2024 ᠣᠨ ᠤ ᠶᠤᠸᠠᠨ ᠪᠦᠦ ᠱᠠᠨ ᠲᠣᠭᠤᠷᠢᠭ ᠤᠨ ᠲᠠᠸᠠᠷ ᠤᠨ ᠭᠡᠷ ᠪᠠᠶᠢᠰᠢᠩ᠂ ᠭᠡᠷ ᠤᠨ ᠬᠡᠷᠡᠭᠰᠡᠯ ᠪᠠᠷᠢᠯᠭ᠎ᠠ ᠶᠢᠨ ᠮᠠᠲ᠋ᠧᠷᠢᠶᠠᠯ ᠤᠨ ᠠᠷᠠᠯᠵᠢᠶᠠᠨ ᠤ ᠴᠤᠭᠯᠠᠭᠠᠨ ᠦᠪᠡᠳᠡᠭᠰᠢ ᠶᠡᠭᠡ ᠪᠠᠷ ᠡᠬᠢᠯᠡᠪᠡ
ᠨᠡᠶᠢᠲᠡᠯᠡᠭᠰᠡᠨ ᠴᠠᠭ᠄
2024/6/18
    6 ᠰᠠᠷ᠎ᠠ ᠶᠢᠨ 17᠎ ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠶᠤᠸᠠᠨ ᠪᠦᠦ ᠱᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠶᠤᠸᠠᠨ ᠪᠦᠦ ᠱᠠᠨ ᠲᠣᠭᠤᠷᠢᠭ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠲᠥᠪ ᠠᠴᠠ ᠳᠠᠭᠠᠭᠠᠴᠢᠯᠠᠨ ᠡᠷᠭᠢᠯᠡᠭᠰᠡᠨ ︽ᠠᠮᠤᠷ ᠵᠢᠷᠭᠠᠯᠲᠠᠢ ᠠᠮᠢᠳᠤᠷᠠᠯ ᠥᠢᠯᠡᠰ ᠤᠨ ᠪᠤᠤ ᠱᠠᠨ︾ ᠭᠡᠬᠦ ᠭᠤᠤᠯ ᠰᠡᠳᠥᠪᠲᠦ 2024 ᠣᠨ ᠤ ᠶᠤᠸᠠᠨ ᠪᠦᠦ ᠱᠠᠨ ᠲᠣᠭᠤᠷᠢᠭ ᠤᠨ ᠲᠠᠸᠠᠷ ᠤᠨ ᠬᠡᠷ ᠪᠠᠶᠢᠰᠢᠩ᠂ ᠬᠡᠷ ᠤᠨ ᠬᠡᠷᠡᠭᠰᠡᠯ ᠪᠠᠷᠢᠯᠭ᠎ᠠ ᠶᠢᠨ ᠮᠠᠲ᠋ᠧᠷᠢᠶᠠᠯ ᠤᠨ ᠠᠷᠠᠯᠵᠢᠶᠠᠨ ᠤ ᠴᠤᠭᠯᠠᠭᠠᠨ ᠨᠢ ᠫᠢᠩᠵᠤᠸᠠᠩ ᠰᠢ ᠴᠧᠩ ᠬᠤᠲᠠ ᠶᠢᠨ ᠠᠷᠠᠳ ᠤᠨ ᠠᠭᠤᠳᠠᠮ ᠲᠠᠯᠠᠪᠠᠶ ᠳᠤ ᠦᠪᠡᠳᠡᠭᠰᠢ ᠶᠡᠭᠡ ᠪᠠᠷ ᠡᠬᠢᠯᠡᠪᠡ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶᠤᠤ ᠴᠢᠩ ᠳ᠋ᠦᠩ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃
1_副本.jpg
        ᠵᠢᠶᠤᠤ ᠴᠢᠩ ᠳ᠋ᠦᠩ ᠪᠠᠶᠠᠷ ᠤᠨ ᠦᠭᠡ ᠳᠡᠭᠡᠨ᠂ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠰᠠᠭᠤᠭᠠᠯᠢ ᠠᠷᠠᠳ ᠤᠨ ᠠᠮᠤᠷ ᠲᠠᠶᠢᠪᠤᠩ ᠠᠵᠤ ᠲᠦᠷᠦᠭᠦ ᠶᠢ ᠪᠠᠲᠤᠯᠠᠬᠤ ᠶᠢ ᠲᠡᠷᠢᠭᠦᠨ ᠴᠢᠬᠤᠯᠠ ᠶᠠᠪᠤᠳᠠᠯ ᠪᠣᠯᠭᠠᠬᠤ ᠶᠢ ᠪᠠᠷᠢᠮᠲᠠᠯᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭᠠᠨ ᠤ ᠰᠢᠨ᠎ᠡ ᠬᠤᠪᠢᠷᠠᠯᠲᠠ᠂ ᠠᠷᠠᠳ ᠤᠯᠠᠨ ᠤ ᠴᠢᠨᠠᠷ ᠰᠠᠶᠢᠲᠠᠶ ᠣᠷᠣᠨ ᠰᠠᠭᠤᠴᠠ ᠶᠢᠨ ᠲᠤᠬᠠᠶ ᠰᠢᠨ᠎ᠡ ᠬᠦᠰᠡᠯ ᠡᠷᠡᠮᠡᠯᠵᠡᠯ ᠲᠠᠢ ᠤᠶᠠᠯᠳᠤᠭᠤᠯᠤᠨ᠂ ᠬᠤᠳᠠ ᠶᠢᠨ ᠰᠢᠨᠡᠴᠢᠯᠡᠯᠲᠡ ᠥᠭᠡᠷᠡᠴᠢᠯᠡᠯᠲᠡ ᠶᠢ ᠲᠦᠷᠭᠡᠳᠬᠡᠵᠦ᠂ ᠣᠷᠣᠰᠢᠨ ᠰᠠᠭᠤᠵᠤ ᠠᠵᠤ ᠲᠦᠷᠥᠬᠦ ᠳᠤ ᠲᠣᠬᠢᠷᠠᠮᠵᠢᠲᠠᠶ ᠬᠤᠲᠠ ᠶᠢ ᠪᠠᠶᠢᠭᠤᠯᠵᠤ᠂ ᠥᠷᠭᠡᠨ ᠤᠯᠠᠨ ᠬᠤᠳᠠ ᠶᠢᠨ ᠠᠷᠠᠳ ᠤᠨ ᠣᠷᠣᠨ ᠰᠠᠭᠤᠴᠠ ᠶᠢᠨ ᠬᠠᠲᠠᠭᠤ ᠬᠡᠷᠡᠭᠴᠡᠭᠡ ᠪᠣᠯᠤᠨ ᠤᠯᠠᠨ ᠶᠠᠩᠵᠤ ᠶᠢᠨ ᠰᠠᠶᠢᠵᠢᠷᠠᠯᠲᠠ ᠶᠢᠨ ᠴᠢᠨᠠᠷᠲᠠᠢ ᠬᠡᠷᠡᠭᠴᠡᠭᠡ ᠶᠢ ᠴᠢᠨᠠᠭᠰᠢᠳᠠ ᠬᠠᠩᠭᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠦᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠭᠡᠷ ᠪᠠᠶᠢᠰᠢᠩ ᠬᠤᠳᠠᠯᠳᠤᠨ ᠠᠪᠬᠤ ᠬᠡᠷᠡᠭᠴᠡᠭᠡ ᠲᠠᠢ ᠨᠤᠲᠤᠭ ᠤᠨ ᠠᠬ᠎ᠠ ᠳᠡᠭᠦᠦ ᠨᠡᠷ ᠬᠠᠨᠤᠮᠵᠢᠲᠠᠢ ᠭᠡᠷ ᠪᠠᠶᠢᠰᠢᠩ ᠬᠤᠳᠠᠯᠳᠤᠨ ᠠᠪᠴᠤ ᠳᠡᠶᠢᠯᠬᠦ ᠶᠢ ᠬᠦᠰᠡᠵᠦ ᠪᠠᠶᠢᠨ᠎ᠠ︔ ᠭᠡᠷ ᠪᠠᠶᠢᠰᠢᠩ ᠭᠠᠵᠠᠷ ᠬᠥᠷᠥᠩᠭᠡ ᠵᠢᠴᠢ ᠢᠵᠢ ᠪᠦᠷᠢᠳᠦᠭᠰᠡᠨ ᠠᠵᠤ ᠠᠬᠤᠶᠢᠯᠠᠯ ᠵᠠᠬ᠎ᠠ ᠳᠡᠯᠭᠡᠭᠦᠷ ᠤᠨ ᠬᠡᠷᠡᠭᠴᠡᠭᠡ ᠲᠠᠢ ᠵᠣᠯᠭᠠᠭᠤᠯᠵᠤ᠂ ᠨᠡᠩ ᠤᠯᠠᠨ ᠨᠡᠩ ᠰᠠᠶᠢᠨ ᠦᠢᠯᠡᠳᠬᠦᠨ ᠬᠠᠩᠭᠠᠬᠤ ᠶᠢ ᠬᠦᠰᠡᠵᠦ ᠪᠠᠶᠢᠨ᠎ᠠ︔ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠵᠠᠭᠤᠴᠢ ᠪᠠᠶᠢᠭᠤᠯᠤᠮᠵᠢ ᠵᠡᠷᠭᠡ ᠬᠠᠮᠢᠶ᠎ᠠ ᠪᠦᠬᠦᠢ ᠵᠣᠬᠢᠶᠠᠨ ᠪᠠᠶᠢᠭᠤᠯᠤᠯᠲᠠ ᠠᠴᠠ ᠨᠡᠩ ᠤᠯᠠᠨ ᠦᠢᠯᠡᠳᠬᠦᠨ ᠢ ᠨᠡᠭᠡᠭᠡᠨ ᠬᠥᠭᠵᠢᠭᠦᠯᠵᠦ᠂ ᠨᠡᠩ ᠰᠠᠶᠢᠨ ᠦᠢᠯᠡᠴᠢᠯᠡᠭᠡ ᠬᠠᠩᠭᠠᠵᠤ᠂ ᠪᠦᠬᠦ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠪᠠ ᠤᠯᠠᠨ ᠲᠦᠮᠡᠨ ᠤ ᠣᠷᠣᠨ ᠰᠠᠭᠤᠴᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃
2_副本.jpg
3_副本.jpg
4_副本.jpg
       ᠡᠬᠢᠯᠡᠯᠲᠡ ᠶᠢᠨ ᠶᠣᠰᠣᠯᠠᠯ ᠤᠨ ᠠᠬᠤᠶ ᠲᠠᠯᠠᠪᠠᠢ ᠳᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠲᠠᠯᠠᠪᠠᠶ ᠶᠢᠨ ᠪᠥᠵᠢᠭ᠂ ᠠᠮᠢᠳᠤᠯᠢᠭ ᠰᠠᠶᠢᠬᠠᠨ ᠠᠷᠰᠯᠠᠨ ᠤ ᠪᠥᠵᠢᠭ ᠤᠨ ᠲᠣᠭᠯᠠᠯᠲᠠ ᠨᠢ ᠥᠷᠭᠡᠨ ᠤᠯᠠᠨ ᠪᠦᠦ ᠱᠠᠨ ᠤ ᠰᠠᠭᠤᠭᠠᠯᠢ ᠠᠷᠠᠳ ᠤᠨ ᠠᠩᠬᠠᠷᠤᠯ ᠢ ᠲᠠᠲᠠᠵᠤ᠂ ᠬᠤᠶᠢᠨ᠎ᠠ ᠬᠤᠶᠢᠨ᠎ᠠ ᠠᠴᠠ ᠪᠠᠨ ᠭᠠᠷ ᠢᠶᠠᠨ ᠰᠤᠩᠭᠠᠨ ᠠᠷᠰᠯᠠᠨ ᠤ ᠲᠣᠭᠯᠠᠭᠴᠢ ᠲᠠᠢ ᠬᠤᠯᠪᠤᠭ᠎ᠠ ᠪᠠᠷᠢᠪᠠ᠃ ᠪᠥᠬᠦ ᠬᠤᠲᠠ ᠶᠢᠨ ᠰᠢᠭᠤᠳ ᠨᠡᠪᠲᠡᠷᠡᠭᠦᠯᠭᠡ ᠨᠢ ᠠᠬᠤᠶ ᠲᠠᠯᠠᠪᠠᠶ ᠶᠢᠨ ᠠᠭᠤᠷ ᠠᠮᠢᠰᠬᠤᠯ ᠢ ᠣᠷᠭᠢᠯ ᠳᠤ ᠬᠦᠷᠭᠡᠪᠡ᠃    ᠣᠶᠢᠯᠠᠭᠠᠭᠰᠠᠨ ᠢᠶᠠᠷ᠂ ᠲᠣᠰ ᠤᠳᠠᠭᠠᠨ ᠤ ᠬᠡᠷ ᠪᠠᠶᠢᠰᠢᠩ ᠤᠨ ᠠᠷᠠᠯᠵᠢᠶᠠᠨ ᠤ ᠴᠤᠭᠯᠠᠭᠠᠨ 7 ᠡᠳᠦᠷ ᠶᠠᠪᠤᠭᠳᠠᠵᠤ᠂ ᠦᠵᠡᠰᠬᠦᠯᠡᠩ ᠳᠤ ᠣᠷᠤᠯᠴᠠᠬᠤ ᠬᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ 5 ︵ᠯᠢᠩ ᠬᠠᠩ ᠭᠠᠵᠠᠷ ᠬᠥᠷᠥᠩᠭᠡ᠂ ᠬᠤᠶ ᠶᠤᠸᠠᠨ ᡁᠢ ᠶᠧ᠂ ᠯᠢᠥᠢ ᠵᠸᠥ ᡁᠢ ᠶᠧ᠂ ᠬᠤᠸᠠᠨ ᠴᠧᠩ ᠭᠠᠵᠠᠷ ᠬᠥᠷᠥᠩᠭᠡ᠂ ᠶᠤᠸᠠᠨ ᠬᠤᠤ ᠭᠠᠵᠠᠷ ᠬᠥᠷᠥᠩᠭᠡ︶ ᠪᠠᠶᠢᠵᠤ᠂ ᠬᠡᠷ ᠪᠠᠶᠢᠰᠢᠩ ᠤᠨ ᠢᠷᠡᠯᠲᠡ ᠶᠢ 2684 ᠢᠵᠢ ᠰᠤᠯᠠᠯᠠᠨ᠎ᠠ︔ ᠵᠠᠭᠤᠴᠢ ᠪᠠᠶᠢᠭᠤᠯᠤᠮᠵᠢ 12 ᠪᠠᠶᠢᠵᠤ᠂ 150 ᠢᠵᠢ ᠬᠠᠭᠤᠴᠢᠨ ᠬᠡᠷ ᠪᠠᠶᠢᠰᠢᠩ ᠬᠠᠩᠭᠠᠨ᠎ᠠ᠃ ᠲᠣᠭᠤᠷᠢᠭ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠪ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠡᠵᠡᠩᠨᠡᠯᠲᠡ ᠶᠢᠨ ᠭᠠᠵᠠᠷ ᠪᠠ ᠲᠣᠭᠤᠷᠢᠭ ᠤᠨ ᠳᠣᠲᠣᠷᠠᠬᠢ ᠪᠠᠩᠬᠢ ᠶᠢᠨ ᠪᠠᠶᠢᠭᠤᠯᠤᠮᠵᠢ ᠨᠤᠭᠤᠳ ᠲᠥᠷᠥ ᠶᠢᠨ ᠪᠣᠳᠣᠯᠭ᠎ᠠ ᠶᠢᠨ ᠯᠠᠪᠯᠠᠭ᠎ᠠ᠂ ᠲᠤᠬᠠᠶᠢᠯᠠᠭᠰᠠᠨ ᠠᠵᠢᠯ ᠤᠨ ᠦᠢᠯᠡᠴᠢᠯᠡᠭᠡ ᠶᠢ ᠢᠵᠢ ᠪᠦᠷᠢᠳᠦᠭᠦᠯᠦᠨ ᠬᠠᠩᠭᠠᠨ᠎ᠠ᠃ 7 ᠬᠤᠳᠠᠯᠳᠤᠭᠠᠨ ᠤ ᠪᠠᠩᠬᠢ ᠵᠢᠴᠢ 30 ᠭᠠᠷᠤᠶ ᠬᠡᠷ ᠤᠨ ᠡᠳ᠋ᠯᠡᠯ ᠬᠡᠷᠡᠭᠰᠡᠯ᠂ ᠪᠠᠷᠢᠯᠭ᠎ᠠ ᠶᠢᠨ ᠮᠠᠲ᠋ᠧᠷᠢᠶᠠᠯ᠂ ᠬᠡᠷ ᠤᠨ ᠴᠢᠮᠡᠭᠯᠡᠯ᠂ ᠬᠡᠷ ᠤᠨ ᠴᠠᠬᠢᠯᠭᠠᠨ ᠬᠡᠷᠡᠭᠰᠡᠯ ᠤᠨ ᠠᠵᠤ ᠠᠬᠤᠶᠢᠯᠠᠯ ᠵᠡᠷᠭᠡ ᠪᠠᠷ ᠦᠵᠡᠰᠬᠦᠯᠡᠩ ᠳᠤ ᠣᠷᠤᠯᠴᠠᠬᠤ ᠪᠥᠭᠡᠳ ᠥᠢᠯᠡᠳᠬᠦᠨ ᠤ ᠬᠠᠷᠠᠭᠠᠯᠵᠠᠯ ᠦᠵᠡᠭᠦᠯᠦᠨ ᠪᠣᠷᠣᠯᠠᠭᠤᠯᠭ᠎ᠠ ᠶᠢ ᠠᠬᠢᠭᠤᠯᠵᠤ᠂ ᠨᠠᠷᠢᠯᠢᠭ ᠰᠠᠶᠢᠬᠠᠨ ᠪᠡᠯᠡᠭ ᠬᠥᠷᠭᠡᠨ᠎ᠡ᠃ ᠡᠭᠦᠨ ᠠᠴᠠ ᠭᠠᠳᠠᠨ᠎ᠠ᠂ ᠲᠣᠰ ᠤᠳᠠᠭᠠᠨ ᠤ ᠬᠤᠷᠠᠯ ᠦᠵᠡᠰᠬᠦᠯᠡᠩ ᠳᠤ ᠪᠠᠰᠠ ︽ᠭᠠᠵᠠᠷ ᠬᠥᠷᠥᠩᠭᠡ ᠶᠢᠨ ᠨᠠᠶᠢᠷ ᠴᠡᠩᠭᠡᠯ᠂ ᠪᠠᠶᠠᠷ ᠬᠥᠷ ᠲᠠᠢ ᠬᠤᠳᠠᠯᠳᠤᠨ ᠠᠪᠬᠤ︾ ᠭᠡᠬᠦ ᠭᠤᠤᠯ ᠰᠡᠳᠥᠪᠲᠥ ᠰᠢᠷᠢᠰ ᠬᠡᠷᠡᠭᠯᠡᠭᠡ ᠶᠢ ᠠᠬᠢᠭᠤᠯᠬᠤ ᠬᠥᠳᠡᠯᠭᠡᠭᠡᠨ ᠵᠢᠴᠢ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠣᠯᠠᠨ ᠲᠦᠮᠡᠨᠴᠢ ᠴᠢᠨᠠᠷᠲᠠᠶ ᠰᠣᠶᠣᠯ ᠤᠨ ᠬᠡᠷ ᠤᠨ ᠭᠠᠳᠠᠨᠠᠬᠢ ᠰᠡᠯᠡᠭᠦᠴᠡᠯ ᠤᠨ ᠬᠥᠳᠡᠯᠭᠡᠭᠡᠨ ᠢ ᠵᠡᠷᠭᠡ ᠪᠠᠷ ᠥᠷᠨᠢᠭᠦᠯᠵᠦ᠂ ᠠᠭᠤᠯᠭ᠎ᠠ ᠪᠠᠶᠠᠯᠢᠭ ᠭᠤᠶᠢᠳᠠ ᠰᠠᠶᠢᠬᠠᠨ ᠶᠠᠪᠤᠭᠳᠠᠬᠤ ᠪᠣᠯᠤᠨ᠎ᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1