ᠵᠠᠩ ᡁᠢ ᠸᠧᠶ ᠪᠦᠯᠬᠦᠮ ᠳᠠᠭᠠᠭᠤᠯᠤᠨ ᠪᠡᠭᠡᠵᠢᠩ ᠬᠤᠲᠠ ᠳᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/3
    5 ᠰᠠᠷ᠎ᠠ ᠶᠢᠨ 28᠎ ᠤ ᠡᠳᠦᠷ ᠠᠴᠠ 31᠎ ᠤ ᠡᠳᠦᠷ ᠪᠣᠯᠲᠠᠯ᠎ᠠ᠂ ᠶᠤᠸᠠᠨ ᠪᠦᠦ ᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠶ ᠪᠦᠯᠬᠦᠮ ᠳᠠᠭᠠᠭᠤᠯᠤᠨ ᠪᠡᠭᠡᠵᠢᠩ ᠬᠤᠲᠠ ᠳᠤ ᠬᠦᠷᠴᠦ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯᠯᠠᠭ᠎ᠠ ᠥᠷᠨᠢᠭᠦᠯᠪᠡ᠃
1_副本.jpg
        ᠵᠥᠩ ᠽᠢ ᠬᠥᠷᠥᠩᠭᠡ ᠶᠢᠨ ᠬᠢᠵᠠᠭᠠᠷᠲᠤ ᠺᠣᠮᠫᠠᠨᠢ᠂ ᠪᠡᠭᠡᠵᠢᠩ ᠤᠨ ᡁᠢ ᠵᠧᠨ ᠢ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠳᠤ᠂ ᠵᠠᠩ ᡁᠢ ᠸᠧᠶ ᠠᠵᠤ ᠠᠬᠤᠶᠢᠯᠠᠯ ᠤᠨ ᠬᠥᠭᠵᠢᠯᠲᠡ ᠶᠢᠨ ᠣᠳᠣᠬᠢ ᠪᠠᠶᠢᠳᠠᠯ᠂ ᠠᠯᠤᠰ ᠬᠡᠲᠦ ᠶᠢᠨ ᠲᠥᠯᠥᠪᠵᠢᠭᠦᠯᠭᠡ ᠪᠠ ᠪᠠᠯᠠ ᠣᠷᠣᠭᠤᠯᠤᠯᠲᠠ ᠶᠢᠨ ᠰᠠᠨᠠᠮᠵᠢ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯᠲᠠᠨ ᠳᠤ ᠶᠤᠸᠠᠨ ᠪᠦᠦ ᠱᠠᠨ ᠲᠣᠭᠤᠷᠢᠭ ᠤᠨ ᠪᠠᠶᠢᠳᠠᠯ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ᠂ ᠬᠤᠳᠠᠯᠳᠤᠭᠠᠴᠢᠨ ᠤᠷᠢᠬᠤ ᠲᠥᠷᠥ ᠶᠢᠨ ᠪᠣᠳᠣᠯᠭ᠎ᠠ ᠵᠡᠷᠭᠡ ᠶᠢ ᠭᠦᠢᠴᠡᠳ ᠲᠠᠨᠢᠯᠴᠠᠭᠤᠯᠪᠠ᠃ ᠵᠠᠩ ᡁᠢ ᠸᠧᠢ᠂ ᠶᠤᠸᠠᠨ ᠪᠤᠤ ᠱᠠᠨ ᠲᠤᠭᠤᠷᠢᠭ ᠪᠣᠯ ᠪᠡᠯᠡ ᠣᠷᠣᠭᠤᠯᠤᠯᠲᠠ ᠶᠢᠨ ᠥᠩ ᠰᠢᠮᠡᠯᠢᠭ ᠬᠠᠯᠠᠭᠤᠨ ᠬᠥᠷᠥᠰᠥ ᠮᠥᠨ᠂ ᠨᠡᠭᠡᠭᠡᠯᠲᠡᠲᠦ ᠬᠥᠭᠵᠢᠯᠲᠡ ᠶᠢᠨ ᠡᠭᠦᠳᠡ ᠪᠠᠨ ᠨᠡᠭᠡᠭᠡᠵᠦ᠂ ᠡᠯ᠎ᠡ ᠠᠵᠤ ᠠᠬᠤᠶᠢᠯᠠᠯᠲᠠᠨ ᠤ ᠶᠤᠸᠠᠨ ᠪᠣᠥ ᠱᠠᠨ ᠳᠤ ᠢᠷᠡᠵᠦ ᠰᠢᠨᠵᠢᠯᠡᠨ ᠪᠠᠶᠢᠴᠠᠭᠠᠵᠤ ᠵᠣᠯᠭᠠᠭᠤᠯᠬᠤ ᠶᠢ ᠴᠠᠭ ᠢᠮᠠᠭᠲᠠ ᠪᠠᠶᠠᠷᠯᠠᠨ ᠤᠭᠲᠤᠵᠤ ᠪᠠᠶᠢᠨ᠎ᠠ ᠭᠡᠵᠦ ᠢᠯᠡᠳᠬᠡᠪᠡ᠃ ᠵᠠᠰᠠᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠰᠲ᠋ᠣᠺ ᠤᠨ ᠡᠷᠬᠡ ᠶᠢᠨ ᠪᠠᠯᠠ ᠣᠷᠣᠭᠤᠯᠤᠯᠲᠠ᠂ ᠲᠣᠮᠣ ᠳ᠋ᠠᠶᠢᠲ᠋ᠠ ᠶᠢᠨ ᠪᠤᠳᠤᠬᠤ ᠬᠦᠴᠦᠨ ᠤ ᠲᠥᠪ ᠵᠡᠷᠭᠡ ᠬᠦᠷᠢᠶᠡᠨ ᠳᠤ ᠠᠩᠬ᠎ᠠ ᠠᠯᠬᠤᠮ ᠬᠠᠮᠲᠤᠷᠠᠯᠴᠠᠭᠠᠨ ᠤ ᠰᠠᠨᠠᠮᠵᠢ ᠲᠣᠭᠲᠠᠪᠠ᠃
2_副本.jpg
        ᠪᠡᠭᠡᠵᠢᠩ ᠤᠨ ᠬᠢᠮᠢ ᠶᠢᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠳᠤ᠂ ᠵᠠᠩ ᡁᠢ ᠸᠧᠢ ᠨᠠᠷ ᠪᠡᠭᠡᠵᠢᠩ ᠤᠨ ᠢᠦᠢ ᠴᠧᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠶᠠᠷᠢᠯᠴᠠᠭ᠎ᠠ ᠥᠷᠨᠢᠭᠦᠯᠥᠨ ᠰᠠᠨᠠᠯ ᠢᠶᠠᠨ ᠰᠣᠯᠢᠯᠴᠠᠪᠠ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠴᠠ ᠲᠤᠰ ᠠᠵᠤ ᠠᠬᠤᠶᠢᠯᠠᠯ ᠤᠨ ᠰᠢᠨ᠎ᠡ ᠡᠨᠧᠷᠭᠢ ᠶᠢᠨ ᠳ᠋ᠢᠶᠠᠨ ᡂᠢ ᠵᠡᠷᠭᠡ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠵᠢᠴᠢ ᠬᠠᠮᠤᠭ ᠤᠨ ᠰᠢᠨ᠎ᠡ ᠰᠤᠳᠤᠯᠤᠨ ᠨᠡᠭᠡᠭᠡᠭᠰᠡᠨ ᠦᠷ᠎ᠡ ᠪᠦᠲᠦᠭᠡᠯ ᠢᠶᠠᠨ ᠲᠠᠨᠢᠯᠴᠠᠭᠤᠯᠬᠤ ᠶᠢᠨ ᠬᠠᠮᠲᠤ᠂ ᠬᠤᠶᠠᠷ ᠲᠠᠯ᠎ᠠ ᠪᠠᠷ ᠢᠶᠠᠨ ᠶᠤᠸᠠᠨ ᠪᠦᠦ ᠱᠠᠨ ᠲᠣᠭᠤᠷᠢᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠲᠠᠯᠠᠪᠤᠷ ᠤᠨ ᠬᠡᠷᠡᠭᠯᠡᠯᠲᠡ᠂ ᠬᠥᠭᠵᠢᠯᠲᠡ ᠶᠢᠨ ᠢᠷᠡᠭᠡᠳᠦᠢ ᠪᠣᠯᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠨ ᠶᠠᠷᠢᠯᠴᠠᠪᠠ᠃ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠠᠯᠢ ᠲᠦᠷᠭᠡᠨ ᠢᠶᠠᠷ ᠶᠤᠸᠠᠨ ᠪᠦᠦ ᠱᠠᠨ ᠲᠣᠭᠤᠷᠢᠭ ᠲᠤ ᠲᠤᠬᠠᠶ ᠶᠢᠨ ᠭᠠᠵᠠᠷ ᠲᠤ ᠨᠢ ᠰᠢᠨᠵᠢᠯᠡᠨ ᠪᠠᠶᠢᠴᠠᠭᠠᠯᠲᠠ ᠬᠢᠵᠦ᠂ ᠳ᠋ᠢᠶᠠᠨ ᡂᠢ ᠶᠢᠨ ᠪᠦᠷᠬᠦᠭᠦᠯ ᠤᠨ ᠲᠥᠷᠥᠯ ᠵᠦᠢᠯ ᠢ ᠲᠦᠷᠭᠡᠬᠡᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ ᠭᠡᠵᠦ ᠢᠯᠡᠳᠬᠡᠪᠡ᠃
3_副本.jpg
        ᠪᠡᠭᠡᠵᠢᠩ ᠤᠨ ᠵᠢᠦᠢ ᡁᠢ ᠾᠧ ᠵᠦᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ᠂ ᠵᠠᠩ ᡁᠢ ᠸᠧᠢ ᠨᠠᠷ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠤᠰᠤᠲᠥ᠋ᠷᠥᠭᠴᠢ ᠬᠡᠢ ᠰᠠᠪᠠᠯᠠᠭᠰᠠᠨ ᠰᠢᠲᠠᠮᠠᠬᠠᠢ ᠡᠳ᠋ ᠤᠨ ᠳ᠋ᠢᠶᠠᠨ ᡂᠢ ᠶᠢᠨ ᠲᠦᠷᠦᠯ ᠵᠦᠢᠯ ᠤᠨ ᠲᠤᠬᠠᠢ ᠶᠠᠷᠢᠯᠴᠠᠪᠠ᠃ ᠵᠠᠩ ᡁᠢ ᠸᠧᠢ᠂ ᠤᠰᠤᠲᠥ᠋ᠷᠥᠭᠴᠢ ᠬᠡᠢ ᠶᠢᠨ ᠰᠢᠲᠠᠮᠠᠬᠠᠢ ᠡᠳ᠋ ᠤᠨ ᠳ᠋ᠢᠶᠠᠨ ᡂᠢ ᠪᠣᠯ ᠬᠤᠰᠢᠭᠤᠴᠢ ᠰᠢᠨᠵᠢᠯᠡᠬᠦ ᠤᠬᠠᠭᠠᠨ ᠮᠡᠷᠭᠡᠵᠢᠯ ᠵᠢᠴᠢ ᠢᠷᠡᠭᠡᠳᠦᠢ ᠶᠢᠨ ᠰᠢᠨ᠎ᠡ ᠡᠨᠧᠷᠭᠢ ᠶᠢᠨ ᠬᠥᠭᠵᠢᠯᠲᠡ ᠶᠢᠨ ᠬᠠᠨᠳᠤᠰᠢ ᠶᠢᠨ ᠨᠢᠭᠡ ᠪᠣᠯᠤᠨ᠎ᠠ᠂ ᠶᠤᠸᠠᠨ ᠪᠦᠦ ᠱᠠᠨ ᠲᠣᠭᠤᠷᠢᠭ ᠰᠢᠨ᠎ᠡ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢ ᠲᠥᠯᠬᠢᠨ ᠠᠬᠢᠭᠤᠯᠬᠤ ᠨᠢ ᠡᠷᠡᠰ ᠭᠤᠶᠢᠪᠢᠰᠢ ᠦᠭᠡᠢ ᠶᠤᠮ᠂ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠲᠦᠷᠦᠯ ᠵᠦᠢᠯ ᠯᠠᠪᠲᠠᠢ ᠶᠤᠸᠠᠨ ᠪᠦᠦ ᠱᠠᠨ ᠲᠣᠭᠤᠷᠢᠭ ᠲᠤ ᠲᠦᠷᠭᠡᠨ ᠨᠠᠶᠢᠳᠠᠪᠤᠷᠢᠵᠢᠬᠤ ᠶᠢ ᠢᠲᠡᠭᠡᠵᠦ ᠪᠠᠶᠢᠨ᠎ᠠ ᠭᠡᠵᠦ ᠢᠯᠡᠳᠬᠡᠪᠡ᠃
4_副本.jpg
        ᠶᠤᠸᠠᠢ ᠺᠠᠩ ᠡᠮ ᠤᠨ ᠦᠢᠯᠡᠰ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ᠂ ᠵᠠᠩ ᡁᠢ ᠸᠧᠢ ᠨᠠᠷ ᠠᠵᠤ ᠠᠬᠤᠶᠢᠯᠠᠯ ᠤᠨ ᠦᠢᠯᠡᠳᠪᠦᠷᠢ ᠶᠢᠨ ᠲᠣᠭᠤᠷᠢᠭ ᠤᠨ ᠦᠢᠯᠡᠳᠪᠦᠷᠢ ᠶᠢᠨ ᠭᠡᠷ ᠪᠠᠶᠢᠰᠢᠩ᠂ ᠰᠤᠳᠤᠯᠤᠨ ᠨᠡᠭᠡᠭᠡᠬᠦ ᠲᠤᠷᠰᠢᠯᠲᠠ ᠶᠢᠨ ᠲᠠᠰᠤᠭ ᠵᠡᠷᠭᠡ ᠶᠢ ᠲᠣᠭᠤᠷᠢᠨ ᠦᠵᠡᠪᠡ᠃ ᠵᠠᠩ ᡁᠢ ᠸᠧᠢ᠂ ᠠᠮᠢᠳᠤ ᠪᠣᠳᠠᠰ ᠤᠨ ᠡᠮ ᠡᠮᠨᠡᠯᠭᠡ ᠪᠣᠯ ᠶᠤᠸᠠᠨ ᠪᠦᠦ ᠱᠠᠨ ᠲᠣᠭᠤᠷᠢᠭ ᠤᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶᠡᠨ ᠤ ᠨᠢᠭᠡ ᠪᠣᠯᠤᠨ᠎ᠠ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠥᠮᠦᠵᠢᠭᠦᠯᠦᠨ ᠣᠷᠤᠭᠤᠯᠵᠤ᠂ ᠥᠪᠥᠷ ᠮᠣᠩᠭᠤᠯ ᠤᠨ ᠵᠡᠭᠦᠨ ᠬᠡᠰᠡᠭ ᠤᠨ ᠳᠡᠭᠡᠳᠦ ᠲᠡᠰ ᠤᠨ ᠡᠮ ᠡᠮᠨᠡᠯᠭᠡ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠬᠤ ᠪᠣᠯ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠵᠠᠶᠢᠯᠠᠰᠢ ᠦᠭᠡᠢ ᠶᠠᠪᠤᠬᠤ ᠵᠠᠮ ᠪᠣᠯᠤᠨ᠎ᠠ᠂ ᠶᠤᠸᠠᠨ ᠪᠦᠦ ᠱᠠᠨ ᠲᠣᠭᠤᠷᠢᠭ ᠤᠨ ᠨᠠᠮ ᠤᠨ ᠬᠤᠷᠢᠶ᠎ᠠ ᠂ ᠲᠣᠭᠤᠷᠢᠭ ᠤᠨ ᠵᠠᠰᠠᠭ ᠤᠨ ᠣᠷᠳᠣᠨ ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠳᠤ ᠰᠠᠶᠢᠲᠤᠷ ᠦᠢᠯᠡᠴᠢᠯᠡᠵᠦ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠠᠵᠤ ᠠᠬᠤᠶᠢᠯᠠᠯ ᠢ ᠬᠠᠮᠠᠭᠠᠯᠠᠨ᠎ᠠ ᠭᠡᠵᠦ ᠢᠯᠡᠳᠬᠡᠪᠡ᠃    ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ᠂ ᠶᠤᠸᠠᠨ ᠪᠦᠦ ᠱᠠᠨ ᠤ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠬᠡᠷ ᠤᠨ ᠡᠷᠬᠢᠯᠡᠭᠴᠢ ᠯᠢ ᠸᠧᠶ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠬᠡᠷ ᠵᠡᠷᠭᠡ ᠬᠠᠮᠢᠶ᠎ᠠ ᠪᠥᠬᠦᠶ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠰᠢᠨᠵᠢᠯᠡᠨ ᠪᠠᠶᠢᠴᠠᠭᠠᠪᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1