ᠵᠠᠩ ᡁᠢ ᠸᠧᠢ ᠠᠶᠤᠯᠭᠦᠢ ᠦᠢᠯᠡᠳᠪᠦᠷᠢᠯᠡᠯ ᠤᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2024/6/11
    6 ᠰᠠᠷ᠎ᠠ ᠶᠢᠨ 7᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠶ ᠠᠶᠤᠯᠭᠦᠶ ᠦᠢᠯᠡᠳᠪᠦᠷᠢᠯᠡᠯ ᠤᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠠᠩ ᠰᠢᠨ ᠢᠦᠢ᠂ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠪᠠᠯᠭᠠᠰᠤᠨ ᠤ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠪᠠᠶᠢᠴᠠᠭᠠᠪᠠ᠃    ᠤᠯᠠᠭᠠᠨᠬᠠᠳᠠ ᠶᠢᠨ ᠬᠤᠸᠠ ᠷᠦᠨ ᠰᠢᠲᠠᠮᠠᠬᠠᠢ ᠬᠡᠢ ᠶᠢᠨ ᠬᠢᠵᠠᠭᠠᠷᠲᠤ ᠺᠣᠮᠫᠠᠨᠢ ᠶᠢᠨ ᠫᠢᠩᠵᠤᠸᠠᠩ ᠶᠡᠷᠦᠩᠬᠡᠢ ᠦᠷᠳᠡᠭᠡ᠂ ᠤᠯᠠᠭᠠᠨᠬᠠᠳᠠ ᠶᠢᠨ ᠰᠢᠷᠠᠮᠦ᠋ᠷᠡᠨ ︵ᠪᠦᠯᠦᠭᠯᠡᠯ︶ ᠬᠦᠩ ᠭᠧ ᠶᠢᠩᠽᠢ ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠪᠣᠯᠣᠨ ᠶᠤᠸᠠᠨ ᠪᠦᠦ ᠱᠠᠨ ᠲᠣᠭᠤᠷᠢᠭ ᠤᠨ ᠸᠧᠨ ᠣᠪᠣᠭᠲᠤ ᠶᠢᠨ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠳᠤ᠂ ᠵᠠᠩ ᡁᠢ ᠸᠧᠢ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠳᠦᠷᠢᠮ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠠᠮᠤᠷ ᠲᠦᠪᠰᠢᠨ ᠪᠣᠯ ᠠᠵᠤ ᠠᠬᠤᠶᠢᠯᠠᠯ ᠤᠨ ᠠᠮᠢᠨ ᠰᠤᠳᠠᠰᠤ ᠮᠥᠨ᠂ ᠬᠠᠷᠢᠶ᠎ᠠ ᠭᠠᠵᠠᠷ ᠵᠢᠴᠢ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ︽ᠠᠮᠤᠷ ᠲᠦᠪᠰᠢᠨ ᠢ ᠲᠡᠷᠢᠭᠦᠨ ᠳᠤ ᠲᠠᠯᠪᠢᠬᠤ︾ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠶᠢ ᠴᠢᠩᠭᠠᠳᠬᠠᠨ᠂ ᠭᠤᠤᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠶ᠃ ᠠᠵᠤ ᠠᠬᠤᠶᠢᠯᠠᠯ ᠤᠨ ᠬᠢᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢᠶᠠᠨ ᠲᠡᠭᠦᠯᠳᠡᠷᠵᠢᠭᠦᠯᠵᠦ᠂ ᠵᠢᠵᠢᠭᠦᠷᠯᠡᠨ ᠰᠠᠬᠢᠬᠤ ᠪᠠᠨ ᠴᠢᠩᠭᠠᠳᠬᠠᠵᠤ᠂ ᠠᠵᠢᠯᠳᠠᠨ ᠠᠵᠢᠯᠴᠢᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠳᠡᠭᠡᠭᠰᠢᠯᠡᠭᠦᠯᠵᠦ᠂ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠶᠤᠸᠠᠨ ᠪᠦᠦ ᠱᠠᠨ ᠲᠣᠭᠤᠷᠢᠭ ᠤᠨ ᠵᠢᠢ ᠺᠥ᠋ ᠴᠡᠩᠭᠡᠯ ᠤᠨ ᠬᠦᠷᠢᠶᠡᠯᠡᠩ ᠳᠤ᠂ ᠵᠠᠩ ᡁᠢ ᠸᠧᠢ ᠲᠤᠨᠤᠭ ᠲᠥᠬᠦᠭᠡᠷᠦᠮᠵᠢ ᠶᠢ ᠲᠤᠬᠢᠷᠠᠭᠤᠯᠤᠨ ᠠᠵᠢᠯᠯᠠᠭᠤᠯᠬᠤ᠂ ᠪᠠᠶᠠᠷ ᠤᠨ ᠡᠳᠦᠷ ᠤᠨ ᠠᠶᠠᠨᠴᠢᠳ ᠤᠨ ᠤᠷᠤᠰᠬᠠᠯ ᠵᠢᠴᠢ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠴᠡᠩᠭᠡᠯ ᠤᠨ ᠬᠦᠷᠢᠶᠡᠯᠡᠩ ᠤᠨ ᠡᠷᠬᠢᠨ ᠲᠣᠭᠤᠷᠢᠨ ᠤ ᠢᠵᠢ ᠪᠦᠷᠢᠳᠦᠭᠰᠡᠨ ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠰᠣᠶᠣᠯ ᠵᠤᠭᠠᠴᠠᠯ ᠤᠨ ᠦᠢᠯᠡᠴᠢᠯᠡᠭᠡᠨ ᠤ ᠬᠠᠩᠭᠠᠯᠭ᠎ᠠ ᠶᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠡᠷᠬᠢᠨ ᠲᠣᠭᠤᠷᠢᠨ ᠤ ᠠᠵᠤ ᠠᠬᠤᠢ ᠶᠢᠨ ᠬᠥᠭᠵᠢᠯᠲᠡ ᠶᠢ ᠢᠳᠡᠪᠬᠢᠲᠡᠢ ᠳᠠᠶᠢᠴᠢᠯᠠᠬᠤ ᠬᠡᠷᠡᠭᠲᠡᠢ᠃ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ᠣᠶᠢᠷᠠᠳᠬᠤ ᠳᠤ᠂ ᠴᠡᠴᠡᠷᠯᠢᠭ ᠤᠨ ᠳᠣᠲᠣᠷᠠᠬᠢ ᠰᠡᠯᠡᠭᠦᠴᠡᠯ ᠵᠤᠭ᠎ᠠ ᠴᠡᠩᠭᠡᠯ ᠤᠨ ᠲᠥᠬᠦᠭᠡᠷᠦᠮᠵᠢ ᠶᠢ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠠ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠨᠠᠷᠢᠯᠢᠬᠵᠢᠭᠤᠯᠵᠤ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ ᠲᠣᠭᠲᠠᠭᠤᠨ ᠡᠮᠬᠢ ᠵᠢᠷᠤᠮ ᠲᠠᠢ ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃    ᠫᠢᠩᠵᠤᠸᠠᠩ ᠪᠠᠯᠭᠠᠰᠤᠨ ᠤ ᠽᠢ ᠢᠦᠢ ᠬᠤᠸᠠ ᠹᠦ᠋ ᠬᠤᠷᠢᠶᠠᠯᠠᠯ ᠳᠤ᠂ ᠵᠠᠩ ᡁᠢ ᠸᠧᠢ ᠬᠤᠷᠢᠶᠠᠯᠠᠯ ᠤᠨ ᠳᠣᠲᠣᠷᠠᠬᠢ ᠴᠠᠬᠢᠯᠭᠠᠨ ᠴᠡᠨᠡᠭᠯᠡᠬᠦ ᠲᠥᠬᠦᠭᠡᠷᠦᠮᠵᠢ᠂ ᠭᠠᠯ ᠤᠨᠲᠠᠷᠠᠭᠠᠬᠤ ᠲᠥᠬᠦᠭᠡᠷᠦᠮᠵᠢ ᠵᠢᠴᠢ ᠴᠠᠬᠢᠯᠭᠠᠨ ᠬᠤᠷᠢᠶᠠᠭᠤᠷ ᠲᠡᠷᠭᠡ ᠶᠢ ᠡᠷᠦᠬᠡ ᠳᠤ ᠣᠷᠤᠭᠤᠯᠬᠤ ᠶᠢ ᠬᠠᠮᠢᠶᠠᠷᠤᠨ ᠡᠵᠡᠮᠳᠡᠵᠦ ᠪᠠᠶᠢᠭ᠎ᠠ ᠪᠠᠶᠢᠳᠠᠯ ᠢ ᠭᠦᠨᠵᠡᠭᠡᠢ ᠪᠠᠶᠢᠴᠠᠭᠠᠪᠠ᠃ ᠲᠡᠷᠡ᠂ ᠭᠠᠯ ᠤᠨᠲᠠᠷᠠᠭᠠᠬᠤ ᠠᠮᠤᠷ ᠲᠦᠪᠰᠢᠨ ᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠡᠳᠦᠷ ᠲᠤᠲᠤᠮ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠂ ᠣᠷᠣᠨ ᠰᠠᠭᠤᠴᠠ ᠶᠢᠨ ᠠᠰᠠᠷ ᠤᠨ ᠭᠠᠯ ᠤᠨᠲᠠᠷᠠᠭᠠᠬᠤ ᠠᠮᠤᠷ ᠲᠦᠪᠰᠢᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠠᠬᠢᠯᠭᠠᠨ ᠬᠤᠷᠢᠶᠠᠭᠤᠷ ᠲᠡᠷᠭᠡ ᠶᠢ ᠡᠷᠦᠬᠡ ᠳᠤ ᠣᠷᠣᠭᠤᠯᠬᠤ ᠵᠡᠷᠭᠡ ᠭᠡᠮ ᠰᠣᠭᠤᠭ ᠤᠨ ᠠᠰᠠᠭᠤᠳᠠᠯ ᠡᠭᠦᠰᠬᠦ ᠶᠢ ᠴᠢᠩᠭ᠎ᠠ ᠰᠡᠷᠭᠡᠶᠢᠯᠡᠵᠦ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠡᠷᠡᠰ ᠤᠰᠠᠳᠬᠠᠬᠤ ᠬᠡᠷᠡᠭᠲᠡᠶ ᠭᠡᠵᠦ ᠴᠢᠬᠤᠯᠠᠴᠢᠯᠠᠵᠠᠢ᠃    ᠤᠯᠠᠭᠠᠨᠬᠠᠳᠠ ᠶᠢᠨ ᠶᠤᠸᠠᠨ ᠶᠧ ᠢᠳᠡᠭᠡᠨ ᠤ ᠬᠢᠵᠠᠭᠠᠷᠲᠤ ᠺᠣᠮᠫᠠᠨᠢ ᠬᠢᠭᠡᠳ ᠥᠪᠥᠷ ᠮᠣᠩᠭᠤᠯ ᠤᠨ ᠭᠠᠨ ᠭᠧ ᠯᠢᠶᠠ ᠢᠳᠡᠭᠡᠨ ᠤ ᠬᠢᠵᠠᠭᠠᠷᠲᠤ ᠺᠣᠮᠫᠠᠨᠢ ᠳᠤ᠂ ᠵᠠᠩ ᡁᠢ ᠸᠧᠢ ᠠᠵᠤ ᠠᠬᠤᠶᠢᠯᠠᠯ ᠤᠨ ᠡᠵᠡᠩᠨᠡᠯᠲᠡ ᠪᠣᠷᠣᠯᠠᠭᠤᠯᠤᠯᠲᠠ ᠂ ᠦᠢᠯᠡᠳᠪᠦᠷᠢᠯᠡᠯ ᠤᠨ ᠬᠡᠪᠴᠢᠶ᠎ᠡ᠂ ᠲᠥᠬᠦᠭᠡᠷᠦᠮᠵᠢ ᠶᠢᠨ ᠬᠠᠮᠢᠶᠠᠷᠤᠯᠲᠠ ᠬᠠᠮᠠᠭᠠᠯᠠᠯᠲᠠ ᠵᠢᠴᠢ ᠠᠵᠢᠯᠳᠠᠨ ᠤ ᠰᠡᠷᠭᠡᠶᠢᠯᠡᠨ ᠬᠠᠮᠠᠭᠠᠯᠠᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠠᠵᠢᠯᠲᠠᠳ ᠤᠨ ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠬᠦ᠂ ᠬᠡᠢ ᠬᠡᠷᠡᠭᠯᠡᠬᠦ ᠤᠬᠠᠮᠰᠠᠷ ᠢ ᠳᠡᠭᠡᠭᠰᠢᠯᠡᠭᠦᠯᠵᠦ᠂ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠵᠤ᠂ ᠢᠳᠡᠭᠡᠨ ᠦᠢᠯᠡᠳᠪᠦᠷᠢᠯᠡᠵᠦ ᠡᠳ᠋ᠰᠢᠭᠦᠯᠬᠦ ᠭᠤᠭᠴᠤᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠤᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠬᠦᠴᠦ ᠪᠠᠨ ᠬᠠᠮᠲᠤᠳᠬᠠᠨ ᠰᠠᠬᠢᠨ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1