᠷᠢ ᠪᠠᠨ ᠬᠤᠪᠢᠷᠠᠭᠤᠯᠬᠤ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠵᠦ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠥᠪᠥᠷ ᠮᠣᠩᠭᠤᠯ ᠤᠨ ᠸᠠᠩ ᠨᠢᠦ ᠰᠠᠭᠠᠯᠢ ᠶᠢᠨ ᠪᠦᠲᠦᠭᠡᠭᠳᠡᠬᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠂ ᠼᠤᠤ ᡁᠢ ᠶᠦᠩ ᠦᠢᠯᠡᠳᠪᠦᠷᠢᠯᠡᠯ ᠤᠨ ᠲᠠᠰᠤᠭ ᠲᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠣᠶᠢᠯᠠᠭᠠᠪᠠ᠃ ᠲᠡᠷᠡ᠂ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠡᠯ᠎ᠡ ᠲᠦᠷᠦᠯ ᠤᠨ ᠲᠦᠷᠦ ᠶᠢᠨ ᠪᠤᠳᠤᠯᠭ᠎ᠠ ᠪᠣᠯᠤᠨ ᠲᠦᠷᠦᠯ ᠵᠦᠢᠯ ᠤᠨ ᠪᠡᠯᠡ ᠮᠥᠩᠭᠦ ᠪᠠᠷ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠲᠠᠷᠢᠵᠦ ᠲᠡᠵᠢᠭᠡᠬᠦ ᠠᠴᠠ ᠬᠤᠭᠤᠯᠠᠨ ᠰᠢᠷᠡᠭᠡ ᠬᠦᠷᠲᠡᠯᠡᠬᠢ ᠪᠦᠬᠦ ᠠᠵᠤ ᠦᠢᠯᠡᠰ ᠤᠨ ᠬᠡᠯᠬᠢᠶ᠎ᠡ ᠶᠢ ᠲᠦᠷᠭᠡᠨ ᠪᠠᠶᠢᠷᠢᠰᠢᠭᠤᠯᠤᠨ ᠲᠡᠭᠦᠯᠳᠡᠷᠵᠢᠭᠦᠯᠵᠦ᠂ ᠦᠢᠯᠡᠳᠬᠦᠨ ᠤ ᠶᠠᠰᠤ ᠴᠢᠨᠠᠷ ᠪᠣᠯᠤᠨ ᠦᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦ ᠣᠷᠣᠨ ᠤ ᠰᠦ ᠶᠢᠨ ᠦᠢᠯᠡᠰ ᠤᠨ ᠬᠥᠭᠵᠢᠯᠲᠡ ᠶᠢᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠲᠢᠶᠠᠨ ᠵᠢᠶ ᠲᠡᠵᠢᠭᠡᠨ ᠦᠷᠡᠵᠢᠭᠦᠯᠬᠦ ᠺᠣᠮᠫᠠᠨᠢ ᠪᠣᠯᠤᠨ ᠤᠯᠠᠭᠠᠨᠬᠠᠳᠠ ᠶᠢᠨ ᠬᠤᠤ ᠢᠦᠶ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ ᠳᠤ᠂ ᠼᠤᠤ ᡁᠢ ᠶᠦᠩ ᠬᠠᠷᠢᠭᠤᠴᠠᠯᠭᠠᠲᠠᠨ ᠠᠴᠠ ᠦᠬᠡᠷ ᠤᠨ ᠰᠦᠷᠦᠭ ᠤᠨ ᠪᠦᠲᠦᠴᠡ᠂ ᠠᠷᠠᠴᠢᠯᠠᠨ ᠲᠡᠵᠢᠭᠡᠬᠦ ᠥᠪᠡᠷ ᠤᠨ ᠥᠷᠲᠡᠭ᠂ ᠲᠡᠵᠢᠭᠡᠯ ᠡᠪᠡᠰᠦ ᠳᠠᠷᠢᠬᠤ᠂ ᠠᠷᠠᠴᠢᠯᠠᠨ ᠲᠡᠵᠢᠭᠡᠬᠦ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠢᠨ ᠰᠢᠪᠲᠤᠯᠤᠯᠲᠠ ᠶᠢᠨ ᠴᠡᠭ ᠢᠶᠠᠨ ᠣᠨᠣᠪᠴᠢᠲᠠᠶ ᠣᠯᠵᠤ᠂ ᠣᠯᠠᠨ ᠲᠠᠯ᠎ᠠ ᠪᠠᠷ ᠠᠷᠭ᠎ᠠ ᠵᠠᠮ ᠢᠶᠠᠨ ᠥᠷᠭᠡᠳᠬᠡᠵᠦ᠂ ᠮᠡᠷᠭᠡᠵᠢᠯ ᠤᠨ ᠲᠠᠯ᠎ᠠ ᠪᠠᠷ᠂ ᠬᠠᠮᠢᠶᠠᠷᠤᠯᠲᠠ ᠶᠢᠨ ᠲᠠᠯ᠎ᠠ ᠪᠠᠷ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠠᠭᠤᠷᠠᠭᠤᠯᠵᠤ᠂ ᠡᠯ᠎ᠡ ᠭᠤᠭᠴᠤᠭᠠᠨ ᠤ ᠠᠰᠢᠭ ᠣᠷᠣᠯᠭ᠎ᠠ ᠶᠢ ᠲᠣᠭᠲᠠᠪᠤᠷᠢᠵᠢᠭᠤᠯᠵᠤ᠂ ᠡᠵᠡᠩᠨᠡᠯᠲᠡ ᠶᠢᠨ ᠳᠠᠷᠤᠯᠲᠠ ᠶᠢ ᠨᠠᠮᠳᠠᠭᠤᠯᠵᠤ᠂ ᠶᠤᠸᠠᠨ ᠪᠦᠦ ᠱᠠᠨ ᠲᠣᠭᠤᠷᠢᠭ ᠤᠨ ᠮᠢᠬ᠎ᠠ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠦᠢᠯᠡᠰ ᠤᠨ ᠡᠷᠡᠭᠦᠯ ᠢᠶᠠᠷ ᠬᠥᠭᠵᠢᠬᠦ ᠳᠤ ᠨᠠᠩ ᠣᠯᠠᠨ ᠬᠤᠪᠢ ᠨᠡᠮᠡᠷᠢ ᠦᠵᠡᠭᠦᠯᠬᠦ ᠶᠢ ᠵᠣᠷᠢᠭᠵᠢᠭᠤᠯᠪᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1