ᠸᠠᠩ ᠯᠢ ᠰᠢᠶᠠ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/6/13
    6 ᠰᠠᠷ᠎ᠠ ᠶᠢᠨ 12᠎ ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠸᠢᠳᠢᠤ᠋ ᠵᠣᠬᠢᠴᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠡᠯ᠎ᠡ ᠠᠶᠢᠮᠠᠭ ᠬᠤᠳᠠ ᠶᠢᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠰᠡᠷᠡᠮᠵᠢ ᠶᠢᠨ ᠹᠢᠯᠢᠮ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠰᠣᠨᠣᠰᠴᠤ᠂ ᠠᠶᠢᠮᠠᠭ ᠬᠤᠳᠠ ᠳᠠᠷᠠᠭᠠᠯᠠᠨ ᠦᠨᠡᠯᠡᠬᠦ ᠶᠢᠨ ᠬᠠᠮᠲᠤ ᠬᠠᠨᠳᠤᠯᠭᠠᠲᠤ ᠴᠢᠨᠠᠷᠲᠠᠢ ᠪᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠷᠢᠯᠠᠭᠤᠯᠪᠠ᠃    ᠬᠤᠷᠠᠯ ᠠᠴᠠ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠲᠤᠬᠠᠢ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ᠂ ᠴᠢᠬᠤᠯᠠ ᠤᠯᠤᠰ ᠲᠥᠷᠥ ᠶᠢᠨ ᠡᠭᠦᠷᠭᠡ ᠪᠤᠯᠭᠠᠵᠤ᠂ ᠨᠠᠷᠢᠨ ᠬᠢᠨᠠᠮᠠᠭᠠᠢ᠂ ᠯᠠᠪᠳᠠᠭᠤᠨ ᠪᠠᠲᠤᠲᠠᠢ ᠠᠬᠢᠭᠤᠯᠵᠤ᠂ ᠨᠠᠮ ᠤᠨ ᠲᠥᠪ ᠬᠤᠷᠢᠶ᠎ᠠ ᠳᠤ ᠬᠠᠷᠢᠭᠤᠯᠲᠠ ᠶᠢᠨ ᠬᠠᠭᠤᠳᠠᠰᠤ ᠪᠠᠨ ᠰᠠᠶᠢᠲᠤᠷ ᠲᠤᠰᠢᠶᠠᠵᠤ᠂ ᠲᠠᠩᠰᠠ ᠪᠠᠨ ᠰᠠᠶᠢᠲᠤᠷ ᠲᠤᠰᠢᠶᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠦᠨᠡᠨ ᠬᠦ ᠠᠳᠬᠤᠵᠤ ᠦᠨᠡᠨ ᠬᠦ ᠬᠠᠮᠢᠶᠠᠷᠴᠤ ᠦᠨᠡᠨ ᠬᠦ ᠴᠢᠬᠤᠯᠠᠴᠢᠯᠠᠵᠤ᠂ ᠴᠠᠭ ᠢᠮᠠᠭᠲᠠ ᠰᠡᠳᠬᠢᠯ ᠠᠯᠭᠠᠰᠠᠬᠤ ᠬᠠᠷᠢᠭᠤᠴᠠᠯᠭᠠᠲᠤ ᠰᠡᠳᠬᠢᠯᠭᠡ ᠪᠠᠷ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠪᠣᠳᠠᠲᠠᠢ ᠠᠳᠬᠤᠵᠤ ᠨᠠᠷᠢᠯᠢᠭ ᠠᠳᠬᠤᠵᠤ᠂ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠡᠵᠡᠮᠳᠡᠵᠦ᠂ ᠠᠰᠠᠭᠤᠳᠠᠯ ᠢ ᠪᠣᠳᠠᠲᠠᠢ ᠴᠡᠭᠴᠡᠯᠡᠨ ᠰᠠᠶᠢᠵᠢᠷᠠᠭᠤᠯᠬᠤ᠂ ᠲᠦᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠲᠦᠷᠭᠡᠯᠡᠵᠦ ᠳᠡᠶᠢᠯᠭᠦ ᠶᠢ ᠨᠢ ᠲᠦᠷᠭᠡᠨ ᠴᠡᠭᠴᠡᠯᠡᠨ ᠰᠠᠶᠢᠵᠢᠷᠠᠭᠤᠯᠬᠤ ᠶᠢ ᠪᠠᠷᠢᠮᠲᠠᠯᠠᠵᠤ᠂ ᠡᠯ᠎ᠡ ᠭᠠᠵᠠᠷ ᠤᠨ ᠨᠢᠭᠡᠳᠦᠭᠡᠷ ᠬᠠᠷᠢᠭᠤᠴᠠᠯᠭᠠᠲᠠᠨ ᠪᠡᠶ᠎ᠡ ᠪᠠᠷ ᠢᠶᠠᠨ ᠲᠣᠬᠢᠷᠠᠭᠤᠯᠤᠯᠲᠠ ᠶᠢ ᠠᠳᠬᠤᠵᠤ᠂ ᠠᠬᠢᠴᠠ ᠶᠢ ᠠᠩᠬᠠᠷᠴᠤ᠂ ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠠᠷᠢᠭᠤᠴᠠᠯᠭ᠎ᠠ ᠪᠠ ᠪᠣᠳᠠᠲᠠᠢ ᠴᠡᠭ ᠤᠨ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠦᠷᠭᠦᠯᠵᠢᠯᠡᠨ ᠳᠠᠭᠠᠵᠤ᠂ ᠵᠦᠢᠯ ᠳᠠᠷᠠᠭᠠᠯᠠᠨ ᠳ᠋ᠤᠭᠠᠷ ᠢ ᠬᠠᠰᠤᠬᠤ ᠬᠡᠷᠡᠭᠲᠡᠢ᠃ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠶᠢ ᠴᠢᠬᠤᠯᠠᠴᠢᠯᠠᠵᠤ᠂ ᠬᠠᠲᠤᠨ ᠭᠤᠣᠯ ᠤᠨ ᠰᠠᠪᠠ ᠭᠠᠵᠠᠷ᠂ ᠦᠬᠠᠢ ᠵᠢᠴᠢ ᠡᠷᠭᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢ ᠠᠩᠬᠠᠷᠴᠤ ᠴᠡᠭᠴᠡᠯᠡᠨ ᠰᠠᠶᠢᠵᠢᠷᠠᠭᠤᠯᠬᠤ ᠠᠵᠢᠯ ᠤᠨ ︽ᠡᠷᠭᠢᠨ ᠬᠠᠷᠠᠬᠤ︾ ᠠᠵᠢᠯ ᠢ ᠰᠠᠨᠠᠭᠠᠴᠢᠯᠠᠭ᠎ᠠ ᠠᠴᠠ ᠪᠠᠨ ᠥᠷᠨᠢᠭᠦᠯᠵᠦ᠂ ᠠᠰᠠᠭᠤᠳᠠᠯ ᠳᠠᠭᠢᠨ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠮᠦᠨ᠎ᠡ ᠹᠷᠣᠨᠲ ᠲᠤ ᠭᠦᠨᠵᠡᠭᠡᠶᠢᠷᠡᠨ ᠡᠯ᠎ᠡ ᠭᠠᠵᠠᠷ ᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠲᠦᠪᠡᠭᠲᠡᠢ ᠠᠰᠠᠭᠤᠳᠠᠯ ᠢ ᠰᠢᠢᠳᠪᠦᠷᠢᠯᠡᠵᠦ᠂ ᠱᠠᠯᠠᠪᠳᠠᠭᠤᠯᠤᠨ ᠬᠠᠪᠰᠤᠷᠬᠤ ᠶᠢ ᠤᠶᠠᠯᠳᠤᠭᠤᠯᠵᠤ᠂ ᠬᠠᠮᠲᠤᠷᠠᠯ ᠬᠦᠴᠦᠨ ᠢ ᠪᠦᠷᠢᠯᠳᠦᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠵᠢᠯᠣᠭᠤᠳᠤᠮᠵᠢ ᠪᠤᠯᠭᠠᠵᠤ ᠪᠠᠶᠢᠭᠠᠳ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠮᠧᠩ ᠰᠢᠶᠠᠨ ᠳ᠋ᠦᠩ᠂ ᠶᠣᠣ ᠶᠦᠩ ᠪᠦᠸᠧ ᠣᠷᠣᠯᠴᠠᠵᠠᠢ᠃ 
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1