ᠶᠤᠸᠠᠨ ᠪᠦᠦ ᠱᠠᠨ ᠲᠣᠭᠤᠷᠢᠭ ᠨᠠᠰᠤᠲᠠᠶᠢᠴᠤᠳ ᠤᠨ ᠪᠡᠶ᠎ᠡ ᠲᠠᠮᠢᠷ ᠤᠨ ᠨᠡᠶᠢᠭᠡᠮᠯᠢᠭ ᠪᠠᠶᠢᠭᠤᠯᠤᠭᠳᠠᠭᠰᠠᠨ 40 ᠵᠢᠯ ᠤᠨ ᠣᠢ ᠶᠢ ᠳᠤᠷᠠᠰᠬᠠᠬᠤ ᠬᠥᠬᠢᠭᠦᠯᠦᠨ ᠰᠠᠶᠢᠰᠢᠶᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/17
   
1_副本.jpg
       6 ᠰᠠᠷ᠎ᠠ ᠶᠢᠨ 13᠎ ᠤ ᠡᠳᠦᠷ᠂ ᠶᠤᠸᠠᠨ ᠪᠤᠤ ᠱᠠᠨ ᠲᠣᠭᠤᠷᠢᠭ ᠨᠠᠰᠤᠲᠠᠶᠢᠴᠤᠳ ᠤᠨ ᠪᠡᠶ᠎ᠡ ᠲᠠᠮᠢᠷ ᠤᠨ ᠨᠡᠶᠢᠭᠡᠮᠯᠢᠭ ᠪᠠᠶᠢᠭᠤᠯᠤᠭᠳᠠᠭᠰᠠᠨ 40 ᠵᠢᠯ ᠤᠨ ᠣᠢ ᠶᠢ ᠳᠤᠷᠠᠰᠬᠠᠬᠤ ᠬᠥᠬᠢᠭᠦᠯᠦᠨ ᠰᠠᠶᠢᠰᠢᠶᠠᠬᠤ ᠬᠤᠷᠠᠯ ᠬᠤᠷᠠᠯᠳᠤᠭᠤᠯᠪᠠ᠃ ᠬᠤᠲᠠ ᠶᠢᠨ ᠨᠠᠰᠤᠲᠠᠶᠢᠴᠤᠳ ᠤᠨ ᠪᠡᠶ᠎ᠡ ᠲᠠᠮᠢᠷ ᠤᠨ ᠨᠡᠶᠢᠭᠡᠮᠯᠢᠭ ᠤᠨ ᠪᠠᠶᠢᠩᠭᠤ ᠶᠢᠨ ᠳᠡᠳ᠋ ᠲᠡᠷᠢᠭᠦᠯᠡᠭᠴᠢ ᠯᠢᠦ ᠭᠥᠸᠧ ᠾᠦᠢ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠦ ᠬᠤᠩ ᠲᠦ᠋᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠤᠸᠠᠨ ᠶᠦᠨ ᠾᠧ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠢᠦᠶ ᠵᠢᠩ ᠴᠦᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠫᠧᠩ ᠰᠢᠶᠣᠤ ᠵᠢᠤᠸᠠᠨ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠹᠧᠩ ᠬᠤᠸᠠ ᠬᠤᠷᠠᠯ ᠳᠤ ᠣᠷᠣᠯᠴᠠᠪᠠ᠃ ᠲᠣᠭᠤᠷᠢᠭ ᠤᠨ ᠨᠠᠰᠤᠲᠠᠶᠢᠴᠤᠳ ᠤᠨ ᠪᠡᠶ᠎ᠡ ᠲᠠᠮᠢᠷ ᠤᠨ ᠨᠡᠶᠢᠭᠡᠮᠯᠢᠭ᠂ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠲᠠᠮᠢᠷ ᠤᠨ ᠲᠣᠪᠴᠢᠶ᠎ᠠ᠂ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶᠠᠨ ᠤ ᠬᠠᠷᠢᠭᠤᠴᠠᠯᠭᠠᠲᠠᠨ ᠵᠢᠴᠢ ᠡᠯ᠎ᠡ ᠪᠠᠯᠭᠠᠰᠤ ᠰᠢᠶᠠᠩ ᠵᠡᠭᠡᠯᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃    ᠬᠤᠷᠠᠯ ᠳᠡᠭᠡᠷ᠎ᠡ᠂ ᠲᠤᠭᠤᠷᠢᠭ ᠤᠨ ᠨᠠᠰᠤᠲᠠᠶᠢᠴᠤᠳ ᠤᠨ ᠪᠡᠶ᠎ᠡ ᠲᠠᠮᠢᠷ ᠤᠨ ᠨᠡᠶᠢᠭᠡᠮᠯᠢᠭ ᠤᠨ ᠬᠠᠷᠢᠭᠤᠴᠠᠯᠭᠠᠲᠠᠨ ᠮᠠᠨ ᠤ ᠲᠤᠭᠤᠷᠢᠭ ᠤᠨ ᠨᠠᠰᠤᠲᠠᠶᠢᠴᠤᠳ ᠤᠨ ᠪᠡᠶ᠎ᠡ ᠲᠠᠮᠢᠷ ᠰᠣᠶᠣᠯ ᠤᠨ ᠦᠢᠯᠡᠰ ᠤᠨ ᠬᠥᠭᠵᠢᠯᠲᠡ ᠶᠢᠨ ᠪᠠᠶᠢᠳᠠᠯ ᠢ ᠳ᠋ᠦᠩᠨᠡᠨ ᠡᠷᠭᠢᠴᠡᠭᠦᠯᠦᠭᠰᠡᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠯᠢᠦ ᠭᠥᠸᠧ ᠾᠦᠢ ᠬᠤᠲᠠ ᠶᠢᠨ ᠨᠠᠰᠤᠲᠠᠶᠢᠴᠤᠳ ᠤᠨ ᠪᠡᠶ᠎ᠡ ᠲᠠᠮᠢᠷ ᠤᠨ ᠨᠡᠶᠢᠭᠡᠮᠯᠢᠭ ᠢ ᠲᠥᠯᠥᠭᠡᠯᠡᠨ ᠪᠠᠶᠠᠷ ᠤᠨ ᠦᠭᠡ ᠬᠡᠯᠡᠵᠦ᠂ ᠫᠧᠩ ᠰᠢᠶᠤᠤ ᠵᠢᠤᠸᠠᠨ ᠵᠢᠴᠢ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠲᠠᠮᠢᠷ ᠤᠨ ᠲᠣᠪᠴᠢᠶᠠᠨ ᠤ ᠬᠠᠷᠢᠭᠤᠴᠠᠯᠭᠠᠲᠠᠨ ᠨᠦᠬᠦᠷ ᠲᠣᠰ ᠲᠣᠰ ᠶᠠᠷᠢᠶ᠎ᠠ ᠲᠠᠯᠪᠢᠵᠤ᠂ ᠲᠣᠭᠤᠷᠢᠭ ᠤᠨ ᠨᠠᠰᠤᠲᠠᠶᠢᠴᠤᠳ ᠤᠨ ᠪᠡᠶ᠎ᠡ ᠲᠠᠮᠢᠷ ᠤᠨ ᠨᠡᠶᠢᠭᠡᠮᠯᠢᠭ ᠪᠠᠶᠢᠭᠤᠯᠤᠭᠳᠠᠭᠰᠠᠨ ᠳᠥᠴᠢᠨ ᠵᠢᠯ ᠤᠨ ᠲᠤᠷᠰᠢᠬᠢ ᠣᠯᠤᠭᠰᠠᠨ ᠠᠮᠵᠢᠯᠲᠠ ᠪᠦᠲᠦᠮᠵᠢ ᠶᠢ ᠭᠦᠢᠴᠡᠳ ᠨᠤᠲᠠᠯᠠᠬᠤ ᠶᠢᠨ ᠬᠠᠮᠲᠤ ᠲᠣᠭᠤᠷᠢᠭ ᠤᠨ ᠨᠠᠰᠤᠲᠠᠶᠢᠴᠤᠳ ᠤᠨ ᠪᠡᠶ᠎ᠡ ᠲᠠᠮᠢᠷ ᠤᠨ ᠨᠡᠶᠢᠭᠡᠮᠯᠢᠭ ᠢ ᠬᠤᠶᠢᠰᠢᠳᠠ ᠶᠢᠨ ᠠᠵᠢᠯ ᠳᠠᠭᠠᠨ ᠳᠠᠬᠢᠨᠲᠠ ᠰᠢᠨ᠎ᠡ ᠠᠮᠵᠢᠯᠲᠠ ᠪᠦᠲᠦᠮᠵᠢ ᠣᠯᠵᠤ᠂ ᠰᠢᠨ᠎ᠡ ᠬᠠᠭᠤᠳᠠᠰᠤ ᠶᠢ ᠳᠠᠬᠢᠨ ᠪᠢᠴᠢᠭᠯᠡᠵᠦ᠂ ᠨᠠᠰᠤᠲᠠᠶᠢᠴᠤᠳ ᠤᠨ ᠪᠡᠶ᠎ᠡ ᠲᠠᠮᠢᠷ ᠰᠣᠶᠣᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠴᠢᠷᠮᠠᠶᠢᠨ ᠠᠬᠢᠭᠤᠯᠬᠤ ᠶᠢ ᠬᠦᠰᠡᠪᠡ᠃
2_副本.jpg
3_副本.jpg
4_副本.jpg
        ᠬᠤᠷᠠᠯ ᠠᠴᠠ ᠮᠠᠨ ᠤ ᠲᠤᠭᠤᠷᠢᠭ ᠤᠨ ᠨᠠᠰᠤᠲᠠᠶᠢᠴᠤᠳ ᠤᠨ ᠪᠡᠶ᠎ᠡ ᠲᠠᠮᠢᠷ ᠰᠣᠶᠣᠯ ᠤᠨ ᠦᠢᠯᠡᠰ ᠲᠤ ᠬᠤᠪᠢ ᠨᠡᠮᠡᠷᠢ ᠦᠵᠡᠭᠦᠯᠦᠭᠰᠡᠨ ᠬᠠᠮᠲᠤ ᠨᠡᠶᠢᠲᠡ ᠪᠠ ᠬᠤᠪᠢ ᠬᠥᠮᠦᠨ ᠢ ᠬᠥᠬᠢᠭᠦᠯᠦᠨ ᠰᠠᠶᠢᠰᠢᠶᠠᠵᠤ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠬᠥᠬᠢᠭᠦᠯᠦᠨ ᠰᠠᠶᠢᠰᠢᠶᠠᠭᠳᠠᠭᠰᠠᠨ ᠲᠡᠷᠢᠭᠦᠨ ᠤ ᠬᠠᠮᠲᠤ ᠨᠡᠶᠢᠲᠡ ᠪᠠ ᠬᠤᠪᠢ ᠬᠥᠮᠦᠨ ᠳᠤ ᠢᠷᠠᠭᠤ ᠠᠯᠳᠠᠷ ᠤᠨ ᠦᠨᠡᠮᠯᠡᠯ ᠣᠯᠭᠤᠪᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1