ᠼᠤᠤ ᡁᠢ ᠶᠦᠩ ᠶᠢᠰᠦᠳᠦᠭᠡᠷ ᠬᠤᠭᠤᠴᠠᠭᠠᠨ ᠤ ᠲᠤᠭᠤᠷᠢᠭ ᠤᠨ ᠨᠠᠮ ᠤᠨ ᠬᠤᠷᠢᠶᠠᠨ ᠤ 100 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/19
    6 ᠰᠠᠷ᠎ᠠ ᠶᠢᠨ 18᠎ ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠶᠢᠰᠦᠳᠦᠭᠡᠷ ᠬᠤᠭᠤᠴᠠᠭᠠᠨ ᠤ ᠲᠤᠭᠤᠷᠢᠭ ᠤᠨ ᠨᠠᠮ ᠤᠨ ᠬᠤᠷᠢᠶᠠᠨ ᠤ 100 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠯᠢᠦ ᠬᠠᠢ ᠶᠠᠩ᠂ ᠵᠦ ᠬᠤᠩ ᠲᠥ᠋ ᠂ ᠯᠢ ᠰᠢᠨ ᠢᠦᠢ᠂ ᠸᠠᠩ ᠶᠠᠨ ᠪᠥᠸᠧ᠂ ᠯᠢ ᡁᠢ ᠭᠠᠩ᠂ ᠵᠠᠩ ᠯᠢ ᠲᠤᠤ ᠬᠤᠷᠠᠯ ᠳᠤ ᠣᠷᠣᠯᠴᠠᠪᠠ᠃ ᠲᠣᠭᠤᠷᠢᠭ ᠤᠨ ᠤᠳᠤᠷᠢᠳᠤᠯᠭ᠎ᠠ ᠯᠢ ᠽᠦᠩ ᠮᠧᠩ᠂ ᠯᠢ ᠸᠧᠢ᠂ ᠦ᠋ ᠰᠢᠤ ᠮᠢᠩ᠂ ᠹᠠᠨ ᠰᠢᠶᠤᠤ ᠴᠢᠦ ᠵᠢᠴᠢ ᠬᠠᠮᠢᠶ᠎ᠠ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ 5 ᠰᠠᠷ᠎ᠠ ᠶᠢᠨ 27᠎ ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ︽ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠲᠤᠬᠠᠶ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠮᠡᠳᠡᠭᠳᠡᠯ︾᠎ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠪᠦᠬᠦ ᠲᠣᠭᠤᠷᠢᠭ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠪᠦᠬᠦ ᠲᠣᠭᠤᠷᠢᠭ ᠳᠠᠶᠠᠭᠠᠷ ᠨᠠᠮ ᠤᠨ ᠲᠥᠪ ᠬᠤᠷᠢᠶᠠᠨ ᠤ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠭᠦᠨᠵᠡᠭᠡᠶᠢᠷᠡᠭᠦᠯᠬᠦ ᠲᠤᠬᠠᠢ ᠪᠠᠶᠢᠯᠳᠤᠬᠤ ᠪᠤᠳᠤᠯᠭ᠎ᠠ ᠶᠢᠨ ᠪᠣᠳᠣᠯᠬᠢᠯᠠᠯ ᠢ ᠭᠦᠨᠵᠡᠭᠡᠢ ᠣᠶᠢᠯᠠᠭᠠᠵᠤ᠂ ᠮᠠᠨ ᠤ ᠲᠣᠭᠤᠷᠢᠭ ᠤᠨ ᠣᠷᠣᠨ ᠪᠠᠶᠢᠷᠢ ᠶᠢᠨ ᠳᠠᠪᠠᠭᠤᠯᠢᠭ ᠪᠣᠯᠤᠨ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠵᠤ᠂ ᠳᠤᠮᠳᠠ ᠵᠡᠭᠦᠨ ᠬᠡᠰᠡᠭ ᠤᠨ ᠭᠠᠵᠠᠷ ᠣᠷᠣᠨ ᠯᠤᠭ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠪᠠ ᠦᠢᠯᠡᠴᠢᠯᠡᠬᠦ ᠳᠤ ᠨᠡᠩ ᠶᠡᠭᠡ ᠦᠢᠯᠡᠳᠦᠯ ᠦᠵᠡᠭᠦᠯᠬᠦ ᠬᠡᠷᠡᠭᠲᠡᠢ᠃ ︽ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠠᠷᠢᠭᠤᠴᠠᠯᠭ᠎ᠠ ᠨᠡᠬᠡᠮᠵᠢᠯᠡᠬᠦ ᠲᠣᠭᠲᠠᠭᠠᠯ ︵ᠲᠤᠷᠰᠢᠨ ᠬᠡᠷᠡᠭᠵᠢᠭᠦᠯᠬᠦ︶︾᠎ ᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠢᠴᠢ ᠥᠷᠢ ᠥᠭᠴᠡᠭᠡ ᠶᠢ ᠠᠷᠢᠯᠭᠠᠬᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠶᠤᠯ ᠲᠦᠭᠰᠢᠭᠦᠷᠢ ᠶᠢ ᠰᠢᠢᠳᠪᠦᠷᠢᠯᠡᠬᠦ ᠠᠵᠢᠯ ᠢ ᠨᠢᠭᠲᠠ ᠠᠩᠬᠠᠷᠴᠤ ᠂ ᠰᠢᠰᠲ᠋ᠧᠮ ᠤᠨ ᠴᠢᠨᠠᠷᠲᠠᠶ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠳᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠳᠡᠭᠡᠳᠦ ᠱᠠᠲᠤᠨ ᠤ ᠱᠠᠭᠠᠷᠳᠠᠯᠭ᠎ᠠ ᠲᠠᠢ ᠬᠠᠷᠢᠴᠠᠭᠤᠯᠤᠨ ᠮᠠᠨ ᠤ ᠲᠣᠭᠤᠷᠢᠭ ᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠰᠤᠳᠤᠯᠵᠤ᠂ ᠭᠠᠷᠳᠠᠨ ᠬᠢᠬᠦ ᠴᠡᠭ ᠪᠠ ᠤᠶᠠᠯᠳᠤᠯ ᠤᠨ ᠴᠡᠭ ᠢ ᠣᠨᠣᠪᠴᠢᠲᠠᠶ ᠡᠷᠢᠨ ᠣᠯᠵᠤ᠂ ᠨᠡᠩ ᠣᠯᠠᠨ ᠬᠦᠷᠢᠶ᠎ᠡ ᠴᠠᠷᠠᠭ᠎ᠠ᠂ ᠨᠡᠩ ᠭᠦᠨ ᠳᠡᠰ ᠳᠠᠪᠬᠤᠷᠭ᠎ᠠ ᠳᠤ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠳᠤ ᠠᠭᠤᠰᠤᠯᠴᠠᠨ ᠣᠷᠤᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠵᠠᠢ᠃    ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠬᠠᠷᠠᠯᠲᠠ ᠡᠭᠦᠷᠭᠡ ᠪᠣᠯᠤᠨ ᠴᠠᠭ ᠤᠨ ᠳᠠᠷᠠᠭᠠᠯᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠪᠣᠳᠠᠲᠠᠢ ᠠᠳᠬᠤᠵᠤ᠂ ᠡᠯ᠎ᠡ ᠭᠤᠭᠴᠤᠭᠠᠨ ᠤ ᠰᠤᠷᠤᠯᠴᠠᠬᠤ ᠡᠭᠦᠷᠭᠡ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠵᠢᠴᠢ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠵᠡᠷᠭᠡ ᠠᠵᠢᠯ ᠢ ᠨᠢᠭᠡ ᠴᠤᠬᠴᠠᠵᠢᠭᠤᠯᠤᠨ ᠠᠬᠢᠭᠤᠯᠵᠤ᠂ ᠲᠤᠰᠬᠠᠢ ᠴᠡᠭᠴᠡᠯᠡᠨ ᠵᠠᠰᠠᠬᠤ ᠠᠵᠢᠯ ᠢ ᠭᠦᠨᠵᠡᠭᠡᠶᠢᠷᠡᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠪᠣᠳᠠᠲᠠᠢ ᠠᠳᠬᠤᠵᠤ᠂ ᠠᠰᠠᠭᠤᠳᠠᠯ ᠢ ᠣᠨᠣᠪᠴᠢᠲᠠᠢ ᠡᠷᠢᠵᠦ᠂ ᠨᠠᠷᠢᠨ ᠲᠠᠩᠰᠠ ᠶᠢ ᠰᠠᠶᠢᠲᠤᠷ ᠵᠢᠭᠰᠠᠭᠠᠵᠤ᠂ ᠠᠷᠭ᠎ᠠ ᠬᠡᠮᠵᠢᠶ᠎ᠡ ᠶᠢ ᠪᠣᠳᠠᠲᠠᠢ ᠲᠣᠭᠲᠠᠭᠠᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ᠂ ᠲᠦᠷᠢᠮ ᠢ ᠪᠦᠷᠢᠨᠰᠢᠬᠦᠯᠬᠦ᠂ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1