ᠶᠤᠸᠠᠨ ᠪᠤᠤ ᠱᠠᠨ ᠲᠣᠭᠤᠷᠢᠭ ᠤᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠲᠠᠪᠤᠨ ᠠᠷᠭ᠎ᠠ ᠬᠡᠮᠵᠢᠶ᠎ᠡ ᠠᠪᠴᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠲᠠᠲᠠᠶᠢᠵᠢᠬᠤ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/6/14
    ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠶᠤᠸᠠᠨ ᠪᠦᠦ ᠱᠠᠨ ᠲᠣᠭᠤᠷᠢᠭ ᠤᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠲᠡᠭᠦᠨ ᠢ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠨᠢᠭᠡᠳᠦᠯᠲᠡᠶ ᠲᠥᠯᠥᠪᠯᠡᠨ ᠰᠦᠪᠡᠭᠴᠢᠯᠡᠬᠦ ᠶᠢ ᠴᠢᠩᠭᠠᠳᠬᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠤᠷᠤᠯᠴᠠᠬᠤ ᠬᠡᠯᠪᠡᠷᠢ ᠶᠢ ᠪᠠᠶᠠᠯᠢᠭᠵᠢᠭᠤᠯᠤᠨ᠂ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ᠂ ᠡᠳᠦᠷ ᠲᠤᠲᠤᠮ ᠤᠨ ᠠᠮᠢᠳᠤᠷᠠᠯ ᠳᠤᠮᠳᠠ ᠠᠭᠤᠰᠬᠠᠬᠤ ᠪᠠ ᠰᠤᠷᠴᠤ ᠬᠡᠷᠡᠭᠯᠡᠬᠦ ᠶᠢ ᠤᠶᠠᠯᠳᠤᠭᠤᠯᠬᠤ ᠶᠢ ᠴᠢᠬᠤᠯᠠᠴᠢᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠢᠯᠡᠷᠡᠭᠦᠯᠬᠦ ᠪᠠᠷ ᠴᠢᠷᠮᠠᠶᠢᠪᠠ᠃
1_副本.jpg
        ᠨᠢᠭᠡ ᠳᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ︽ᠨᠢᠭᠡᠳᠦᠭᠡᠷ ᠬᠢᠴᠢᠶᠡᠯ︾᠎ ᠢ ᠰᠠᠶᠢᠲᠤᠷ ᠣᠷᠣᠪᠠ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠬᠢ ᠵᠢᠴᠢ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶᠎ ᠤᠨ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠵᠤ᠂ ᠤᠳᠤᠷᠢᠳᠬᠤ ᠺᠠᠳ᠋ᠷ ᠳᠠᠭᠠᠭᠤᠯᠤᠨ ᠰᠤᠷᠤᠯᠴᠠᠬᠤ᠂ ᠲᠥᠪᠯᠡᠷᠡᠭᠦᠯᠦᠨ ᠰᠤᠷᠤᠯᠴᠠᠬᠤ᠂ ᠬᠤᠪᠢ ᠬᠥᠮᠦᠨ ᠲᠥᠪᠯᠡᠷᠡᠭᠦᠯᠦᠨ ᠥᠪᠡᠷ ᠢᠶᠠᠨ ᠰᠤᠷᠤᠯᠴᠠᠬᠤ ᠵᠡᠷᠭᠡ ᠠᠷᠭ᠎ᠠ ᠬᠡᠯᠪᠡᠷᠢ ᠪᠠᠷ ᠲᠥᠪ ᠤᠨ ᠠᠯᠪᠠᠨ ᠲᠢᠩᠬᠢᠮ ᠤᠨ ︽ᠪᠦᠬᠦ ᠨᠠᠮ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠮᠡᠳᠡᠭᠳᠡᠯ︾ ᠪᠣᠯᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ᠂ ᠲᠤᠭᠤᠷᠢᠭ ᠤᠨ ᠨᠠᠮ ᠤᠨ ᠬᠤᠷᠢᠶᠠᠨ ᠤ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠶ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠲᠣᠰ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠲᠦᠷᠦᠭᠦᠯᠡᠨ ᠳᠠᠭᠠᠭᠤᠯᠤᠨ ᠰᠤᠷᠤᠯᠴᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠲᠦᠷᠢᠮ︾᠎ ᠢ ᠪᠦᠯᠦᠭ ᠵᠣᠷᠪᠤᠰ ᠳᠠᠷᠠᠭᠠᠯᠠᠨ ᠲᠡᠷᠡ ᠬᠡᠪ ᠢᠶᠠᠷ ᠨᠢ ᠰᠤᠷᠤᠯᠴᠠᠭᠰᠠᠨ ᠪᠥᠭᠡᠳ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠲᠦᠷᠢᠮ︾᠎ ᠳᠤ ᠵᠠᠰᠠᠪᠤᠷᠢ ᠣᠷᠣᠭᠤᠯᠬᠤ ᠵᠠᠷᠴᠢᠮ ᠤᠨ ᠣᠶᠢᠯᠠᠭᠠᠭᠳᠠᠬᠤᠨ᠂ ᠴᠢᠬᠤᠯᠠ ᠠᠴᠢ ᠬᠤᠯᠪᠣᠭᠳᠠᠯ ᠢ ᠭᠥᠨᠵᠡᠭᠡᠢ ᠲᠠᠨᠢᠬᠤ ᠵᠡᠷᠭᠡ ᠲᠠᠯ᠎ᠠ ᠶᠢ ᠭᠤᠤᠯᠳᠠᠯᠭ᠎ᠠ ᠪᠣᠯᠭᠠᠨ ᠬᠠᠮᠲᠤ ᠶᠢᠨ ᠰᠤᠷᠤᠯᠴᠠᠯᠭ᠎ᠠ ᠥᠷᠨᠢᠭᠦᠯᠪᠡ︔ ᠤᠳᠤᠷᠢᠳᠬᠤ ᠪᠠᠭ ᠤᠨ ᠪᠦᠷᠢᠯᠳᠦᠬᠦᠨ ︽ᠲᠦᠷᠢᠮ︾᠎ ᠤᠨ ᠲᠣᠭᠤᠷᠢᠨ ᠳᠤ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠰᠬᠠᠶ ᠰᠡᠳᠦᠪ ᠢᠶᠠᠷ ᠰᠤᠳᠤᠯᠤᠨ ᠶᠠᠷᠢᠯᠴᠠᠪᠠ᠃    ᠬᠤᠶᠠᠷ ᠲᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠤᠨ ᠬᠥᠳᠡᠯᠭᠡᠭᠡᠨ ᠥᠷᠨᠢᠭᠦᠯᠪᠡ᠃ ᠲᠣᠰ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ︽ᠲᠦᠷᠢᠮ︾᠎ ᠳᠤ ᠵᠠᠰᠠᠪᠤᠷᠢ ᠣᠷᠣᠭᠤᠯᠤᠭᠰᠠᠨ ᠥᠩᠭᠡᠷᠡᠯᠲᠡ᠂ ᠵᠠᠰᠠᠪᠤᠷᠢ ᠣᠷᠣᠭᠤᠯᠤᠭᠰᠠᠨ ᠠᠴᠢ ᠬᠤᠯᠪᠣᠭᠳᠠᠯ ᠵᠢᠴᠢ ᠣᠨᠴᠠᠯᠢᠭ᠂ ᠭᠤᠤᠯ ᠪᠣᠯᠬᠤ ᠵᠦᠢᠯ ᠵᠤᠷᠪᠤᠰ ᠤᠨ ᠲᠠᠶᠢᠯᠤᠮᠵᠢ ᠵᠡᠷᠭᠡ ᠲᠠᠯ᠎ᠠ ᠪᠠᠷ ᠪᠥᠬᠦ ᠨᠠᠮ ᠤᠨ ᠭᠡᠰᠢᠭᠦᠨ ᠺᠠᠳ᠋ᠷᠴᠤᠳ ᠲᠤ ᠠᠮᠢᠳᠤᠯᠢᠭ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠪᠠ᠃ ᠲᠡᠷᠡ᠂ ᠪᠦᠬᠦ ᠨᠠᠮ ᠤᠨ ᠭᠡᠰᠢᠭᠦᠳ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ ᠴᠢᠩᠳᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠣᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ ᠶᠢ ᠦᠨᠡᠨ ᠬᠦ ᠪᠡᠶᠡᠯᠡᠭᠦᠯᠵᠦ᠂ ᠨᠠᠮ ᠤᠨ ᠰᠠᠬᠢᠯᠭ᠎ᠠ ᠪᠠᠲᠤ ᠶᠣᠰᠣ ᠲᠦᠷᠢᠮ ᠶᠠᠭᠤ ᠪᠣᠯᠬᠤ ᠶᠢ ᠲᠣᠲᠤᠷᠬᠠᠢ ᠥᠢᠯᠠᠭᠠᠵᠤ᠂ ᠶᠠᠭᠤ ᠬᠢᠵᠦ ᠪᠣᠯᠬᠤ᠂ ᠶᠠᠭᠤ ᠬᠢᠵᠦ ᠪᠣᠯᠬᠤ ᠦᠭᠡᠢ ᠶᠢ ᠲᠣᠳᠣᠷᠬᠠᠢ ᠣᠶᠢᠯᠠᠭᠠᠵᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠰᠡᠳᠬᠢᠯ ᠳᠡᠭᠡᠨ ᠬᠠᠳᠠᠩᠰᠢᠭᠤᠯᠵᠤ᠂ ᠡᠳᠦᠷ ᠲᠤᠳᠤᠮ ᠤᠨ ᠠᠮᠢᠳᠤᠷᠠᠯ ᠳᠤᠮᠳᠠ ᠪᠠᠨ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠢᠶᠠᠨ ᠠᠶᠠᠨᠳᠠᠭᠠᠨ ᠵᠢᠷᠤᠮᠯᠠᠬᠤ ᠪᠠᠷᠢᠮᠵᠢᠶ᠎ᠠ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠭᠤᠷᠪᠠ ᠳᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠣᠯᠤᠯᠲᠠ ᠲᠦᠷᠦᠭᠳᠡᠯ ᠢᠶᠠᠨ ᠰᠣᠯᠢᠯᠴᠠᠬᠤ ᠬᠤᠷᠠᠯ ᠬᠤᠷᠠᠯᠳᠤᠭᠤᠯᠪᠠ᠃ ᠲᠣᠰ ᠲᠣᠪᠴᠢᠶᠠᠨ ᠤ ᠨᠠᠮ ᠤᠨ ᠭᠡᠰᠢᠭᠦᠨ ᠺᠠᠳ᠋ᠷᠴᠤᠳ ᠰᠤᠷᠤᠯᠴᠠᠨ ᠰᠡᠳᠬᠢᠨ ᠪᠣᠳᠤᠯᠬᠢᠯᠠᠭᠰᠠᠨ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠢᠭᠡ ᠨᠢᠭᠡ ᠪᠠᠷ ᠰᠤᠳᠤᠯᠤᠨ ᠶᠠᠷᠢᠯᠴᠠᠨ ᠦᠭᠡ ᠶᠠᠷᠢᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠲᠦᠷᠢᠮ︾᠎ ᠢ ᠰᠤᠷᠤᠯᠴᠠᠭᠰᠠᠨ ᠣᠯᠤᠯᠲᠠ ᠲᠥᠷᠥᠭᠳᠡᠯ ᠢᠶᠠᠨ ᠬᠤᠪᠢᠶᠠᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠡᠳᠬᠢᠴᠡ ᠪᠠ ᠲᠥᠯᠥᠪᠯᠡᠭᠡ ᠪᠠᠨ ᠰᠣᠯᠢᠯᠴᠠᠪᠠ᠃ ᠨᠠᠮ ᠤᠨ ᠭᠡᠰᠢᠭᠦᠨ ᠺᠠᠳ᠋ᠷᠴᠤᠳ᠂ ᠡᠨᠡ ᠤᠳᠠᠭᠠᠨ ᠤ ᠰᠣᠯᠢᠯᠴᠠᠭᠠᠨ ᠤ ᠬᠤᠷᠠᠯ ᠨᠢ ᠦᠵᠡᠯ ᠰᠠᠨᠠᠭ᠎ᠠ ᠪᠠᠨ ᠨᠢᠭᠡᠳᠬᠡᠬᠦ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ︽ᠰᠤᠷᠤᠯᠴᠠᠯᠭ᠎ᠠ ᠶᠢᠨ ᠬᠤᠷᠠᠯ︾ ᠪᠣᠯᠬᠤ ᠪᠠᠷ ᠪᠠᠷᠠᠬᠤ ᠦᠭᠡᠢ᠂ ᠪᠠᠰᠠ ᠴᠤ ᠬᠠᠷᠢᠯᠴᠠᠨ ᠰᠤᠷᠤᠯᠴᠠᠵᠤ ᠬᠠᠷᠢᠯᠴᠠᠨ ᠲᠤᠯᠢ ᠪᠣᠯᠭᠠᠬᠤ᠂ ᠬᠠᠮᠲᠤ ᠪᠠᠷ ᠳᠡᠭᠡᠭᠰᠢᠯᠡᠬᠦ ︽ᠰᠣᠯᠢᠯᠴᠠᠭᠠᠨ ᠤ ᠬᠤᠷᠠᠯ︾ ᠪᠣᠯᠤᠨ᠎ᠠ᠂ ᠨᠡᠩ ᠴᠤ ᠢᠯᠵᠢᠷᠡᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ᠂ ᠲᠥᠪ ᠭᠤᠣᠯᠴᠢ ᠠᠷᠢᠭᠤᠨ ᠴᠢᠬᠡᠴᠢ ᠪᠠᠶᠢᠬᠤ ᠶᠢ ᠪᠠᠲᠤᠯᠠᠬᠤ ︽ᠰᠡᠷᠡᠮᠵᠢᠯᠡᠭᠦᠯᠬᠦ ᠬᠤᠷᠠᠯ︾ ᠪᠣᠯᠤᠨ᠎ᠠ ᠭᠡᠵᠦ ᠢᠯᠡᠳᠬᠡᠵᠡᠭᠡᠪᠡ᠃    ᠲᠦᠷᠪᠡ ᠳᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠬᠤᠷᠠᠯ ᠳᠡᠭᠡᠷ᠎ᠡ᠂ ᠪᠦᠬᠦ ᠨᠠᠮ ᠤᠨ ᠭᠡᠰᠢᠭᠦᠨ ᠺᠠᠳ᠋ᠷᠴᠤᠳ ᠲᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠡᠮᠬᠢᠳᠬᠡᠯ᠂ ᠡᠮᠴᠢᠯᠡᠭᠡᠨ ᠤ ᠬᠦᠷᠢᠶᠡᠨ ᠤ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠤᠨ ᠨᠡᠶᠢᠲᠡᠯᠢᠭ ᠬᠡᠷᠡᠭ ᠤᠨ ᠵᠢᠱᠢᠶ᠎ᠡ ᠵᠢᠴᠢ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠮᠡᠬᠡᠯᠡᠨ ᠠᠪᠤᠭᠰᠠᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠲᠤᠬᠠᠶ ᠵᠠᠷᠯᠠᠨ ᠮᠡᠳᠡᠭᠳᠡᠵᠦ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠲᠥᠪᠯᠡᠷᠡᠭᠦᠯᠦᠨ ᠦᠵᠡᠵᠦ᠂ ᠨᠡᠶᠢᠲᠡᠯᠢᠭ ᠬᠡᠷᠡᠭ ᠤᠨ ᠵᠢᠱᠢᠶ᠎ᠡ ᠪᠠᠷ ᠳᠠᠮᠵᠢᠭᠤᠯᠤᠨ᠂ ᠬᠡᠷᠡᠭ ᠤᠨ ᠵᠢᠱᠢᠶ᠎ᠡ ᠪᠠᠷ ᠬᠠᠤᠯᠢ ᠶᠠᠷᠢᠵᠤ᠂ ᠨᠠᠮ ᠤᠨ ᠭᠡᠰᠢᠭᠦᠨ ᠺᠠᠳ᠋ᠷᠴᠤᠳ ᠢ ᠬᠡᠷᠡᠭ ᠤᠨ ᠵᠢᠱᠢᠶ᠎ᠡ ᠪᠠᠷ ᠲᠣᠯᠢ ᠪᠣᠯᠭᠠᠵᠤ᠂ ᠪᠠᠭ᠎ᠠ ᠳᠡᠭᠡᠷ᠎ᠡ ᠨᠢ ᠰᠡᠷᠭᠡᠶᠢᠯᠡᠬᠦ ᠶᠢ ᠬᠥᠮᠦᠵᠢᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠲᠥᠷᠥ ᠶᠢᠨ ᠶᠣᠰᠣ ᠲᠦᠷᠢᠮ ᠢ ᠴᠢᠩᠭ᠎ᠠ ᠰᠠᠬᠢᠵᠤ ᠂ ᠨᠠᠮ ᠤᠨ ᠰᠠᠬᠢᠯᠭ᠎ᠠ ᠤᠯᠤᠰ ᠤᠨ ᠬᠠᠤᠯᠢ ᠶᠢ ᠰᠠᠬᠢᠵᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠤᠬᠠᠮᠰᠠᠷ ᠢᠶᠠᠨ ᠴᠢᠩᠭᠠᠳᠬᠠᠵᠤ᠂ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ᠃    ᠲᠠᠪᠤ ᠳᠤ᠂ ︽ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠳᠤ ᠬᠠᠮᠲᠤ ᠪᠠᠷ ᠣᠷᠤᠯᠴᠠᠵᠤ ᠣᠯᠠᠨ ᠲᠦᠮᠡᠨ ᠤ ︿ᠠᠮᠢ ᠠᠪᠤᠷᠠᠬᠤ ᠮᠥᠩᠭᠦ﹀᠎ ᠶᠢ ᠰᠠᠶᠢᠲᠤᠷ ᠰᠠᠬᠢᠨ ᠬᠠᠮᠠᠭᠠᠯᠠᠶ᠎ᠠ︾ ᠭᠡᠬᠦ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠲᠥᠪᠯᠡᠷᠡᠭᠦᠯᠦᠨ ᠤᠬᠠᠭᠤᠯᠬᠤ ᠰᠠᠷ᠎ᠠ ᠶᠢᠨ ᠬᠥᠳᠡᠯᠭᠡᠭᠡᠨ ᠢ ᠥᠷᠨᠢᠭᠦᠯᠪᠡ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠤᠯᠠᠮ ᠨᠢᠭᠡ ᠠᠯᠬᠤᠮ ᠲᠥᠯᠬᠢᠨ ᠠᠬᠢᠭᠤᠯᠵᠤ᠂ ︽ᠬᠤᠶᠠᠷ ᠲᠣᠭᠲᠠᠭᠰᠠᠨ︾ ᠡᠮ ᠡᠮᠨᠡᠯᠭᠡ ᠶᠢᠨ ᠪᠠᠶᠢᠭᠤᠯᠤᠮᠵᠢ ᠪᠠ ᠳᠠᠭᠠᠳᠬᠠᠯ ᠳᠤ ᠣᠷᠣᠯᠴᠠᠭᠰᠠᠳ ᠤᠨ ᠬᠠᠤᠯᠢ ᠪᠠᠷ ᠵᠠᠰᠠᠬᠤ ᠤᠬᠠᠮᠰᠠᠷ ᠢ ᠴᠢᠩᠭᠠᠳᠬᠠᠵᠤ᠂ ᠳᠠᠭᠠᠳᠬᠠᠯ ᠢ ᠮᠡᠬᠡᠯᠡᠬᠦ ᠠᠵᠢᠯᠯᠠᠭ᠎ᠠ ᠳᠤ ᠴᠣᠬᠢᠯᠲᠠ ᠥᠭᠬᠦ ᠥᠨᠳᠥᠷ ᠳᠠᠷᠤᠯᠲᠠᠲᠤ ᠪᠠᠶᠢᠳᠠᠯ ᠢ ᠦᠷᠭᠦᠯᠵᠢᠯᠡᠨ ᠪᠠᠲᠤᠯᠠᠵᠤ᠂ ᠪᠥᠬᠦ ᠨᠡᠶᠢᠭᠡᠮ ᠢᠶᠠᠷ ᠢᠶᠠᠨ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠢ ᠠᠩᠬᠠᠷᠬᠤ ᠶᠢᠨ ᠬᠠᠮᠲᠤ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ︽ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠳᠤ ᠬᠠᠮᠲᠤ ᠪᠠᠷ ᠣᠷᠤᠯᠴᠠᠵᠤ ᠣᠯᠠᠨ ᠲᠦᠮᠡᠨ ᠤ ︿ᠠᠮᠢ ᠠᠪᠤᠷᠠᠬᠤ ᠮᠥᠩᠭᠦ﹀᠎ ᠶᠢ ᠰᠠᠶᠢᠲᠤᠷ ᠰᠠᠬᠢᠨ ᠬᠠᠮᠠᠭᠠᠯᠠᠶ᠎ᠠ︾ ᠭᠡᠬᠦ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠲᠥᠪᠯᠡᠷᠡᠭᠦᠯᠦᠨ ᠤᠬᠠᠭᠤᠯᠬᠤ ᠰᠠᠷ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠬᠥᠳᠡᠯᠭᠡᠭᠡᠨ ᠤ ᠲᠤᠬᠠᠶ ᠶᠢᠨ ᠲᠠᠯᠠᠪᠠᠶ ᠳᠤ᠂ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶᠠᠨ ᠤ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠪᠦᠬᠦᠢ ᠠᠵᠢᠯᠲᠠᠳ ᠡᠮᠨᠡᠯᠭᠡ ᠶᠢᠨ ᠬᠤᠷᠢᠶ᠎ᠠ᠂ ᠡᠮ ᠤᠨ ᠳᠡᠯᠭᠡᠭᠦᠷ᠂ ᠨᠡᠶᠢᠭᠡᠮ ᠲᠣᠭᠤᠷᠢᠭ ᠲᠤ ᠬᠦᠷᠴᠦ᠂ ᠣᠯᠠᠨ ᠲᠦᠮᠡᠨ ᠤ ᠠᠩᠬᠠᠷᠴᠤ ᠪᠠᠶᠢᠭ᠎ᠠ ᠡᠮᠴᠢᠯᠡᠭᠡᠨ ᠤ ᠳᠠᠭᠠᠳᠬᠠᠯ ᠤᠨ ᠬᠠᠤᠯᠢ ᠴᠠᠭᠠᠵᠠ ᠬᠠᠤᠯᠢ ᠲᠣᠭᠲᠠᠭᠠᠯ᠂ ᠭᠠᠷᠲᠠᠨ ᠭᠦᠢᠴᠡᠳᠭᠡᠬᠦ ᠶᠠᠪᠤᠴᠠ᠂ ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠵᠡᠷᠭᠡ ᠡᠮᠴᠢᠯᠡᠭᠡ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠲᠤᠬᠠᠶ ᠶᠢᠨ ᠲᠠᠯᠠᠪᠠᠶ ᠳᠤ ᠲᠠᠶᠢᠯᠪᠤᠷᠢᠯᠠᠨ ᠶᠠᠷᠢᠵᠤ᠂ ᠣᠯᠠᠨ ᠲᠦᠮᠡᠨ ᠢ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠳᠤ ᠨᠠᠩ ᠢᠯᠡᠭᠦᠥ ᠣᠶᠢᠯᠠᠭᠠᠯᠲᠠ ᠲᠠᠢ ᠪᠣᠯᠭᠠᠵᠤ᠂ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠪᠠ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠳᠤ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠮᠡᠬᠡᠯᠡᠨ ᠠᠪᠤᠭᠰᠠᠨ ᠨᠡᠶᠢᠲᠡᠯᠢᠭ ᠬᠡᠷᠡᠭ ᠤᠨ ᠵᠢᠱᠢᠶ᠎ᠡ᠂ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠮᠡᠬᠡᠯᠡᠨ ᠠᠪᠤᠭᠰᠠᠨ ᠬᠡᠷᠡᠭ ᠤᠨ ᠡᠷᠡᠭᠦᠦ ᠰᠢᠢᠳᠭᠡᠯ ᠢ ᠵᠣᠯᠭᠠᠭᠠᠤᠯᠬᠤ ᠲᠣᠬᠢᠷᠠᠮᠵᠢᠲᠠᠢ ᠪᠠᠶᠢᠳᠠᠯ ᠢ ᠨᠠᠩ ᠭᠦᠨᠵᠡᠭᠡᠶ ᠣᠶᠢᠯᠠᠭᠠᠭᠤᠯᠪᠠ᠃ ᠲᠣᠰ ᠤᠳᠠᠭᠠᠨ ᠤ ᠬᠥᠳᠡᠯᠭᠡᠭᠡᠨ ᠢ ᠥᠷᠨᠢᠭᠦᠯᠦᠭᠰᠡᠨ ᠨᠢ ︽ᠨᠢᠭᠡ ᠨᠠᠮ ᠤᠨ ᠭᠡᠰᠢᠭᠦᠨ ᠪᠣᠯ ᠳᠠᠷᠤᠶ ᠨᠢᠭᠡ ᠲᠤᠭ︾ ᠮᠥᠨ ᠭᠡᠳᠡᠭ ᠢ ᠬᠥᠮᠦᠰ ᠤᠨ ᠰᠡᠳᠬᠢᠯ ᠳᠤ ᠬᠠᠳᠠᠩᠰᠢᠭᠤᠯᠤᠭᠰᠠᠨ ᠪᠥᠭᠡᠳ ᠨᠠᠮ ᠤᠨ ᠪᠠᠶᠢᠭᠤᠯᠤᠯᠲᠠ ᠪᠣᠯᠤᠨ ᠲᠤᠬᠠᠶᠢᠯᠠᠭᠰᠠᠨ ᠠᠵᠢᠯ ᠤᠨ ᠣᠷᠭᠠᠨᠢᠭ ᠠᠭᠤᠰᠤᠯᠴᠠᠯ ᠢ ᠪᠦᠲᠦᠮᠵᠢᠲᠡᠢ ᠠᠬᠢᠭᠤᠯᠵᠤ᠂ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠢ ᠬᠠᠮᠲᠤ ᠪᠠᠷ ᠰᠠᠬᠢᠨ ᠬᠠᠮᠠᠭᠠᠯᠠᠬᠤ ᠳᠤ ᠨᠠᠮ ᠤᠨ ᠭᠡᠰᠢᠭᠦᠨ ᠤ ᠬᠦᠴᠦᠨ ᠢ ᠲᠥᠪᠯᠡᠷᠡᠭᠦᠯᠵᠡᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1