ᠫᠢᠩᠵᠤᠸᠠᠩ ᠰᠢ ᠴᠧᠩ ᠵᠡᠭᠡᠯᠢ ᠭᠤᠳᠤᠮᠵᠢ  ︽1234︾ ᠠᠵᠢᠯ ᠤᠨ ᠠᠷᠭ᠎ᠠ ᠪᠠᠷ ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠠᠵᠢᠯ ᠢ ᠰᠠᠶᠢᠲᠤᠷ ᠠᠳᠬᠤᠵᠤ ᠨᠡᠶᠢᠭᠡᠮ ᠤᠨ ᠰᠣᠶᠣᠯ ᠤᠨ ᠣᠷᠴᠢᠨ ᠲᠣᠭᠤᠷᠢᠨ ᠢ ᠴᠡᠪᠡᠷᠰᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2024/6/12
    ᠥᠢᠷ᠎ᠠ ᠶᠢᠨ ᠵᠢᠯ ᠳᠤ᠂ ᠫᠢᠩᠵᠣᠸᠠᠩ  ᠰᠢ ᠴᠧᠩ ᠵᠡᠭᠡᠯᠢ ᠭᠤᠳᠤᠮᠵᠢ ᠠᠮᠢᠵᠢᠷᠠᠯ ᠪᠢᠯᠬᠠᠭᠰᠠᠨ᠂ ᠡᠷᠡᠭᠦᠯ ᠴᠢᠭᠢᠷᠠᠭ᠂ ᠡᠶ᠎ᠡ ᠵᠣᠬᠢᠴᠠᠩᠭᠤᠢ᠂ ᠵᠣᠯ ᠵᠢᠷᠭᠠᠯᠲᠤ ᠰᠢ ᠴᠧᠩ ᠢ ᠪᠦᠲᠦᠭᠡᠨ ᠪᠠᠶᠢᠭᠤᠯᠬᠤ ᠪᠠᠷ ᠬᠠᠷᠠᠯᠲᠠ ᠪᠣᠯᠭᠠᠵᠤ᠂ ︽1234 ︾  ᠭᠡᠬᠦ ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠠᠵᠢᠯ ᠤᠨ ᠠᠷᠭ᠎ᠠ ᠶᠢ ᠢᠳᠡᠭ ᠢᠳᠡᠭ ᠢᠶᠠᠷ ᠰᠦᠪᠡᠭᠴᠢᠯᠡᠨ ᠭᠠᠷᠭᠠᠵᠤ᠂ ︽ ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ︾ ᠠᠵᠢᠯ ᠢ ᠦᠨᠳᠦᠰᠦᠨ ᠱᠠᠲᠤᠨ ᠳᠤ ᠪᠠᠲᠤ ᠠᠳᠬᠤᠵᠤ᠂ ᠥᠷᠭᠡᠨ ᠣᠯᠠᠨ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ ᠂ ᠬᠦᠷᠲᠡᠮᠵᠢ ᠶᠢᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃
1_副本.jpg
        ︽ ᠨᠢᠭᠡ ᠢᠵᠢ ᠲᠣᠭᠲᠠᠴᠠ ︾᠎ ᠶᠢ ᠴᠢᠩᠭ᠎ᠠ ᠠᠳᠬᠤᠵᠤ ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠪᠠ    ᠫᠢᠩᠵᠤᠸᠠᠩ ᠤᠨ ᠰᠢ ᠴᠧᠩ ᠵᠡᠭᠡᠯᠢ ᠭᠤᠳᠤᠮᠵᠢ ᠶᠢᠨ ᠬᠢᠨ ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠠᠵᠢᠯ ᠢ ᠢᠮᠠᠭᠲᠠ ᠴᠢᠬᠤᠯᠠ ᠪᠠᠶᠢᠷᠢᠨ ᠳᠤ ᠲᠠᠯᠪᠢᠵᠤ ᠂ ᠵᠡᠭᠡᠯᠢ ᠭᠤᠳᠤᠮᠵᠢ ᠶᠢᠨ ᠭᠤᠣᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ︽ ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ︾ ᠤᠳᠤᠷᠢᠳᠬᠤ ᠳᠤᠭᠤᠶᠢᠯᠠᠩ ᠢ ᠪᠠᠶᠢᠭᠤᠯᠵᠤ ᠂ ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠠᠵᠢᠯ ᠤᠨ ᠬᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯᠳᠤᠭᠤᠯᠵᠤ ᠂ ᠪᠠᠶᠢᠳᠠᠯ ᠢ ᠰᠤᠳᠤᠯᠤᠨ ᠵᠠᠳᠠᠯᠵᠤ ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠪᠠ ᠃ ᠵᠡᠭᠡᠯᠢ ᠭᠤᠳᠤᠮᠵᠢ ᠂ ᠨᠡᠶᠢᠭᠡᠮ ᠲᠣᠭᠤᠷᠢᠭ ᠤᠨ ᠰᠢᠯᠢᠳᠡᠭ ᠺᠠᠳ᠋ᠷ ᠂ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠂ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠭᠡᠷ ᠤᠨ ᠠᠵᠢᠯᠲᠠᠨ ᠵᠡᠷᠭᠡ ᠪᠠᠷ ᠪᠦᠷᠢᠯᠳᠦᠭᠰᠡᠨ ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠲᠤᠰᠬᠠᠶ ᠲᠤᠰᠢᠶᠠᠯᠲᠤ ᠡᠩᠨᠡᠭᠡ ᠶᠢ ᠪᠠᠶᠢᠭᠤᠯᠪᠠ ᠃ ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠠᠵᠢᠯ ᠤᠨ ᠳᠤᠮᠳᠠ ᠬᠠᠮᠲᠤᠷᠠᠨ ᠪᠢᠲᠡᠭᠦᠮᠵᠢᠯᠡᠬᠦ ᠂ ᠮᠡᠳᠡᠭᠡ ᠵᠠᠩᠭᠢ ᠶᠢ ᠳᠡᠭᠡᠭᠰᠢ ᠮᠡᠳᠡᠭᠦᠯᠬᠦ ᠂ ᠬᠠᠷᠢᠭᠤᠴᠠᠯᠭ᠎ᠠ ᠶᠢᠨ ᠬᠠᠮᠢᠶᠠᠷᠤᠯᠲᠠ ᠵᠡᠷᠭᠡ ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠨᠢᠭᠡᠨ ᠢᠵᠢ ᠪᠦᠷᠢᠨ ᠠᠵᠢᠯ ᠤᠨ ᠲᠣᠭᠲᠠᠴᠠ ᠶᠢ ᠲᠠᠰᠤᠷᠠᠯᠲᠠ ᠥᠬᠡᠶ ᠰᠦᠪᠡᠭᠴᠢᠯᠡᠨ ᠭᠠᠷᠭᠠᠪᠠ ᠃
2_副本.jpg
       ︽ᠬᠤᠶᠠᠷ ᠬᠤᠯᠪᠣᠭᠠᠯᠠᠯ︾᠎ ᠳᠤ ᠬᠦᠴᠦ ᠲᠠᠯᠪᠢᠵᠤ᠂ ᠠᠵᠢᠯ ᠤᠨ ᠰᠢᠰᠲ᠋ᠧᠮ ᠢ ᠪᠠᠶᠢᠭᠤᠯᠪᠠ     ᠰᠣᠶᠣᠯ ᠤᠨ ᠬᠠᠤᠯᠢ ᠬᠡᠷᠡᠭᠵᠢᠭᠦᠯᠬᠦ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠂ ᠳᠣᠲᠣᠭᠠᠳᠤ ᠶᠢ ᠬᠠᠮᠠᠭᠠᠯᠠᠬᠤ ᠂ ᠬᠠᠤᠯᠢ ᠴᠠᠭᠠᠵᠠ ᠂ ᠰᠤᠷᠭᠠᠭᠤᠯᠢ ᠵᠡᠷᠭᠡ ᠰᠠᠯᠠᠭ᠎ᠠ ᠮᠥᠴᠢᠷ ᠢ ᠨᠡᠶᠢᠯᠡᠭᠦᠯᠥᠨ ᠶᠡᠷᠦᠩᠬᠡᠶᠢᠯᠡᠨ ᠵᠠᠰᠠᠬᠤ ᠬᠦᠴᠦᠨ ᠢ ᠪᠤᠢ ᠪᠣᠯᠭᠠᠵᠤ᠂ ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠬᠠᠮᠵᠢᠨ ᠬᠠᠮᠢᠶᠠᠷᠬᠤ ᠰᠠᠯᠪᠤᠷᠢ ᠪᠠᠭ᠎ᠠ ᠠᠩᠭᠢ ᠶᠢ ᠪᠠᠶᠢᠭᠤᠯᠵᠤ ᠂ ᠭᠤᠣᠯᠳᠠᠯᠭ᠎ᠠ ᠲᠠᠢ ᠣᠷᠣᠨ ᠪᠦᠰᠡ ᠳᠤ ︽ ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ︾ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠪᠡ᠃ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠂  ᠲᠤᠤᠷᠵᠢᠭᠤᠯᠤᠭᠰᠠᠨ ᠬᠠᠮᠢᠶᠠᠷᠤᠯᠲᠠ ᠶᠢᠨ ᠠᠵᠢᠯᠲᠠᠨ ᠂ ᠰᠠᠶᠢᠨ ᠳᠤᠷ᠎ᠠ ᠶᠢᠨ ᠠᠵᠢᠯᠯᠠᠭᠴᠢ ᠪᠠ ᠬᠠᠯᠠᠭᠤᠨ ᠰᠡᠳᠬᠢᠯᠲᠦ ᠰᠠᠭᠤᠭᠠᠯᠢ ᠠᠷᠠᠳ ᠢ ᠨᠡᠶᠢᠯᠡᠭᠦᠯᠥᠨ᠂ ︽ 4 + N ︾ ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠲᠤᠤᠷᠵᠢᠭᠤᠯᠤᠭᠰᠠᠨ ᠬᠠᠮᠢᠶᠠᠷᠤᠯᠲᠠ ᠶᠢᠨ ᠠᠵᠢᠯᠲᠠᠨ ᠤ ᠰᠠᠯᠪᠤᠷᠢ ᠪᠠᠭ᠎ᠠ ᠠᠩᠭᠢ ᠶᠢ ᠪᠠᠶᠢᠭᠤᠯᠵᠤ ᠂ ᠡᠳᠦᠷ ᠲᠤᠲᠤᠮ ᠤᠨ ᠤᠬᠠᠭᠤᠯᠵᠤ ᠬᠥᠲᠥᠯᠦᠨ ᠵᠢᠯᠣᠭᠤᠳᠬᠤ ᠪᠠ ᠲᠣᠭᠤᠷᠢᠨ ᠪᠠᠶᠢᠴᠠᠭᠠᠬᠤ ᠠᠵᠢᠯ ᠢ ᠰᠠᠶᠢᠲᠤᠷ ᠬᠢᠵᠦ ᠂ ᠵᠡᠭᠡᠯᠢ ᠭᠤᠳᠤᠮᠵᠢ ᠶᠡᠷᠦᠩᠬᠡᠶᠢᠯᠡᠨ ᠠᠳᠬᠤᠬᠤ ᠂ ᠨᠡᠶᠢᠭᠡᠮ ᠲᠣᠭᠤᠷᠢᠭ ᠨᠢᠭᠡᠳᠦᠯᠲᠡᠶ ᠲᠥᠯᠥᠪᠯᠡᠬᠦ ᠂ ᠣᠯᠠᠨ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠵᠦ ᠬᠠᠮᠲᠤ ᠪᠠᠷ ᠬᠠᠮᠢᠶᠠᠷᠬᠤ ᠂ ᠥᠷᠭᠡᠨ ᠣᠯᠠᠨ ᠰᠠᠭᠤᠭᠠᠯᠢ ᠠᠷᠠᠳ ᠢᠳᠡᠪᠬᠢᠲᠡᠶ ᠣᠷᠣᠯᠴᠠᠬᠤ ᠠᠵᠢᠯ ᠤᠨ ᠪᠠᠶᠢᠷᠢᠰᠢᠯ ᠢ ᠪᠣᠶ ᠪᠣᠯᠭᠠᠪᠠ ᠃
3_副本.jpg
        ︽ ᠭᠤᠷᠪᠠ ᠶᠢ ᠤᠶᠠᠯᠳᠤᠭᠤᠯᠬᠤ ︾᠎ ᠶᠢ ᠰᠠᠶᠢᠲᠤᠷ ᠬᠢᠵᠦ ᠂ ᠠᠵᠢᠯ ᠤᠨ ᠰᠠᠭᠤᠷᠢ ᠪᠠᠨ ᠪᠠᠲᠤᠳᠬᠠᠪᠠ    ᠫᠢᠩᠵᠤᠸᠠᠩ ᠰᠢ ᠴᠧᠩ ᠵᠡᠭᠡᠯᠢ ᠭᠤᠳᠤᠮᠵᠢ ᠶᠢᠨ ᠬᠢᠨ ︽ ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ︾ ᠪᠠ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠤᠨ ᠬᠠᠮᠢᠶᠠᠷᠤᠯᠲᠠ ᠶᠢ ᠤᠶᠠᠯᠳᠤᠭᠤᠯᠵᠤ ᠂ ᠬᠠᠷᠢᠶ᠎ᠠ ᠣᠷᠣᠨ ᠤ ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠭᠤᠣᠯᠳᠠᠯᠭ᠎ᠠ ᠲᠠᠢ ᠴᠡᠭ ᠲᠤ ᠬᠥᠳᠡᠯᠦᠩᠭᠦᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠪᠡ︔ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠣᠯᠲᠠ ᠲᠠᠢ ᠣᠶᠠᠯᠳᠣᠭᠤᠯᠣᠨ ᠂ ᠣᠯᠠᠨ ᠲᠦᠮᠡᠨ ᠤ ᠦᠵᠡᠵᠦ ᠰᠣᠨᠣᠰᠬᠤ ᠳᠤᠷᠠᠲᠠᠢ ᠂ ᠰᠢᠨ᠎ᠡ ᠰᠡᠪᠡᠭᠦᠨ ᠣᠯᠠᠨ ᠶᠠᠩᠵᠤ ᠶᠢᠨ ᠱᠠᠯᠢᠭ ᠵᠠᠪᠬᠠᠢ ᠶᠢ ᠠᠷᠢᠯᠭᠠᠵᠤ ᠬᠠᠣᠯᠢ ᠪᠣᠰᠤ ᠬᠡᠪᠯᠡᠭᠳᠡᠬᠦᠨ ᠳᠤ ᠴᠣᠬᠢᠯᠲᠠ ᠥᠭᠬᠦ ᠠᠵᠢᠯᠯᠠᠭ᠎ᠠ ᠶᠢ ᠢᠳᠡᠪᠬᠢᠲᠠᠢ ᠦᠷᠨᠢᠬᠦᠯᠪᠡ︔ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ  ᠪᠦᠲᠥᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠠᠵᠢᠯ ᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠥᠲᠥᠭᠡᠨ ᠪᠠᠶᠢᠭᠤᠯᠤᠯᠲᠠ ᠶᠢᠨ ᠵᠠᠰᠠᠯᠲᠠ ᠶᠢᠨ ᠰᠢᠰᠲ᠋ᠧᠮ ᠳᠤ ᠣᠷᠣᠭᠤᠯᠵᠤ᠂ ᠬᠤᠪᠢᠰᠬᠠᠯᠲᠤ ᠠᠳᠠᠯ ᠠᠬᠤᠶ ᠶᠢ ᠠᠰᠢᠭᠯᠠᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠨᠡᠶᠢᠭᠡᠮ ᠲᠣᠭᠤᠷᠢᠭ ᠤᠨ ᠲᠤᠤᠷᠵᠢᠭᠤᠯᠤᠭᠰᠠᠨ ᠬᠠᠮᠢᠶᠠᠷᠤᠯᠲᠠ  ᠪᠣᠯᠤᠨ ᠠᠳᠠᠯ ᠠᠬᠤᠶ ᠶᠢᠨ ᠬᠤᠭᠤᠷᠣᠨᠳᠣ ᠨᠢᠭᠲᠠ ᠬᠠᠮᠵᠢᠯᠴᠠᠭᠤᠯᠵᠤ᠂ ᠦᠨᠳᠦᠰᠦᠨ ᠱᠠᠲᠤᠨ ᠤ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾᠎ ᠶᠢ ᠦᠨᠡᠨ ᠬᠦ ᠠᠳᠬᠤᠬᠤ ᠬᠥᠮᠦᠨ ᠲᠠᠢ᠂ ᠬᠠᠮᠢᠶᠠᠷᠬᠤ ᠬᠥᠮᠦᠨ ᠲᠠᠢ  ᠪᠣᠯᠭᠠᠪᠠ᠃
4_副本.jpg
       ︽ ᠳᠦᠷᠪᠡᠨ ᠵᠦᠢᠯ ᠤᠨ ᠠᠷᠭ᠎ᠠ ᠬᠡᠮᠵᠢᠶ᠎ᠡ ︾᠎ ᠪᠠᠷ ᠳᠠᠮᠵᠢᠭᠤᠯᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠪᠠ    ᠫᠢᠩᠵᠤᠸᠠᠩ ᠰᠢ ᠴᠧᠩ ᠵᠡᠭᠡᠯᠢ ᠭᠤᠳᠤᠮᠵᠢ ᠶᠢᠨ ᠬᠢᠨ ︽ ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ︾ ᠤᠬᠠᠭᠤᠯᠭ᠎ᠠ ᠶᠢᠨ ᠠᠭᠤᠷ ᠠᠮᠢᠰᠬᠤᠯ ᠢ ᠶᠡᠬᠡᠪᠡᠷ ᠪᠤᠢ ᠪᠣᠯᠭᠠᠵᠤ ᠂ ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠭᠤᠣᠯ ᠰᠡᠳᠦᠪᠲᠦ ᠤᠬᠠᠭᠤᠯᠭ᠎ᠠ ᠶᠢᠨ ᠤᠷᠳᠤ ᠬᠤᠩᠬᠢᠯ ᠭᠠᠷᠭᠠᠵᠤ᠂ ᠤᠬᠠᠭᠤᠯᠭ᠎ᠠ ᠶᠢᠨ ᠵᠢᠷᠤᠭᠲᠤ ᠰᠠᠮᠪᠠᠷ᠎ᠠ ᠂ ᠤᠬᠠᠭᠤᠯᠭ᠎ᠠ ᠶᠢᠨ ᠪᠤᠯᠤᠩ ᠂ ᠬᠥᠨᠳᠡᠯᠡᠨ ᠪᠢᠴᠢᠭᠡᠰᠦ ᠂ led ᠳᠡᠯᠭᠡᠴᠡ ᠵᠡᠷᠭᠡ ᠠᠴᠢᠶᠠᠯᠠᠪᠤᠷᠢ ᠪᠠᠷ ᠳᠠᠮᠵᠢᠭᠤᠯᠤᠨ᠂ ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠬᠠᠤᠯᠢ ᠴᠠᠭᠠᠵᠠ ᠶᠢᠨ ᠮᠡᠳᠡᠯᠭᠡ ᠶᠢ ᠤᠬᠠᠭᠤᠯᠤᠨ ᠲᠥᠭᠡᠮᠡᠯᠵᠢᠭᠦᠯᠪᠡ᠃ ᠨᠡᠶᠢᠭᠡᠮ ᠲᠣᠭᠤᠷᠢᠭ ᠤᠨ  ᠲᠤᠤᠷᠵᠢᠭᠤᠯᠤᠭᠰᠠᠨ ᠬᠠᠮᠢᠶᠠᠷᠤᠯᠲᠠ ᠶᠢᠨ ᠸᠢᠴᠠᠲ ᠴᠤᠭᠯᠠᠷᠠᠯ ᠳᠤ ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠪᠢᠴᠢᠯ ᠺᠠᠷᠲ᠋ᠣᠨ ᠬᠦᠷᠭᠡᠵᠦ ᠂ ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠠᠵᠢᠯ ᠤᠨ ᠰᠦᠷ ᠬᠦᠴᠦᠨ ᠢ ᠪᠤᠢ ᠪᠣᠯᠭᠠᠪᠠ ᠃    ᠰᠦᠯᠵᠢᠶ᠎ᠡ ᠴᠡᠪᠡᠷᠯᠡᠬᠦ ᠂ ᠡᠬᠢ ᠰᠤᠷᠪᠤᠯᠵᠢ ᠶᠢ ᠴᠡᠪᠡᠷᠯᠡᠬᠦ ᠂ ᠨᠠᠮᠤᠷ ᠤᠨ ᠰᠠᠯᠬᠢ ᠵᠡᠷᠭᠡ ᠲᠤᠰᠬᠠᠶ ᠠᠵᠢᠯᠯᠠᠭ᠎ᠠ ᠶᠢ ᠥᠷᠭᠡᠨ ᠢᠶᠠᠷ ᠥᠷᠨᠢᠭᠦᠯᠪᠡ᠃ ᠰᠦᠯᠵᠢᠶᠡᠨ ᠤ ᠠᠮᠤᠷ ᠲᠦᠪᠰᠢᠨ ᠢ ᠠᠬᠢᠭᠤᠯᠬᠤ ᠬᠤᠷᠠᠯ ᠬᠤᠷᠠᠯᠳᠤᠭᠤᠯᠬᠤ ᠂ ᠤᠬᠠᠭᠤᠯᠤᠨ ᠲᠠᠶᠢᠯᠪᠤᠷᠢᠯᠠᠬᠤ ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠬᠦ ᠂ ︽ ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ︾ ᠳᠠᠭᠤᠤ ᠬᠥᠭᠵᠢᠮ ᠤᠨ ᠴᠠᠷᠭᠢᠯ ᠬᠤᠯᠪᠣᠭ᠎ᠠ ᠵᠣᠭᠢᠶᠠᠬᠤ᠂ ᠮᠡᠳᠡᠯᠭᠡ ᠶᠢᠨ ᠠᠰᠠᠭᠤᠯᠲᠠ ᠬᠠᠷᠢᠭᠤᠯᠲᠠ ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠂ ᠰᠠᠭᠤᠭᠠᠯᠢ ᠠᠷᠠᠳ ᠤᠨ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠪᠠ ᠰᠡᠷᠭᠡᠶᠢᠯᠡᠨ ᠬᠠᠮᠠᠭᠠᠯᠠᠬᠤ ᠤᠷ᠎ᠠ ᠴᠢᠳᠠᠪᠤᠷᠢ ᠶᠢ ᠳᠡᠭᠡᠭᠰᠢᠯᠡᠭᠦᠯᠵᠦ ᠂ ᠥᠷᠭᠡᠨ ᠣᠯᠠᠨ ᠰᠠᠭᠤᠭᠠᠯᠢ ᠠᠷᠠᠳ ᠤᠨ ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠠᠵᠢᠯ ᠳᠤ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠪᠡ ᠃     ᠬᠠᠷᠢᠶ᠎ᠠ ᠣᠷᠣᠨ ᠤ ᠳᠤᠮᠳᠠᠳᠤ ᠪᠠᠭ᠎ᠠ ᠰᠤᠷᠭᠠᠭᠤᠯᠢ ᠂ ᠬᠡᠤᠬᠡᠳ ᠤᠨ ᠴᠡᠴᠡᠷᠯᠢᠭ ᠲᠠᠢ ᠬᠤᠯᠪᠣᠭᠠᠯᠠᠨ ᠂ ︽ ᠨᠢᠯᠬ᠎ᠠ ᠮᠥᠴᠢᠷ ᠢ ᠬᠠᠮᠠᠭᠠᠯᠠᠬᠤ ︾ ᠂ ︽ ᠴᠡᠪᠡᠷ ᠨᠣᠮ ᠤᠨ ᠱᠣᠰᠢᠭ᠎ᠠ ︾ ᠵᠡᠷᠭᠡ ᠲᠤᠰᠬᠠᠶ ᠠᠵᠢᠯᠯᠠᠭ᠎ᠠ ᠶᠢ ᠥᠷᠨᠢᠭᠦᠯᠪᠡ᠃ ︽ ᠵᠠᠯᠠᠭᠤ ᠨᠠᠰᠤ ᠶᠢ ᠬᠠᠶᠢᠷᠠᠯᠠᠨ ᠬᠠᠮᠠᠭᠠᠯᠠᠵᠤ ᠂ ᠦᠰᠦᠨ ᠪᠤᠶᠢᠵᠢᠬᠤ ᠳᠤ ᠬᠦᠴᠦᠨ ᠨᠡᠮᠡᠷᠢᠯᠡᠬᠦ ︾ ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠭᠤᠣᠯ ᠰᠡᠳᠦᠪᠲᠦ ᠲᠠᠶᠢᠯᠤᠮᠵᠢ ᠂ ︽ ᠲᠠᠨ ᠲᠠᠢ ᠬᠠᠮᠲᠤ ᠤᠩᠰᠢᠬᠤ ︾ ᠭᠤᠣᠯ ᠰᠡᠳᠦᠪᠲᠦ ᠠᠩᠬᠢ ᠶᠢᠨ ᠬᠤᠷᠠᠯ ᠂ ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠭᠠᠷ ᠪᠢᠴᠢᠮᠡᠯ ᠰᠣᠨᠢᠨ ᠵᠡᠷᠭᠡ ᠤᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠂ ᠪᠠᠭᠠᠴᠤᠳ ᠬᠡᠦᠬᠡᠳ ᠢ ᠬᠥᠲᠥᠯᠥᠨ ᠵᠢᠯᠣᠭᠤᠳᠴᠤ ᠪᠠᠶᠢᠭᠠᠳ ᠰᠡᠷᠭᠡᠶᠢᠯᠡᠬᠦ ᠤᠬᠠᠮᠰᠠᠷ ᠢ ᠨᠢ ᠴᠢᠩᠭᠠᠳᠬᠠᠵᠤ ᠂ ᠬᠤᠯᠠᠭᠠᠶᠢᠯᠠᠨ ᠬᠡᠪᠯᠡᠭᠰᠡᠨ ᠬᠡᠪᠯᠡᠭᠳᠡᠬᠦᠨ ᠢ ᠤᠬᠠᠮᠰᠠᠷ ᠠᠴᠠ ᠪᠠᠨ ᠬᠤᠷᠢᠭᠯᠠᠬᠤ ᠪᠣᠯᠭᠠᠵᠤ᠂ ᠬᠠᠤᠯᠢ ᠪᠤᠰᠤ ᠪᠣᠳᠠᠰ ᠠᠴᠠ ᠬᠤᠯᠠ ᠵᠠᠶᠢᠳᠠᠭᠤᠯᠪᠠ᠃ ᠡᠭᠦᠨ ᠤ ᠬᠠᠮᠲᠤ ᠂ ᠬᠠᠷᠢᠶ᠎ᠠ ᠣᠷᠣᠨ ᠤ ᠳᠤᠮᠳᠠᠳᠤ ᠪᠠᠭ᠎ᠠ ᠰᠤᠷᠭᠠᠭᠤᠯᠢ ᠂ ᠬᠡᠤᠬᠡᠳ ᠤᠨ ᠴᠡᠴᠡᠷᠯᠢᠭ ᠎ ᠲᠤ ︽ ᠴᠡᠪᠡᠷ ᠨᠣᠮ ᠤᠨ ᠱᠣᠰᠢᠭ᠎ᠠ ︾ ᠨᠣᠮ ᠬᠦᠷᠭᠡᠬᠦ ᠠᠵᠢᠯᠯᠠᠭ᠎ᠠ ᠥᠷᠨᠢᠭᠦᠯᠪᠡ ᠃    ᠨᠡᠶᠢᠭᠡᠮ ᠤᠨ ᠬᠢᠨᠠᠯᠲᠠ ᠲᠠᠯᠪᠢᠬᠤ ᠡᠷᠴᠢᠮ ᠢ ᠴᠢᠩᠭᠠᠷᠠᠭᠤᠯᠵᠤ ᠂ ᠲᠤᠰᠬᠠᠶ ᠲᠣᠭᠤᠷᠢᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ ᠂ ︽ ᠴᠠᠭ ᠲᠤᠬᠠᠶ ᠳᠤᠨᠢ ᠬᠢᠨᠠᠨ ᠡᠵᠡᠮᠳᠡᠬᠦ + ᠡᠳᠦᠷ ᠲᠤᠲᠤᠮ ᠤᠨ ᠲᠣᠭᠤᠷᠢᠨ ᠪᠠᠶᠢᠴᠠᠭᠠᠬᠤ ︾ ᠰᠡᠷᠭᠡᠶᠢᠯᠡᠨ ᠡᠵᠡᠮᠳᠡᠬᠦ ᠰᠢᠰᠲ᠋ᠧᠮ ᠢ ᠪᠠᠶᠢᠭᠤᠯᠪᠠ᠃ ᠲᠤᠤᠷᠵᠢᠭᠤᠯᠤᠭᠰᠠᠨ ᠬᠠᠮᠢᠶᠠᠷᠤᠯᠲᠠ ᠲᠠᠢ ᠤᠶᠠᠯᠳᠤᠭᠤᠯᠤᠨ ᠂ ᠬᠠᠷᠢᠶ᠎ᠠ ᠣᠷᠣᠨ ᠤ ᠡᠯ᠎ᠡ ᠬᠤᠷᠢᠶᠠᠯᠠᠯ ᠵᠡᠷᠭᠡ ᠭᠤᠤᠯᠳᠠᠯᠭ᠎ᠠ ᠲᠠᠢ ᠬᠡᠰᠡᠭ ᠲᠤ ᠭᠤᠷᠪᠠᠨ ᠵᠠᠭᠤ ᠭᠠᠷᠤᠶ ᠣᠨᠴᠠ ᠲᠣᠳᠣ ᠰᠡᠭᠦᠳᠡᠷᠯᠡᠬᠦ ᠮᠠᠰᠢᠨ ᠨᠡᠮᠡᠵᠦ ᠂ ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠬᠢᠨᠠᠯᠲᠠ ᠬᠠᠮᠢᠶᠠᠷᠤᠯᠲᠠ ᠶᠢ ᠥᠨᠴᠥᠭ ᠪᠤᠯᠤᠩ ᠨᠢᠭᠡᠪᠦᠷᠢ ᠳᠤ ᠬᠥᠷᠭᠡᠪᠡ᠃ ᠡᠭᠦᠨ ᠤ ᠬᠠᠮᠲᠤ ᠂ ᠰᠠᠷ᠎ᠠ ᠪᠦᠷᠢ ᠬᠠᠷᠢᠶ᠎ᠠ ᠣᠷᠣᠨ ᠤ ᠲᠣᠮᠢᠯᠠᠭᠰᠠᠨ ᠰᠠᠯᠪᠤᠷᠢ ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠠ ᠳᠤᠮᠳᠠᠳᠤ ᠪᠠᠭ᠎ᠠ ᠰᠤᠷᠭᠠᠭᠤᠯᠢ ᠵᠡᠷᠭᠡ ᠡᠯ᠎ᠡ ᠲᠠᠯ᠎ᠠ ᠶᠢᠨ ᠬᠦᠴᠦᠨ ᠲᠠᠢ ᠬᠤᠯᠪᠣᠭᠠᠯᠠᠨ ᠬᠠᠷᠢᠶ᠎ᠠ ᠣᠷᠣᠨ ᠤ ᠰᠦᠯᠵᠢᠶᠡᠨ ᠤ ᠪᠠᠭᠠᠷ ᠂ ᠪᠠᠭᠤᠳᠠᠯ ᠂ ᠨᠣᠮ ᠤᠨ ᠳᠡᠯᠭᠡᠭᠦᠷ ᠂ KTV ᠂ ᠲᠦᠷᠭᠡᠨ ᠬᠥᠷᠭᠡᠯᠲᠡ ᠶᠢᠨ ᠴᠡᠭ ᠵᠡᠷᠭᠡ ᠣᠯᠠᠨ ᠨᠡᠶᠢᠲᠡ ᠶᠢᠨ ᠰᠣᠶᠣᠯ ᠤᠨ ᠲᠠᠯᠠᠪᠤᠷ ᠲᠤ  ᠪᠠᠶᠢᠩᠭᠤᠵᠢᠭᠰᠠᠨ ᠲᠣᠭᠤᠷᠢᠨ ᠪᠠᠶᠢᠴᠠᠭᠠᠯᠲᠠ ᠬᠢᠬᠦ ᠶᠢᠨ ᠬᠠᠮᠲᠤ ᠨᠡᠶᠢᠭᠡᠮ ᠨᠡᠶᠢᠲᠡ ᠳᠤ ᠢᠯᠡᠴᠢᠯᠡᠨ ᠮᠡᠳᠡᠭᠦᠯᠬᠦ ᠤᠲᠠᠰᠤ ᠨᠡᠶᠢᠲᠡᠯᠡᠵᠦ ᠂ ᠰᠠᠭᠤᠭᠠᠯᠢ ᠠᠷᠠᠳ ᠢ ᠳᠠᠶᠢᠴᠢᠯᠠᠨ ᠡᠯ᠎ᠡ ᠵᠦᠢᠯ ᠤᠨ ᠡᠷᠡᠭᠦᠯ ᠪᠤᠰᠤ ᠰᠣᠶᠣᠯ ᠤᠨ ᠠᠵᠢᠯᠯᠠᠭ᠎ᠠ ᠶᠢ ᠢᠯᠡᠴᠢᠯᠡᠨ ᠮᠡᠳᠡᠭᠦᠯᠥᠭᠦᠯᠵᠡᠢ᠃    ᠰᠤᠷᠲᠠᠯ ᠴᠢᠬᠡᠴᠢ ᠣᠪᠣᠷ ᠲᠥᠪ ᠳᠠᠷᠪᠠᠭᠤᠯ ᠬᠡᠶᠢᠰᠬᠡᠨ ᠂ ᠳᠠᠪᠠᠯᠭᠠᠨ ᠢ ᠰᠥᠷᠥᠨ ᠰᠢᠨ᠎ᠡ ᠠᠶᠠᠨ ᠵᠠᠮ ᠳᠠᠭᠠᠨ ᠡᠷᠡᠯᠬᠡᠭᠯᠡᠨ ᠤᠷᠤᠭᠰᠢᠯᠠᠨ᠎ᠠ ᠃ ᠫᠢᠩᠵᠤᠸᠠᠩ ᠰᠢ ᠴᠧᠩ ᠵᠡᠭᠡᠯᠢ ᠭᠤᠳᠤᠮᠵᠢ ᠶᠢᠨ ᠬᠢᠨ ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ ᠂ ᠰᠣᠶᠣᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠲᠠᠰᠤᠷᠠᠯᠳᠠ ᠦᠭᠡᠢ ᠪᠠᠬᠢᠵᠢᠭᠦᠯᠵᠦ ᠂ ᠠᠵᠤ ᠠᠬᠤᠢ ᠨᠡᠶᠢᠭᠡᠮ ᠤᠨ ᠪᠦᠬᠦ ᠲᠠᠯ᠎ᠠ ᠶᠢᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ ᠥᠭᠭᠦᠨ᠎ᠡ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1